2024 ᠣᠨ ᠳᠤ ᠭᠦᠭᠡᠬᠤᠲᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠥᠷᠲᠡᠭ 226.7 ᠳ᠋ᠦᠩᠰᠢᠭᠤᠷ ᠲᠥᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2025/2/25
      2024 ᠣᠨ ᠳᠤ᠂ ᠭᠦᠭᠡᠬᠤᠲᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠥᠷᠲᠡᠭ 226.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠵᠠᠭᠤᠨ ᠤ ᠬᠠᠷᠢᠴᠠᠯ ᠢᠶᠠᠷ ᠥᠪᠡᠷᠲᠡᠭᠡᠨ ᠵᠠᠰᠠᠬᠤ ᠣᠷᠣᠨ ᠤ  ᠬᠢ ᠠᠴᠠ 11.5 ᠬᠤᠪᠢ ᠥᠨᠳᠥᠷ ᠪᠠᠶᠢᠵᠤ᠂ 10.9% ᠶᠢ ᠡᠵᠡᠯᠡᠪᠡ᠃ ᠡᠭᠦᠨ ᠳᠤ ᠭᠠᠳᠠᠭᠠᠳᠤ ᠣᠷᠣᠭᠤᠯᠤᠯᠲᠠ ᠶᠢᠨ ᠠᠷᠠᠯᠵᠢᠶᠠᠨ ᠤ ᠥᠷᠲᠡᠭ 98.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 31.3% ᠪᠠᠷ ᠨᠡᠮᠡᠭᠳᠡᠪᠡ;ᠭᠠᠳᠠᠭᠠᠳᠤ ᠭᠠᠷᠭᠠᠯᠲᠠ ᠶᠢᠨ ᠠᠷᠠᠯᠵᠢᠶᠠᠨ ᠤ ᠥᠷᠲᠡᠭ 127.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠵᠦ᠂ ᠠᠷᠠᠯᠵᠢᠶᠠᠨ ᠤ  ᠡᠶᠡᠷᠭᠦ  ᠵᠥᠷᠢᠶ᠎ᠡ ᠶᠢ 29.1 ᠳ᠋ᠦᠩᠰᠢᠭᠤᠷ  ᠲᠥᠭᠦᠷᠢᠭ  ᠪᠡᠶᠡᠯᠡᠭᠦᠯᠪᠡ᠃            2024 ᠣᠨ ᠳᠤ ᠭᠦᠭᠡᠬᠤᠲᠠ ᠶᠢᠨ ᠭᠠᠳᠠᠭᠠᠳᠤ ᠠᠴᠠ ᠣᠷᠣᠭᠤᠯᠤᠭᠰᠠᠨ ᠭᠤᠣᠯ ᠲᠠᠸᠠᠷ ᠨᠢ ᠪᠣᠯᠪᠠᠰᠤᠷᠠᠭᠤᠯᠤᠭᠰᠠᠨ ᠲᠣᠰᠣ᠂ ᠲᠠᠷᠢᠶᠠᠯᠠᠩ ᠤᠨ ᠪᠦᠲᠦᠭᠡᠭᠳᠡᠬᠦᠨ᠂ ᠢᠳᠡᠭᠡᠨ ᠤ ᠵᠦᠢᠯ ᠵᠡᠷᠭᠡ ᠪᠠᠭᠲᠠᠵᠤ᠂ ᠭᠠᠳᠠᠭᠠᠳᠤ ᠠᠴᠠ ᠣᠷᠣᠭᠤᠯᠤᠭᠰᠠᠨ ᠥᠷᠲᠡᠭ ᠨᠢ ᠲᠣᠰ ᠲᠣᠰ 35.1 ᠳ᠋ᠦᠩᠰᠢᠭᠤᠷ ᠲᠥᠭᠦᠷᠢᠭ᠂ 24.7 ᠳ᠋ᠦᠩᠰᠢᠭᠤᠷ ᠲᠥᠭᠦᠷᠢᠭ᠂ 