| | ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ | | ᠥᠪᠥᠷ ᠵᠠᠰᠠᠭ ᠥᠰᠦᠭ ﹇2024﹈ 245 ᠳ᠋ᠤᠭᠠᠷ ᠲᠣᠭᠠᠲᠤ | | ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠵᠡᠷᠭᠡ ᠬᠤᠰᠢᠭᠤ ᠰᠢᠶᠠᠨ ︵ᠲᠣᠭᠤᠷᠢᠭ︶ ᠤ ᠤᠯᠤᠰ ᠤᠨ | ᠨᠨ᠊ᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶ ᠶᠢᠨ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ | | | ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄ | | ᠲᠠᠨ ᠤ ᠬᠤᠲᠠ ᠶᠢᠨ ︽ᠲᠦᠮᠡᠳ ᠵᠡᠭᠦᠨ ᠬᠤᠰᠢᠭᠤ ᠵᠡᠷᠭᠡ ᠶᠢᠰᠦᠨ ᠬᠤᠰᠢᠭᠤ ᠰᠢᠶᠠᠨ ᠲᠣᠭᠤᠷᠢᠭ ᠤᠨ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠬᠢᠨᠠᠨ ᠪᠠᠶᠢᠴᠠᠭᠠᠯᠭᠠᠵᠤ | ᠵᠥᠪᠰᠢᠶᠡᠷᠡᠭᠦᠯᠬᠦ ᠲᠤᠬᠠᠢ ᠡᠰᠢᠯᠡᠯᠲᠡ︾ ︵ᠬᠥᠬᠡᠬᠤᠲᠠ ᠵᠠᠰᠠᠭ ᠲᠠᠷᠬᠠᠭᠠᠭᠰᠠᠨ ﹇2024﹈ 333 ᠳ᠋ᠤᠭᠠᠷ ᠲᠣᠭᠠᠲᠤ︶ | ᠶᠢ ᠬᠦᠯᠢᠶᠡᠨ ᠠᠪᠴᠤ ᠣᠶᠢᠯᠠᠭᠠᠯ᠎ᠠ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ᠄ | | ᠨᠢᠭᠡ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠬᠤᠯᠪᠤᠭᠠᠯᠠᠨ | ᠬᠢᠨᠠᠨ ᠪᠠᠶᠢᠴᠠᠭᠠᠵᠤ ᠪᠠᠲᠤᠯᠠᠭᠰᠠᠨ ︽ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035ᠣᠨ︶︾᠂ ︽ᠬᠥᠬᠡᠬᠤᠲᠠ ᠶᠢᠨ | ᠬᠤᠲᠣᠩ ᠠᠷᠠᠳ ᠤᠨ ᠲᠣᠭᠤᠷᠢᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ | ᠲᠥᠯᠦᠪᠵᠢᠭᠦᠯᠭᠡ ︵2021 - 2035 ᠣᠨ︶︾᠂ ︽ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021- 2035 ᠣᠨ︶︾᠂ | ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ | ᠲᠥᠯᠦᠪᠵᠢᠭᠦᠯᠭᠡ ︵2021 – 2035 ᠣᠨ︶︾᠂ ︽ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶ | ︾᠂ ︽ᠬᠥᠬᠡᠬᠤᠲᠠ ᠶᠢᠨ ᠲᠣᠭᠲᠠᠬᠤ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ | ᠲᠥᠯᠦᠪᠵᠢᠭᠦᠯᠭᠡ ︵2021 – 2035 ᠣᠨ︶︾᠂ ︽ᠬᠥᠬᠡᠬᠤᠲᠠ ᠶᠢᠨ ᠬᠤᠷᠢᠨᠭᠡᠷ ᠰᠢᠶᠠᠨ ᠤ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶︾᠂ | ︽ᠬᠥᠬᠡᠬᠤᠲᠠ ᠶᠢᠨ ᠴᠢᠩ ᠱᠦᠢ ᠾᠧ ᠰᠢᠶᠠᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ | ᠲᠥᠯᠦᠪᠵᠢᠭᠦᠯᠭᠡ ︵2021 – 2035 ᠣᠨ︶︾᠂ ︽ᠬᠥᠬᠡᠬᠤᠲᠠ ᠶᠢᠨ ᠦᠴᠦᠸᠠᠨ ᠰᠢᠶᠠᠨ ᠤ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 – 2035 ᠣᠨ︶︾ | ︵ᠳᠣᠷᠣᠭᠰᠢ ︽ᠲᠥᠯᠦᠪᠵᠢᠭᠦᠯᠭᠡ︾ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ | ᠲᠠᠨ ᠤ ᠬᠤᠲᠠ ᠶᠢᠨ ᠬᠢᠨ ᠡᠯ᠎ᠡ ᠬᠤᠰᠢᠭᠤ ᠰᠢᠶᠠᠨ ︵ᠲᠣᠭᠤᠷᠢᠭ︶ ᠢ ᠵᠢᠯᠤᠭᠤᠳᠴᠤ ᠪᠠᠶᠢᠭᠠᠳ ᠬᠢᠨᠠᠮᠠᠭᠠᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ | ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠡᠯ᠎ᠡ | ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠯᠡᠵᠦ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ | ᠰᠢᠵᠢᠮ ᠢ ᠪᠠᠲᠤ ᠡᠵᠡᠮᠰᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠰᠢᠨ᠎ᠡ ᠬᠤᠲᠠ ᠲᠣᠭᠤᠷᠢᠭ ᠢ ᠥᠪᠡᠷᠲᠡᠭᠡᠨ ᠵᠠᠰᠠᠬᠤ | ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠠᠭᠤᠰᠤᠯᠴᠠᠭᠰᠠᠨ ᠵᠢᠴᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠭᠰᠡᠨ ᠬᠤᠰᠢᠭᠤᠴᠢ ᠲᠣᠭᠤᠷᠢᠭ ᠪᠣᠯᠭᠠᠨ ᠪᠠᠶᠢᠭᠤᠯᠵᠤ᠂ ᠬᠤᠲᠣᠩ | ᠠᠷᠠᠳ ᠤᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠬᠤᠳᠠᠯᠳᠤᠭᠠᠨ ᠤ ᠦᠢᠯᠡᠴᠢᠯᠡᠭᠡ | ᠵᠢᠴᠢ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠭ ᠪᠣᠯᠭᠠᠨ ᠪᠠᠶᠢᠭᠤᠯᠵᠤ᠂ ᠢᠦᠢ | ᠴᠢᠤᠸᠠᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ | ᠠᠭᠤᠰᠤᠯᠴᠠᠭᠰᠠᠨ ᠵᠢᠴᠢ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠨ ᠬᠥᠭᠵᠢᠭᠦᠯᠦᠭᠰᠡᠨ ᠵᠢᠱᠢᠶ᠎ᠡ ᠦᠵᠡᠭᠦᠯᠬᠦ | ᠬᠤᠰᠢᠭᠤᠴᠢ ᠲᠣᠭᠤᠷᠢᠭ ᠪᠣᠯᠭᠠᠨ ᠪᠠᠶᠢᠭᠤᠯᠵᠤ᠂ ᠰᠠᠶᠢᠬᠠᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠥᠪ | ᠬᠤᠲᠠ ᠶᠢᠨ ᠮᠥᠩᠭᠦᠨ ᠭᠦᠢᠯᠭᠡᠭᠡ ᠵᠠᠰᠠᠭ ᠵᠠᠬᠢᠷᠭ᠎ᠠ ᠬᠤᠳᠠᠯᠳᠤᠭᠠᠨ ᠤ ᠶᠠᠪᠤᠳᠠᠯ ᠤᠨ ᠲᠣᠭᠤᠷᠢᠭ᠂ ᠴᠡᠷᠢᠭ | ᠠᠷᠠᠳ ᠤᠨ ᠬᠠᠮ ᠬᠥᠭᠵᠢᠭᠦᠯᠦᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠵᠢᠴᠢ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠠᠭᠤᠷᠢᠨ ᠭᠠᠵᠠᠷ ᠪᠣᠯᠭᠠᠨ ᠪᠠᠶᠢᠭᠤᠯᠵᠤ᠂ ᠲᠦᠮᠡᠳ ᠵᠡᠭᠦᠨ | ᠬᠤᠰᠢᠭᠤ ᠶᠢ ᠬᠥᠬᠡᠬᠤᠲᠠ ᠶᠢᠨ ᠰᠦ ᠰᠠᠭᠠᠯᠢ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠡᠭᠦᠳᠦᠯᠲᠡ ᠵᠢᠴᠢ ᠲᠡᠷᠢᠭᠦᠨ ᠤ ᠦᠢᠯᠡᠳᠬᠦ ᠦᠢᠯᠡᠰ ᠤᠨ ᠴᠢᠬᠤᠯᠠ ᠰᠠᠭᠤᠷᠢᠨ ᠭᠠᠵᠠᠷ ᠪᠣᠯᠭᠠᠨ ᠪᠠᠶᠢᠭᠤᠯᠵᠤ᠂ | ᠲᠣᠭᠲᠠᠬᠤ ᠰᠢᠶᠠᠨ ᠢ ᠬᠥᠬᠡᠬᠤᠲᠠ ᠶᠢᠨ ᠡᠨᠧᠷᠭᠢ ᠬᠢᠮᠢ ᠶᠢᠨ ᠠᠵᠤ ᠦᠢᠯᠡᠳᠪᠦᠷᠢ ᠵᠢᠴᠢ ᠪᠣᠬᠢᠷᠲᠤᠯ ᠦᠭᠡᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠭᠠᠷᠭᠠᠯᠲᠠ ᠶᠢᠨ ᠰᠠᠭᠤᠷᠢᠨ ᠭᠠᠵᠠᠷ ᠪᠣᠯᠭᠠᠨ | ᠪᠠᠶᠢᠭᠤᠯᠵᠤ᠂ ᠬᠤᠷᠢᠨᠭᠡᠷ ᠰᠢᠶᠠᠨ ᠢ ᠬᠥᠬᠡᠬᠤᠲᠠ ᠶᠢᠨ ᠬᠤᠲᠠ ᠶᠢᠨ ᠳᠡᠳ᠋ ᠲᠥᠪ ᠪᠠ ᠥᠪᠡᠷᠲᠡᠭᠡᠨ ᠵᠠᠰᠠᠬᠤ ᠣᠷᠣᠨ ᠤ | ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ | ᠵᠢᠴᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠠᠭᠤᠷᠢᠨ ᠭᠠᠵᠠᠷ | ᠪᠣᠯᠭᠠᠨ ᠪᠠᠶᠢᠭᠤᠯᠵᠤ᠂ ᠴᠢᠩ ᠱᠦᠢ ᠾᠧ ᠰᠢᠶᠠᠨ ᠢ ᠬᠥᠬᠡᠬᠤᠲᠠ ᠶᠢᠨ ᠠᠮᠢ ᠠᠬᠤᠢ ᠶᠢᠨ ᠵᠢᠭᠤᠯᠴᠢᠯᠠᠯ᠂ ᠣᠳᠣ | ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠡᠨᠧᠷᠭᠢ ᠵᠢᠴᠢ ᠣᠨᠴᠠᠯᠢᠭᠲᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠬᠤ ᠰᠠᠭᠤᠷᠢᠨ ᠭᠠᠵᠷᠪᠣᠯᠭᠠᠨ | ᠪᠠᠶᠢᠭᠤᠯᠵᠤ᠂ ᠦᠴᠦᠸᠠᠨ ᠰᠢᠶᠠᠨ ᠢ ᠬᠥᠬᠡᠬᠤᠲᠠ ᠶᠢᠨ ᠰᠣᠶᠣᠯ ᠵᠢᠭᠤᠯᠴᠢᠯᠠᠯ᠂ ᠴᠡᠪᠡᠷ ᠡᠨᠧᠷᠭᠢ ᠵᠢᠴᠢ ᠪᠣᠬᠢᠷᠲᠤᠯ | ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ | ᠪᠣᠯᠪᠠᠰᠤᠷᠠᠭᠤᠯᠬᠤ ᠰᠠᠭᠤᠷᠢᠨ ᠭᠠᠵᠠᠷ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ | | ᠬᠤᠶᠠᠷ᠂ ᠠᠮᠤᠷ ᠲᠦᠪᠰᠢᠨ ᠢᠶᠠᠷ ᠬᠥᠭᠵᠢᠭᠦᠯᠬᠦ ᠣᠷᠣᠨ ᠵᠠᠢ ᠶᠢᠨ ᠰᠠᠭᠤᠷᠢ ᠶᠢ ᠪᠠᠲᠤ ᠪᠠᠬᠢ ᠴᠣᠭᠴᠠᠯᠠᠨ᠎ᠠ᠃ | 2035 ᠣᠨ ᠪᠣᠯᠬᠤ ᠳᠤ᠂ ᠰᠢᠨ᠎ᠡ ᠬᠤᠲᠠ ᠲᠣᠭᠤᠷᠢᠭ ᠤᠨ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 5. | 9256 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ᠂ ᠥᠨᠢᠳᠡ ᠶᠢᠨ ᠦᠨᠳᠦᠰᠦᠨ ᠲᠠᠷᠢᠶᠠᠨ | ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 4.8472 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 