| | | | 23 ᠤ ᠡᠳᠦᠷ 2025 ᠣᠨ ᠤ ᠶᠡᠷᠦᠩᠬᠡᠶᠢᠯᠡᠭᠰᠡᠨ ᠵᠥᠭᠡᠭᠡᠪᠦᠷᠢ ᠶᠢᠨ ᠴᠠᠭᠠᠨ ᠰᠠᠷ᠎ᠠ ᠶᠢᠨ ᠵᠥᠭᠡᠭᠡᠪᠦᠷᠢ ᠶᠢᠨ | ᠠᠵᠢᠯ ᠤᠨ ᠲᠤᠰᠬᠠᠢ ᠠᠩᠭᠢ ᠠᠴᠠ ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠵᠥᠭᠡᠭᠡᠪᠦᠷᠢ ᠶᠢᠨ 40 ᠡᠳᠦᠷ ( | 2025 ᠣᠨ ᠤ 1 ᠰᠠᠷ᠎ᠠ ᠶᠢᠨ 14 ᠤ ᠡᠳᠦᠷ ᠠᠴᠠ 2 ᠰᠠᠷ᠎ᠠ ᠶᠢᠨ 22 ᠤᠨ ᠡᠳᠦᠷ ᠪᠤᠯᠲᠠᠯ᠎ᠠ )᠂ ᠪᠦᠭᠦ | ᠨᠡᠶᠢᠭᠡᠮ ᠤᠨ ᠣᠷᠣᠨ ᠪᠦᠰᠡ ᠠᠯᠤᠰᠯᠠᠭᠰᠠᠨ ᠬᠥᠮᠥᠰ ᠤᠨ ᠰᠢᠯᠵᠢᠯᠲᠡ 90.2 ᠳ᠋ᠦᠩᠰᠢᠭᠤᠷ ᠬᠥᠮᠥᠨ ᠤᠳᠠᠭ᠎ᠠ ᠳᠤ | ᠬᠦᠷᠴᠦ᠂ 2024 ᠣᠨ ᠤ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠵᠦ᠂ ᠲᠡᠦᠬᠡ ᠶᠢᠨ ᠰᠢᠨ᠎ᠡ | ᠲᠡᠮᠳᠡᠭᠯᠡᠯ ᠢ ᠡᠭᠦᠳᠪᠡ᠃ | | | ᠪᠣᠳᠠᠲᠠᠢ ᠪᠠᠷ ᠦᠵᠡᠪᠡᠯ᠂ ᠲᠡᠮᠦᠷ ᠵᠠᠮ ᠤᠨ ᠠᠶᠠᠨᠴᠢᠳ ᠤᠨ ᠵᠥᠭᠡᠭᠡᠪᠦᠷᠢᠯᠡᠯᠲᠡ ᠶᠢᠨ ᠬᠡᠮᠵᠢᠶ᠎ᠡ 5.1 | ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ; | ᠵᠠᠰᠠᠮᠠᠯ ᠵᠠᠮ ᠤᠨ ᠬᠥᠮᠥᠰ ᠤᠨ ᠨᠡᠭᠦᠳᠡᠯ ᠤᠨ ᠬᠡᠮᠵᠢᠶ᠎ᠡ 83.9 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 7.2% ( ᠡᠭᠦᠨ ᠳᠤ ᠥᠪᠡᠷ ᠢᠶᠠᠨ ᠲᠡᠷᠭᠡ ᠵᠢᠯᠤᠭᠤᠳᠴᠤ ᠭᠠᠳᠠᠭᠰᠢ | ᠭᠠᠷᠤᠭᠰᠠᠨ ᠬᠡᠮᠵᠢᠶ᠎ᠡ 71.7 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ ᠵᠠᠰᠠᠮᠠᠯ ᠵᠠᠮ ᠤᠨ ᠡᠵᠡᠩᠨᠡᠯᠲᠡ ᠶᠢᠨ | ᠴᠢᠨᠠᠷᠲᠠᠢ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 12.2 ᠳ᠋ᠦᠩᠰᠢᠭᠤᠷ ᠬᠥᠮᠥᠨ ᠤᠳᠠᠭ᠎ᠠ ᠳᠤ ᠬᠦᠷᠴᠡᠢ ) | ᠢᠶᠠᠷ ᠨᠡᠮᠡᠭᠳᠡᠪᠡ; ᠤᠰᠤᠨ ᠵᠠᠮ ᠤᠨ ᠠᠶᠠᠨᠴᠢᠳ ᠤᠨ ᠵᠥᠭᠡᠭᠡᠪᠦᠷᠢᠯᠡᠯᠲᠡ ᠶᠢᠨ ᠬᠡᠮᠵᠢᠶ᠎ᠡ 3121 ᠲᠦᠮᠡᠨ | ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.6% ᠪᠠᠷ ᠨᠡᠮᠡᠭᠳᠡᠪᠡ; ᠠᠷᠠᠳ ᠤᠨ | ᠠᠭᠠᠷ ᠤᠨ ᠵᠥᠭᠡᠭᠡᠪᠦᠷᠢ ᠶᠢᠨ ᠠᠶᠠᠨᠴᠢᠳ ᠤᠨ ᠵᠥᠭᠡᠭᠡᠪᠦᠷᠢᠯᠡᠯᠲᠡ ᠶᠢᠨ ᠬᠡᠮᠵᠢᠶ᠎ᠡ 9020 ᠲᠦᠮᠡᠨ ᠬᠥᠮᠥᠨ | ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠪᠡ᠃ | | ᠢᠷᠡᠯᠲᠡ᠄ ᠰᠢᠨᠬᠤᠸᠠ ᠬᠤᠷᠢᠶ᠎ᠠ | |