16.2 ᠳ᠋ᠦᠩᠰᠢᠭᠤᠷ ᠲᠥᠭᠦᠷᠢᠭ ᠲᠤ ᠬᠦᠷᠴᠦ ᠪᠤᠢ; ᠭᠠᠳᠠᠭᠠᠳᠤ ᠳᠤ ᠭᠠᠷᠭᠠᠭᠰᠠᠨ ᠭᠤᠣᠯ ᠲᠠᠸᠠᠷ ᠨᠢ ᠮᠠᠰᠢᠨ ᠴᠠᠭᠢᠯᠭᠠᠨ ᠤ ᠦᠢᠯᠡᠳᠬᠦᠨ᠂ ᠳᠡᠭᠡᠳᠦ  ᠰᠢᠨ᠎ᠡ ᠮᠡᠷᠭᠡᠵᠢᠯ ᠤᠨ ᠦᠢᠯᠡᠳᠬᠦᠨ᠂ ᠡᠮ ᠡᠮᠨᠡᠯᠭᠡ ᠶᠢᠨ ᠮᠠᠲ᠋ᠧᠷᠢᠶᠠᠯ ᠵᠢᠴᠢ ᠡᠮ ᠤᠨ ᠵᠦᠢᠯ  ᠵᠡᠷᠭᠡ ᠪᠣᠯᠣᠨ᠎ᠠ᠂ ᠭᠠᠳᠠᠭᠠᠳᠤ ᠳᠤ ᠭᠠᠷᠭᠠᠭᠰᠠᠨ ᠥᠷᠲᠡᠭ ᠨᠢ ᠲᠣᠰ ᠲᠣᠰ  30.7 ᠳ᠋ᠦᠩᠰᠢᠭᠤᠷ ᠲᠥᠭᠦᠷᠢᠭ᠂ 19 ᠳ᠋ᠦᠩᠰᠢᠭᠤᠷ ᠲᠥᠭᠦᠷᠢᠭ᠂ 16.6 ᠳ᠋ᠦᠩᠰᠢᠭᠤᠷ ᠲᠥᠭᠦᠷᠢᠭ ᠲᠤ  ᠬᠦᠷᠴᠡᠢ᠃ ᠡᠭᠦᠨ ᠳᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠳ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠥᠷᠲᠡᠭ ᠬᠠᠮᠤᠭ ᠤᠨ ᠥᠨᠳᠥᠷ ᠪᠠᠶᠢᠵᠤ᠂ 141.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34% ᠪᠠᠷ ᠨᠡᠮᠡᠭᠳᠡᠵᠦ᠂ ᠪᠦᠭᠦ ᠬᠤᠳᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠥᠷᠲᠡᠭ ᠤᠨ 62.6% ᠶᠢ ᠡᠵᠡᠯᠡᠪᠡ᠃ ᠮᠠᠯᠠᠶᠢᠰᠢᠶ᠎ᠠ᠂ ᠠᠮᠧᠷᠢᠺᠠ᠂ ᠮᠣᠩᠭᠤᠯ᠂ ᠤᠷᠤᠰ ᠵᠡᠷᠭᠡ ᠤᠯᠤᠰ ᠢᠶᠠᠷ ᠭᠤᠣᠯ ᠪᠤᠯᠬᠤ ᠠᠷᠠᠯᠵᠢᠶᠠᠨ ᠤ ᠤᠯᠤᠰ ᠪᠤᠯᠭᠠᠵᠤ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠦᠷᠳᠡᠭ  ᠲᠤᠰ ᠲᠤᠰ 36.8 ᠳ᠋ᠦᠩᠰᠢᠭᠤᠷ ᠲᠥᠭᠦᠷᠢᠭ᠂ 30.9 ᠳ᠋ᠦᠩᠰᠢᠭᠤᠷ ᠲᠥᠭᠦᠷᠢᠭ᠂ 23.1 ᠳ᠋ᠦᠩᠰᠢᠭᠤᠷ ᠲᠥᠭᠦᠷᠢᠭ᠂ 17.5 ᠳ᠋ᠦᠩᠰᠢᠭᠤᠷ ᠲᠥᠭᠦᠷᠢᠭ ᠲᠤ ᠬᠦᠷᠴᠡᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号