412.7094 ᠺᠦᠸᠠᠳ᠋ ᠺᠢᠯᠣᠮᠧᠲᠷ ᠠᠴᠠ | ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ | ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠪᠴᠢᠶᠡᠵᠢᠯ ᠤᠨ ᠰᠠᠭᠤᠷᠢᠨ ᠳᠡᠭᠡᠷ᠎ᠡ 1.1529 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ᠃ ᠬᠤᠲᠣᠩ | ᠠᠷᠠᠳ ᠤᠨ ᠲᠣᠭᠤᠷᠢᠭ ᠤᠨ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 0.4405 ᠲᠦᠮᠡᠨ ᠮᠦ ᠠᠴᠠ | ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 116. | 5343 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ | ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.0569 ᠳᠠᠬᠢᠨ ᠲᠣᠭᠠᠨ ᠤ | ᠳᠣᠲᠣᠷ᠎ᠠ ᠬᠢᠵᠠᠭᠠᠷᠯᠠᠨ᠎ᠠ᠃ ᠢᠦᠢ ᠴᠢᠤᠸᠠᠨ ᠲᠣᠭᠤᠷᠢᠭ ᠤᠨ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 10. | 4584 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ᠂ ᠥᠨᠢᠳᠡ ᠶᠢᠨ ᠦᠨᠳᠦᠰᠦᠨ ᠲᠠᠷᠢᠶᠠᠨ | ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 9.0003 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 0.0835 ᠺᠦᠸᠠᠳ᠋ ᠺᠢᠯᠣᠮᠧᠲᠷ ᠠᠴᠠ | ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ | ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠪᠴᠢᠶᠡᠵᠢᠯ ᠤᠨ ᠰᠠᠭᠤᠷᠢᠨ ᠳᠡᠭᠡᠷ᠎ᠡ 1.4499 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ᠃ ᠰᠠᠶᠢᠬᠠᠨ | ᠲᠣᠭᠤᠷᠢᠭ ᠤᠨ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 56.4608 ᠲᠦᠮᠡᠨ ᠮᠦ ᠠᠴᠠ ᠳᠣᠣᠷ᠎ᠠ | ᠪᠠᠶᠢᠯᠭᠠᠬᠤ ᠦᠭᠡᠢ᠂ ᠡᠭᠦᠨ ᠳᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ | 51.2195 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ ᠤᠨ ᠲᠠᠯᠠᠪᠠᠶ ᠶᠢ 34.4406 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ | ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ | 1.4412 