| | | ︵ᠰᠤᠷᠪᠤᠯᠵᠢᠯᠠᠭᠴᠢ ᠦ᠋ ᠽᠢ ᠰᠢᠤᠸᠠᠨ︶ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠵᠢᠭᠦᠯᠭᠡ ᠶᠢᠨ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ | ︽ᠤᠮᠠᠷᠠᠲᠤ ᠶᠢᠨ ᠡᠯᠡᠰᠦᠨ ᠰᠢᠭᠤᠷᠭ᠎ᠠ ᠶᠢᠨ ᠪᠦᠰᠡ ᠶᠢᠨ ᠤᠰᠤ ᠰᠢᠷᠣᠢ ᠶᠢ ᠵᠣᠬᠢᠴᠠᠭᠤᠯᠬᠤ ᠪᠠ ᠴᠢᠳᠠᠮᠵᠢ ᠶᠢ | ᠳᠡᠭᠡᠭᠰᠢᠯᠡᠭᠦᠯᠬᠦ ᠮᠡᠷᠭᠡᠵᠢᠯ︾ ᠤᠨ ᠲᠥᠷᠥᠯ ᠵᠦᠢᠯ ᠢ 2 ᠳ᠋ᠤᠭᠠᠷ ᠰᠠᠷ᠎ᠠ ᠶᠢᠨ 24 ᠤ ᠡᠳᠦᠷ ᠬᠥᠬᠡᠬᠤᠲᠠ ᠳᠤ | ᠡᠬᠢᠯᠡᠭᠦᠯᠵᠦ᠂ ᠲᠤᠰ ᠲᠥᠷᠥᠯ ᠵᠦᠢᠯ ᠤᠨ ᠬᠡᠷᠡᠭᠵᠢᠭᠦᠯᠦᠯᠲᠡ ᠨᠢ ᠤᠮᠠᠷᠠᠲᠤ ᠶᠢᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢᠨ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠵᠤ᠂ ᠮᠠᠨ ᠤ ᠤᠯᠤᠰ ᠤᠨ | ᠡᠯᠡᠰᠦᠨ ᠰᠢᠭᠤᠷᠭ᠎ᠠ ᠶᠢᠨ ᠪᠦᠰᠡ ᠶᠢ ᠵᠠᠰᠠᠬᠤ ᠰᠤᠳᠤᠯᠭᠠᠨ ᠤ ᠬᠢᠷᠢ ᠲᠦᠪᠰᠢᠨ ᠢ ︽ᠳᠠᠭᠠᠬᠤ᠂ ᠵᠡᠷᠭᠡᠴᠡᠬᠦ︾ ᠠᠴᠠ | ︽ᠵᠡᠷᠭᠡᠴᠡᠬᠦ᠂ ᠳᠠᠭᠠᠭᠤᠯᠬᠤ︾ ᠵᠦᠭ ᠬᠥᠭᠵᠢᠬᠦ ᠶᠢ ᠠᠬᠢᠭᠤᠯᠬᠤ ᠪᠣᠯᠣᠨ᠎ᠠ᠃ | | | ᠲᠣᠰ ᠲᠥᠷᠥᠯ ᠵᠦᠢᠯ ᠨᠢ ︽ᠶᠠᠪᠠᠷᠠᠢ ᠠᠭᠤᠯᠠ ᠶᠢᠨ ᠡᠯᠡᠰᠦᠨ ᠰᠢᠭᠤᠷᠭ᠎ᠠ ᠶᠢ ᠶᠡᠷᠦᠩᠬᠡᠶᠢᠯᠡᠨ ᠵᠠᠰᠠᠬᠤ ᠪᠠ | ᠡᠯᠡᠰᠦᠨ ᠴᠥᠯ ᠤᠨ ᠬᠥᠪᠡᠭᠡ ᠵᠠᠬ᠎ᠠ ᠶᠢᠨ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠣᠶ ᠰᠢᠭᠤᠢ | ᠤᠷᠭᠤᠮᠠᠯ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠵᠢᠱᠢᠶ᠎ᠡ ᠦᠵᠡᠭᠦᠯᠬᠦ︾ ᠥᠪᠡᠷᠲᠡᠭᠡᠨ | ᠵᠠᠰᠠᠬᠤ ᠣᠷᠣᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠳᠤ ᠲᠦᠰᠢᠭᠯᠡᠨ᠂ ︽ᠤᠰᠤ ᠪᠠᠷ | ᠨᠣᠭᠤᠭᠠᠷᠠᠭᠤᠯᠤᠯᠲᠠ ᠶᠢ ᠲᠣᠭᠲᠠᠭᠠᠬᠤ᠂ ᠤᠰᠤ ᠰᠢᠷᠣᠢ ᠶᠢ ᠵᠣᠬᠢᠴᠠᠭᠤᠯᠬᠤ᠂ ᠰᠢᠰᠲ᠋ᠧᠮ ᠲᠠᠢ ᠵᠠᠰᠠᠬᠤ᠂ ᠴᠢᠳᠠᠮᠵᠢ ᠶᠢ | ᠳᠡᠭᠡᠭᠰᠢᠯᠡᠭᠦᠯᠬᠦ︾ ᠵᠠᠰᠠᠯᠲᠠ ᠶᠢᠨ ᠣᠨᠣᠯᠵᠢᠬᠤᠨ ᠶᠣᠰᠣᠭᠠᠷ᠂ ᠤᠮᠠᠷᠠᠲᠤ ᠶᠢᠨ ᠡᠯᠡᠰᠦᠨ ᠰᠢᠭᠤᠷᠭ᠎ᠠ ᠶᠢᠨ ᠪᠦᠰᠡ ᠶᠢᠨ | ᠤᠰᠤᠨ ᠤ ᠡᠬᠢ ᠪᠠᠶᠠᠯᠢᠭ ᠪᠠ ᠠᠮᠢ ᠠᠬᠤᠢ ᠶᠢᠨ ᠰᠢᠰᠲ᠋ᠧᠮ ᠤᠨ ᠴᠠᠭ ᠬᠤᠭᠤᠴᠠᠭ᠎ᠠ ᠪᠠ ᠣᠷᠣᠨ ᠵᠠᠢ ᠶᠢᠨ | ᠲᠠᠷᠬᠠᠯᠲᠠ ᠶᠢᠨ ᠪᠠᠶᠢᠷᠢᠰᠢᠯ ᠢ ᠢᠯᠭᠠᠨ ᠲᠠᠨᠢᠵᠤ᠂ ᠬᠠᠮᠠᠭᠠᠯᠠᠯᠲᠠ ᠶᠢᠨ ᠤᠷᠭᠤᠮᠠᠯ ᠤᠨ ᠬᠤᠴᠢᠯᠭ᠎ᠠ ᠶᠢᠨ | ᠰᠢᠰᠲ᠋ᠧᠮᠵᠢ ᠶᠢᠨ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠶᠢ ᠦᠨᠡᠯᠡᠨ | ᠵᠢᠱᠢᠬᠦ ᠪᠣᠯᠣᠨ᠎ᠠ᠃ ᠡᠭᠦᠨ ᠤ ᠬᠠᠮᠲᠤ ᠬᠥᠷᠥᠰᠥ ᠰᠢᠷᠣᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠬᠦ ᠶᠢ ᠥᠷᠨᠢᠭᠦᠯᠵᠦ᠂ ᠤᠷᠭᠤᠮᠠᠯ ᠤᠨ ᠬᠤᠴᠢᠯᠭ᠎ᠠ ᠶᠢ ᠳᠠᠬᠢᠨ ᠪᠠᠶᠢᠭᠤᠯᠬᠤ ᠪᠠ ᠵᠠᠰᠠᠨ ᠰᠡᠷᠭᠦᠭᠡᠬᠦ | ᠮᠡᠷᠭᠡᠵᠢᠯ ᠤᠨ ᠰᠢᠨ᠎ᠡ ᠶᠢ ᠡᠭᠦᠳᠴᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠪᠡᠯᠴᠢᠭᠡᠷ ᠨᠠᠭᠤᠷ ᠪᠦᠷᠢᠳᠦ | ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠮᠡᠷᠭᠡᠵᠢᠯ ᠤᠨ ᠵᠠᠭᠪᠤᠷ ᠢ ᠬᠠᠶᠢᠨ ᠰᠦᠪᠡᠭᠴᠢᠯᠡᠵᠦ᠂ ᠡᠯᠡᠰᠦᠨ | ᠰᠢᠭᠤᠷᠭ᠎ᠠ ᠶᠢᠨ ᠪᠦᠰᠡ ᠶᠢᠨ ᠤᠰᠤ ᠰᠢᠷᠣᠢ ᠶᠢᠨ ᠡᠬᠢ ᠪᠠᠶᠠᠯᠢᠭ ᠢ ᠵᠣᠬᠢᠴᠠᠭᠤᠯᠬᠤ ᠪᠠ ᠴᠢᠳᠠᠮᠵᠢ ᠶᠢ | ᠳᠡᠭᠡᠭᠰᠢᠯᠡᠭᠦᠯᠬᠦ ᠣᠨᠣᠯ ᠤᠨ ᠠᠷᠭ᠎ᠠ ᠬᠢᠭᠡᠳ ᠮᠡᠷᠭᠡᠵᠢᠯ ᠤᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠵᠤ᠂ ᠮᠠᠨ ᠤ | ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠴᠢᠳᠠᠮᠵᠢ ᠶᠢ ᠦᠷᠭᠦᠯᠵᠢᠯᠡᠨ | ᠳᠡᠭᠡᠭᠰᠢᠯᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠲᠠᠷᠠᠭᠠᠴᠢ ᠶᠢᠨ ᠠᠯᠬᠤᠮ ᠳᠤ᠂ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠨᠢ ᠲᠥᠷᠥᠯ ᠵᠦᠢᠯ ᠤᠨ ᠲᠦᠷᠦᠭᠦᠯᠡᠬᠦ ᠨᠢᠭᠡᠴᠢ | ᠪᠣᠯᠤᠭᠰᠠᠨ ᠤ ᠬᠤᠪᠢ ᠳᠤ᠂ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ | ᠬᠠᠮᠢᠶᠠᠷᠤᠯᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠭᠦᠢᠴᠡᠳ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ | ᠬᠡᠷᠡᠭᠵᠢᠭᠦᠯᠦᠯᠲᠡ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠲᠥᠷᠥᠯ ᠵᠦᠢᠯ ᠤᠨ | ᠬᠠᠷᠠᠯᠲᠠ ᠪᠠ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ | ᠪᠡᠶᠡᠯᠡᠭᠦᠯᠦᠨ᠎ᠡ᠃ |