ᠰᠠᠶᠢᠬᠠᠨ ᠲᠣᠭᠤᠷᠢᠭ᠄ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ᠂ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠨ᠎ᠠ
ᠨᠡᠶᠢᠲᠡᠯᠡᠭᠰᠡᠨ ᠴᠠᠭ᠄
2025/2/28
      ᠰᠠᠶᠢᠬᠠᠨ ᠲᠣᠭᠤᠷᠢᠭ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠵᠠᠩᠭᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠲᠣᠭᠤᠷᠢᠭ ᠲᠤ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠪᠠ᠃ ᠰᠠᠶᠢᠬᠠᠨ ᠲᠣᠭᠤᠷᠢᠭ ᠡᠷᠡᠰ ᠪᠠᠲᠤ ᠵᠣᠷᠢᠭ ᠪᠠ ᠠᠷᠭ᠎ᠠ ᠬᠡᠮᠵᠢᠶ᠎ᠡ ᠠᠪᠴᠦ ᠣᠷᠣᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠡᠯ᠎ᠡ ᠵᠦᠢᠯ ᠤᠨ ᠦᠢᠯᠡᠰ ᠤᠨ ᠲᠠᠰᠤᠷᠠᠯᠲᠠ ᠦᠭᠡᠢ ᠰᠢᠨ᠎ᠡ ᠥᠨᠳᠥᠷ ᠲᠦᠪᠰᠢᠨ ᠳᠤ ᠣᠷᠣᠬᠤ ᠶᠢ ᠠᠬᠢᠭᠤᠯᠵᠤ ᠪᠠᠶᠢᠨ᠎ᠠ᠃            ᠲᠥᠷᠥ ᠶᠢᠨ ᠪᠣᠳᠣᠯᠭ᠎ᠠ ᠪᠠᠷ ᠲᠡᠳᠬᠦᠨ ᠲᠡᠮᠵᠢᠬᠦ           ᠰᠠᠶᠢᠬᠠᠨ ᠲᠣᠭᠤᠷᠢᠭ ᠤᠨ ᠲᠥᠷᠥ ᠶᠢᠨ ᠪᠣᠳᠣᠯᠭ᠎ᠠ ᠶᠢᠨ ᠬᠥᠲᠥᠯᠥᠮᠵᠢ ᠨᠢ ᠠᠵᠤ ᠠᠬᠤᠶᠢᠯᠠᠯ ᠤᠨ ᠬᠥᠭᠵᠢᠯᠲᠡ ᠳᠤ ᠦᠵᠡᠭᠦᠯᠬᠦ ᠴᠢᠬᠤᠯᠠ ᠴᠢᠨᠠᠷ ᠢ ᠭᠦᠨᠵᠡᠭᠡᠢ ᠣᠶᠢᠯᠠᠭᠠᠵᠤ᠂ ᠠᠵᠤ ᠠᠬᠤᠶᠢᠯᠠᠯ ᠢ ᠬᠠᠪᠰᠤᠷᠤᠨ ᠠᠵᠤ ᠠᠬᠤᠶᠢᠯᠠᠯ ᠳᠤ  ᠠᠰᠢᠭ ᠬᠦᠷᠲᠡᠭᠡᠬᠦ ᠠᠯᠢ ᠣᠯᠠᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠡᠶᠢᠲᠡᠯᠡᠪᠡ᠃ 2024 ᠣᠨ ᠠᠴᠠ ᠰᠠᠶᠢᠬᠠᠨ ᠲᠣᠭᠤᠷᠢᠭ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠠᠵᠤ ᠠᠬᠤᠶᠢᠯᠠᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠬᠦ ᠬᠥᠰᠢᠭᠦᠷᠭᠡ ᠪᠣᠯᠭᠠᠵᠤ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠲᠣᠭᠤᠷᠢᠭ ᠤᠨ ᠮᠥᠩᠭᠦᠨ ᠭᠦᠢᠯᠭᠡᠭᠡᠨ ᠤ ᠠᠯᠪᠠᠨ ᠭᠡᠷ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠬᠤ ᠶᠢᠨ ᠬᠠᠮᠲᠤ ᠭᠦᠨᠵᠡᠭᠡᠢ ᠲᠠᠶᠢᠯᠪᠤᠷᠢᠯᠠᠵᠤ᠂ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠠᠰᠢᠭ ᠢ ᠭᠦᠢᠴᠡᠳ ᠭᠥᠷᠳᠡᠬᠦ ᠳᠤ ᠬᠦᠴᠦᠨ ᠨᠡᠮᠡᠷᠢᠯᠡᠵᠦ᠂ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠧᠦ ᠵᠢᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ 4 ᠠᠵᠤ ᠠᠬᠤᠶᠢᠯᠠᠯ ᠳᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︽ᠬᠡᠪᠴᠢᠶᠡᠵᠢᠯ ᠳᠤ ᠣᠷᠣᠬᠤ︾ ᠡᠨᠧᠷᠭᠢ ᠶᠢᠨ ᠲᠠᠰ ᠢ ᠳᠡᠭᠡᠭᠰᠢᠯᠡᠭᠦᠯᠬᠦ ᠪᠡᠯᠡ ᠮᠥᠩᠭᠦ ᠶᠢ 500 ᠲᠦᠮᠡᠨ ᠲᠥᠭᠦᠷᠢᠭ ᠭᠤᠶᠤᠴᠢᠯᠠᠵᠤ᠂ ᠯᠢ ᠰᠢᠨ ᠴᠠᠬᠢᠯᠭᠠᠨ ᠵᠡᠷᠭᠡ 50 ᠠᠵᠤ ᠠᠬᠤᠶᠢᠯᠠᠯ ᠳᠤ ︽ᠲᠤᠰᠬᠠᠢ ᠨᠠᠷᠢᠯᠢᠭ ᠣᠨᠴᠠᠭᠠᠶ ᠰᠢᠨ᠎ᠡ︾᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠥᠷᠥᠯ ᠵᠦᠢᠯ ᠤᠨ ᠱᠠᠩᠨᠠᠯ ᠨᠥᠬᠦᠪᠦᠷᠢ ᠶᠢ 1120 ᠲᠦᠮᠡᠨ ᠲᠥᠭᠦᠷᠢᠭ ᠪᠡᠶᠡᠯᠡᠭᠦᠯᠵᠦ᠂ ᠵᠥᠩ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠵᠡᠷᠭᠡ 57 ᠠᠵᠤ ᠠᠬᠤᠶᠢᠯᠠᠯ ᠳᠤ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ 4326.424 ᠲᠦᠮᠡᠨ ᠲᠥᠭᠦᠷᠢᠭ ᠪᠡᠶᠡᠯᠡᠭᠦᠯᠵᠦ᠂ ᠬᠠᠷᠢᠶᠠᠲᠤ ᠣᠷᠣᠨ ᠤ ᠠᠵᠤ ᠠᠬᠤᠶᠢᠯᠠᠯ ᠤᠨ ᠲᠦᠷᠭᠡᠨ ᠬᠥᠭᠵᠢᠯᠲᠡ ᠶᠢ ᠬᠦᠴᠦᠲᠡᠢ ᠲᠤᠯᠭᠠᠭᠤᠷᠢᠯᠠᠪᠠ᠃
图片1.png
      ᠦᠢᠯᠡᠴᠢᠯᠡᠭᠡ ᠪᠠᠨ ᠰᠢᠯᠢᠳᠡᠭᠵᠢᠭᠦᠯᠬᠦ           ᠰᠠᠶᠢᠬᠠᠨ ᠲᠣᠭᠤᠷᠢᠭ ᠣᠯᠠᠨ ᠶᠠᠩᠵᠤ ᠶᠢᠨ ᠨᠢᠭᠡ ᠥᠷᠲᠡᠭᠡ ᠮᠠᠶ᠋ᠢᠭ ᠤᠨ ᠨᠠᠷᠢᠯᠢᠭᠵᠢᠭᠤᠯᠤᠭᠰᠠᠨ ᠦᠢᠯᠡᠴᠢᠯᠡᠭᠡ ᠬᠠᠩᠭᠠᠬᠤ ᠪᠠᠷ ᠳᠠᠮᠵᠢᠨ᠂ ︽ᠨᠢᠭᠡ ᠤᠳᠠᠭ᠎ᠠ ᠳᠤ ᠰᠢᠢᠳᠪᠦᠷᠢᠯᠡᠵᠦ ᠳᠠᠭᠤᠰᠬᠤ︾ ᠶᠢ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠭᠤᠣᠯ ᠴᠣᠭᠴᠠ ᠶᠢᠨ ᠬᠠᠨᠤᠮᠵᠢ ᠶᠢᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃
图片2.png
     ᠰᠢᠢᠳᠪᠦᠷᠢᠯᠡᠬᠦ ᠦᠢᠯᠡᠴᠢᠯᠡᠭᠡ ᠶᠢ ᠰᠢᠨ᠎ᠡ ᠪᠠᠷ ᠡᠭᠦᠳᠡᠨ᠎ᠡ          ᠰᠠᠶᠢᠬᠠᠨ ᠲᠣᠭᠤᠷᠢᠭ ᠰᠢᠢᠳᠪᠦᠷᠢᠯᠡᠬᠦ ᠤᠴᠢᠷ ᠶᠠᠪᠤᠳᠠᠯ ᠢ ᠪᠠᠭᠲᠠᠭᠠᠬᠤ ᠳᠤᠲᠠᠭᠳᠠᠯ ᠢ ᠬᠦᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡ ᠶᠢ ᠰᠢᠨ᠎ᠡ ᠪᠠᠷ ᠡᠭᠦᠳᠴᠦ᠂ ᠳᠠᠷᠤᠶᠢᠬᠠᠨ ᠰᠢᠢᠳᠪᠦᠷᠢᠯᠡᠬᠦ ᠤᠴᠢᠷ ᠶᠠᠪᠤᠳᠠᠯ ᠢ ᠨᠢᠭᠡ ᠤᠳᠠᠭ᠎ᠠ ᠭᠦᠶᠦᠬᠦ ᠶᠢ ᠪᠠᠳᠣᠯᠠᠨ᠎ᠠ᠃ᠡᠭᠦᠨ ᠠᠴᠠ ᠭᠠᠳᠠᠨ᠎ᠠ᠂ ᠰᠠᠶᠢᠬᠠᠨ ᠲᠣᠭᠤᠷᠢᠭ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾  ᠶᠢᠨ ᠴᠣᠩᠬᠤᠪᠴᠢ ᠭᠠᠷᠭᠠᠵᠤ᠂ ᠨᠠᠮ ᠤᠨ ᠭᠡᠰᠢᠭᠦᠨ ᠴᠣᠩᠬᠤᠪᠴᠢ ᠪᠠᠷ ᠳᠠᠭᠠᠭᠤᠯᠤᠨ ᠭᠦᠢᠴᠡᠳᠬᠡᠬᠦ᠂ ᠪᠥᠬᠦ ᠲᠠᠯ᠎ᠠ ᠪᠠᠷ ᠣᠷᠣᠯᠠᠨ ᠭᠦᠢᠴᠡᠳᠬᠡᠬᠦ᠂ ᠦᠨᠳᠦᠰᠦᠨ ᠵᠦᠢᠯ ᠢ ᠪᠠᠲᠤᠯᠠᠬᠤ᠂ ᠮᠥᠷᠳᠡᠨ ᠰᠤᠷᠪᠤᠯᠵᠢᠯᠠᠬᠤ ᠵᠡᠷᠭᠡ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠪᠡ᠃
图片3.png
     ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠬᠦᠴᠦᠲᠡᠢ ᠠᠬᠢᠭᠤᠯᠤᠯ ᠳᠣᠣᠷ᠎ᠠ᠂ ᠰᠠᠶᠢᠬᠠᠨ ᠲᠣᠭᠤᠷᠢᠭ ᠤᠨ ᠠᠵᠤ ᠠᠬᠤᠶᠢᠯᠠᠯ ᠤᠨ ᠬᠥᠭᠵᠢᠯᠲᠡ ᠶᠢᠨ ᠬᠠᠨᠳᠤᠰᠢ ᠬᠦᠴᠦᠲᠡᠢ ᠪᠠᠶᠢᠵᠤ᠂ ᠠᠵᠤ ᠠᠬᠤᠢ ᠶᠢᠨ ᠠᠵᠢᠯᠯᠠᠭ᠎ᠠ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠪᠠ᠃ 2024 ᠣᠨ ᠳᠤ᠂ ᠪᠥᠬᠦ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 1380.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ  ᠰᠢᠨ᠎ᠡ ᠪᠠᠷ 3 ᠡᠷᠦᠬᠡ  ᠨᠡᠮᠡᠭᠳᠡᠵᠦ᠂ ᠶᠡᠷᠦᠩᠬᠡᠢ ᠲᠤᠭ᠎ᠠ ᠨᠢ 34 ᠡᠷᠦᠬᠡ ᠪᠣᠯᠵᠤ᠂ ᠰᠠᠶᠢᠬᠠᠨ ᠲᠣᠭᠤᠷᠢᠭ ᠤᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠢᠯᠡᠳᠲᠡ ᠦᠷ᠎ᠡ ᠪᠦᠲᠦᠮᠵᠢ ᠶᠢ ᠭᠦᠢᠴᠡᠳ ᠢᠯᠡᠷᠡᠭᠦᠯᠵᠦ᠂ ᠪᠥᠬᠦ  ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号