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ᠃ ᠲᠦᠮᠡᠳ ᠵᠡᠭᠦᠨ ᠬᠤᠰᠢᠭᠤᠨ ᠤ ᠲᠠᠷᠢᠶᠠᠯᠠᠬᠤ | ᠭᠠᠵᠠᠷ ᠤᠨ ᠪᠠᠲᠤᠯᠠᠬᠤ ᠬᠡᠮᠵᠢᠶ᠎ᠡ ᠶᠢ 172.9627 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ᠂ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 146.0652 ᠲᠦᠮᠡᠨ | ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ | 1031.3292 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ | ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.3081 ᠳᠠᠬᠢᠨ | ᠲᠣᠭᠠᠨ ᠤ ᠳᠣᠲᠣᠷ᠎ᠠ ᠬᠢᠵᠠᠭᠠᠷᠯᠠᠨ᠎ᠠ᠃ ᠲᠣᠭᠲᠠᠬᠤ ᠰᠢᠶᠠᠨ ᠤ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ | 111.8605 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ ᠥᠨᠢᠳᠡ ᠶᠢᠨ ᠦᠨᠳᠦᠰᠦᠨ ᠲᠠᠷᠢᠶᠠᠨ | ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 89.2857 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 8.0322 ᠺᠦᠸᠠᠳ᠋ ᠺᠢᠯᠣᠮᠧᠲᠷ ᠠᠴᠠ | ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ | ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠪᠴᠢᠶᠡᠵᠢᠯ ᠤᠨ ᠰᠠᠭᠤᠷᠢᠨ ᠳᠡᠭᠡᠷ᠎ᠡ 1.2892 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ᠃ ᠬᠤᠷᠢᠨᠭᠡᠷ | ᠰᠢᠶᠠᠨ ᠤ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 156.9247 ᠲᠦᠮᠡᠨ ᠮᠦ ᠠᠴᠠ ᠳᠣᠣᠷ᠎ᠠ | ᠪᠠᠶᠢᠯᠭᠠᠬᠤ ᠦᠭᠡᠢ᠂ ᠡᠭᠦᠨ ᠳᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ | 135.3773 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ ᠤᠨ ᠲᠠᠯᠠᠪᠠᠶ ᠶᠢ 196.9298 ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ | ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ | 1.4808 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ᠃ ᠴᠢᠩ ᠱᠦᠢ ᠾᠧ ᠰᠢᠶᠠᠨ ᠤ ᠲᠠᠷᠢᠶᠠᠯᠠᠬᠤ ᠭᠠᠵᠠᠷ ᠤᠨ | ᠪᠠᠲᠤᠯᠠᠬᠤ ᠬᠡᠮᠵᠢᠶ᠎ᠡ ᠶᠢ 91.8812 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ᠂ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 72.9291 ᠲᠦᠮᠡᠨ ᠮᠦ ᠠᠴᠠ ᠳᠣᠣᠷ᠎ᠠ | ᠪᠠᠶᠢᠯᠭᠠᠬᠤ ᠦᠭᠡᠢ︔ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠢ ᠶᠢ 543. 2347 | ᠺᠦᠸᠠᠳ᠋ ᠺᠢᠯᠣᠮᠧᠲᠷ ᠠᠴᠠ ᠳᠣᠣᠷ᠎ᠠ ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ | ᠬᠢᠵᠠᠭᠠᠷ ᠢ ᠥᠷᠭᠡᠳᠬᠡᠬᠦ ᠳᠠᠬᠢᠨ ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠡᠪᠴᠢᠶᠡᠵᠢᠯ ᠤᠨ ᠰᠠᠭᠤᠷᠢᠨ ᠳᠡᠭᠡᠷ᠎ᠡ 1.2857 ᠳᠠᠬᠢᠨ ᠲᠣᠭᠠᠨ ᠤ ᠳᠣᠲᠣᠷ᠎ᠠ | ᠬᠢᠵᠠᠭᠠᠷᠯᠠᠨ᠎ᠠ᠃ ᠦᠴᠦᠸᠠᠨ ᠰᠢᠶᠠᠨ ᠤ ᠲᠠᠷᠢᠶᠠᠯᠠᠬᠤ ᠭᠠᠵᠠᠷ ᠤᠨ ᠪᠠᠲᠤᠯᠠᠬᠤ ᠬᠡᠮᠵᠢᠶ᠎ᠡ ᠶᠢ 213. 8319 ᠲᠦᠮᠡᠨ | ᠮᠦ ᠠᠴᠠ ᠳᠣᠣᠷ᠎ᠠ ᠪᠠᠶᠢᠯᠭᠠᠬᠤ ᠦᠭᠡᠢ᠂ ᠡᠭᠦᠨ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠲᠠᠯᠠᠪᠠᠶ ᠶᠢ 184.6769 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ︔ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 757.1624 ᠺᠦᠸᠠᠳ᠋ ᠺᠢᠯᠣᠮᠧᠲᠷ ᠠᠴᠠ ᠳᠣᠣᠷ᠎ᠠ | ᠪᠠᠶᠢᠯᠭᠠᠬᠤ ᠦᠭᠡᠢ︔ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠥᠷᠭᠡᠳᠬᠡᠬᠦ ᠳᠠᠬᠢᠨ | ᠲᠤᠭ᠎ᠠ ᠶᠢ 2020 ᠣᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠪᠴᠢᠶᠡᠵᠢᠯ ᠤᠨ ᠰᠠᠭᠤᠷᠢᠨ ᠳᠡᠭᠡᠷ᠎ᠡ 1.2892 ᠳᠠᠬᠢᠨ ᠲᠣᠭᠠᠨ ᠤ ᠳᠣᠲᠣᠷ᠎ᠠ ᠬᠢᠵᠠᠭᠠᠷᠯᠠᠨ᠎ᠠ᠃ ᠳᠡᠭᠡᠷᠡᠬᠢ | ᠬᠤᠰᠢᠭᠤ ᠰᠢᠶᠠᠨ ︵ᠲᠣᠭᠤᠷᠢᠭ︶ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠥᠬᠡᠬᠤᠲᠠ ᠶᠢᠨ ᠳᠣᠷᠣᠭᠰᠢ | ᠪᠠᠭᠤᠯᠭᠠᠭᠰᠠᠨ ᠭᠦᠢᠴᠡᠳᠬᠡᠯ ᠲᠤᠭ᠎ᠠ ᠠᠴᠠ ᠳᠠᠪᠠᠭᠤᠯᠬᠤ ᠦᠭᠡᠢ᠂ ᠦᠨᠳᠦᠰᠦᠨ ᠨᠤᠲᠤᠭ ᠪᠡᠯᠴᠢᠭᠡᠷ ᠤᠨ ᠲᠠᠯᠠᠪᠠᠶ ᠶᠢ | ᠲᠣᠰ ᠭᠠᠵᠠᠷ ᠣᠷᠣᠨ ᠤ ᠬᠤᠪᠢᠶᠠᠷᠢᠯᠠᠨ ᠲᠣᠭᠲᠠᠭᠠᠭᠰᠠᠨ ᠲᠠᠯᠠᠪᠠᠶ ᠠᠴᠠ ᠳᠣᠣᠷ᠎ᠠ ᠪᠠᠶᠢᠯᠭᠠᠬᠤ ᠦᠭᠡᠢ᠃ | | ᠭᠤᠷᠪᠠ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ | ᠪᠠᠶᠢᠷᠢᠰᠢᠯ ᠢ ᠰᠢᠯᠢᠳᠡᠭᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠣᠷᠣᠨ ᠵᠠᠢ ᠶᠢᠨ ᠪᠦᠲᠦᠴᠡ ᠶᠢᠨ | ᠰᠢᠯᠢᠳᠡᠭᠵᠢᠭᠦᠯᠦᠯᠲᠡ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠮᠤᠷ ᠲᠦᠪᠰᠢᠨ᠂ ᠪᠣᠬᠢᠷᠲᠤᠯ ᠦᠭᠡᠢ ᠂ | ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠤᠨ᠂ ᠲᠠᠷᠢᠶᠠᠯᠠᠬᠤ ᠭᠠᠵᠠᠷ ᠪᠠ ᠥᠨᠢᠳᠡ ᠶᠢᠨ ᠦᠨᠳᠦᠰᠦᠨ | ᠲᠠᠷᠢᠶᠠᠨ ᠭᠠᠵᠠᠷ ᠢ ᠴᠢᠩᠳᠠ ᠬᠠᠮᠠᠭᠠᠯᠠᠵᠤ᠂ ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠠᠮᠤᠷ ᠲᠦᠪᠰᠢᠨ ᠢᠶᠠᠷ ᠬᠠᠩᠭᠠᠬᠤ ᠶᠢ ᠪᠠᠲᠤᠯᠠᠨ᠎ᠠ᠃ ᠠᠮᠢ ᠠᠬᠤᠢ ᠶᠢᠨ ᠣᠷᠣᠨ ᠵᠠᠢ ᠶᠢ | ᠬᠠᠮᠠᠭᠠᠯᠠᠬᠤ ᠪᠠ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠠᠮᠢ ᠠᠬᠤᠢ ᠶᠢ ᠰᠡᠷᠭᠦᠭᠡᠬᠦ ᠠᠵᠢᠯ ᠢ ᠥᠷᠨᠢᠭᠦᠯᠵᠦ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠬᠤᠳᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠶᠢ ᠴᠢᠩᠭᠠᠳᠬᠠᠵᠤ᠂ ᠪᠠᠯᠭᠠᠰᠤ ᠪᠠ ᠲᠣᠰᠬᠤᠨ ᠤ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠦᠨ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ | ᠨᠠᠶᠢᠷᠠᠮᠳᠠᠭᠤ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠲᠠ ᠪᠠᠯᠭᠠᠰᠤ ᠶᠢ | ᠨᠡᠭᠡᠭᠡᠨ ᠬᠥᠭᠵᠢᠭᠦᠯᠬᠦ ᠬᠥᠪᠡᠭᠡ ᠬᠢᠵᠠᠭᠠᠷ ᠢ ᠴᠢᠩᠭ᠎ᠠ ᠰᠠᠬᠢᠵᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠤ᠂ ᠱᠠᠲᠤ ᠦᠶ᠎ᠡ ᠪᠠ ᠴᠠᠭ ᠤᠨ ᠳᠠᠷᠠᠭᠠᠯᠠᠯ | ᠬᠤᠪᠢᠶᠠᠵᠤ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠨ᠎ᠡ᠃ ᠬᠤᠳᠠ ᠬᠥᠳᠡᠭᠡ ᠶᠢᠨ ᠦᠯᠡᠳᠡᠭᠡᠯ ᠬᠡᠷᠡᠭᠯᠡᠭᠡᠨ ᠤ | ᠭᠠᠵᠠᠷ ᠰᠢᠷᠣᠢ ᠶᠢᠨ ᠲᠠᠯᠳᠠ ᠬᠦᠴᠦᠨ ᠢ ᠠᠭᠤᠳᠠᠯᠬᠤ ᠡᠷᠴᠢᠮ ᠢᠶᠠᠨ ᠴᠢᠩᠭᠠᠷᠠᠭᠤᠯᠤᠨ᠂ ᠬᠥᠷᠥᠰᠥ ᠰᠢᠷᠣᠢ ᠶᠢᠨ ᠬᠠᠮ | ᠠᠰᠢᠭᠯᠠᠯᠲᠠ ᠶᠢ ᠬᠥᠲᠥᠯᠥᠨ ᠵᠢᠯᠤᠭᠤᠳᠴᠤ᠂ ᠬᠥᠷᠥᠰᠥ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠬᠢᠷᠢ | ᠬᠡᠮᠵᠢᠶ᠎ᠡ ᠪᠠᠨ ᠳᠡᠭᠡᠭᠰᠢᠯᠡᠭᠦᠯᠦᠨ᠂ ᠬᠤᠳᠠ ᠪᠠᠯᠭᠠᠰᠤᠨ ᠤ ᠠᠭᠤᠯᠤᠭᠳᠠᠬᠤᠨ ᠮᠠᠶ᠋ᠢᠭ ᠤᠨ ᠡᠷᠴᠢᠮᠯᠢᠭ ᠬᠥᠭᠵᠢᠯᠲᠡ ᠶᠢ | ᠠᠬᠢᠭᠤᠯᠤᠨ᠎ᠠ᠃ | | ᠳᠥᠷᠪᠡ᠂ ᠬᠤᠲᠠ ᠬᠥᠳᠡᠭᠡ ᠶᠢᠨ ᠣᠷᠣᠨ ᠵᠠᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠲᠥᠪ ᠪᠣᠯᠬᠤ | ᠬᠤᠲᠠ ᠲᠣᠭᠤᠷᠢᠭ ᠤᠨ ᠣᠷᠣᠨ ᠵᠠᠢ ᠶᠢᠨ ᠪᠦᠲᠦᠴᠡ ᠪᠠ ᠭᠠᠵᠠᠷ ᠰᠢᠷᠣᠢ ᠬᠡᠷᠡᠭᠯᠡᠬᠦ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠦᠨ᠂ ᠰᠤᠷᠭᠠᠨ ᠬᠥᠮᠦᠵᠢᠯ᠂ ᠰᠣᠶᠣᠯ᠂ ᠪᠡᠶ᠎ᠡ ᠶᠢᠨ ᠲᠠᠮᠢᠷ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ | ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠣᠷᠣᠨ | ᠰᠠᠭᠤᠴᠠ ᠳᠤ ᠬᠡᠷᠡᠭᠯᠡᠬᠦ ᠭᠠᠵᠠᠷ ᠰᠢᠷᠣᠢ ᠶᠢ ᠵᠦᠢ ᠵᠣᠬᠢᠰᠲᠠᠢ ᠲᠣᠬᠢᠷᠠᠭᠤᠯᠤᠨ᠂ ᠨᠡᠶᠢᠭᠡᠮ ᠲᠣᠭᠤᠷᠢᠭ ᠤᠨ ᠬᠢᠨ ᠤ | ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠤᠳᠠ ᠶᠢᠨ ︽ᠲᠦᠷᠪᠡᠨ | ᠱᠤᠭᠤᠮ︾ ᠤᠨ ᠬᠠᠮᠢᠶᠠᠷᠤᠯᠲᠠ ᠡᠵᠡᠮᠳᠡᠯ ᠢ ᠴᠢᠩᠳᠠᠯᠠᠵᠤ᠂ ᠤᠯᠠᠨ ᠨᠡᠶᠢᠲᠡ ᠶᠢᠨ ᠴᠢᠯᠦᠭᠡᠲᠦ ᠵᠠᠳᠠᠭᠠᠢ ᠣᠷᠣᠨ ᠵᠠᠢ ᠶᠢ | ᠰᠢᠰᠲ᠋ᠧᠮ ᠲᠠᠢ ᠪᠠᠷ ᠪᠠᠶᠢᠭᠤᠯᠤᠨ᠂ ᠬᠤᠳᠠ ᠶᠢᠨ ᠰᠢᠨᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠲᠡᠦᠬᠡ | ᠰᠣᠶᠣᠯ ᠤᠨ ᠬᠠᠮᠠᠭᠠᠯᠠᠯᠲᠠ ᠶᠢᠨ ᠱᠤᠭᠤᠮ ᠤᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ | ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠵᠢᠴᠢ ᠡᠷᠬᠢᠨ ᠲᠣᠭᠤᠷᠢᠨ ᠤ | ᠣᠷᠴᠢᠨ ᠠᠬᠤᠢ ᠶᠢ ᠰᠠᠶᠢᠲᠤᠷ ᠬᠠᠮᠠᠭᠠᠯᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ | ᠵᠠᠯᠭᠠᠮᠵᠢᠯᠠᠨ᠎ᠠ᠃ ᠬᠤᠳᠠ ᠶᠢᠨ ᠵᠢᠷᠤᠭ ᠲᠥᠯᠥᠪᠯᠡᠭᠡ᠂ ᠠᠶᠢᠯ ᠲᠣᠰᠬᠤᠨ ᠤ ᠵᠢᠷᠤᠭ ᠲᠥᠯᠥᠪᠯᠡᠭᠡ ᠶᠢᠨ ᠠᠵᠢᠯ ᠢ | ᠴᠢᠩᠭᠠᠷᠠᠭᠤᠯᠤᠨ᠂ ᠬᠤᠳᠠ ᠬᠥᠳᠡᠭᠡ ᠶᠢᠨ ᠣᠷᠣᠨ ᠵᠠᠢ ᠶᠢᠨ ᠬᠡᠯᠪᠡᠷᠢ ᠪᠠᠶᠢᠳᠠᠯ ᠢ ᠰᠢᠯᠢᠳᠡᠭᠵᠢᠭᠦᠯᠵᠦ᠂ ᠨᠤᠲᠤᠭ | ᠪᠦᠰᠡ ᠶᠢᠨ ᠣᠨᠴᠠᠯᠢᠭ ᠢ ᠭᠦᠢᠴᠡᠳ ᠠᠭᠤᠯᠤᠭᠰᠠᠨ ᠬᠤᠳᠠ ᠬᠥᠳᠡᠭᠡ ᠶᠢᠨ ᠳᠦᠷᠰᠦ ᠪᠠᠶᠢᠳᠠᠯ ᠢ ᠢᠯᠡᠷᠡᠭᠦᠯᠦᠨ᠎ᠡ᠃ | | ᠲᠠᠪᠤ᠂ ᠣᠳᠣᠬᠢᠴᠢᠯᠠᠭᠰᠠᠨ ᠰᠠᠭᠤᠷᠢ ᠪᠡᠯᠡᠳᠬᠡᠮᠵᠢ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠬᠤᠳᠠ | ᠬᠥᠳᠡᠭᠡ ᠶᠢᠨ ᠡᠯ᠎ᠡ ᠲᠦᠷᠦᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ | ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ | ᠣᠷᠣᠨ ᠪᠦᠰᠡ ᠶᠢᠨ ᠴᠢᠬᠤᠯᠠ ᠬᠤᠳᠠ ᠯᠤᠭ᠎ᠠ ᠶᠢᠨ ᠵᠠᠮ ᠬᠠᠷᠢᠯᠴᠠᠭᠠᠨ ᠤ ᠬᠠᠷᠢᠯᠴᠠᠭ᠎ᠠ ᠬᠤᠯᠪᠤᠭ᠎ᠠ ᠶᠢ | ᠴᠢᠩᠭᠠᠷᠠᠭᠤᠯᠤᠨ᠂ ᠡᠯ᠎ᠡ ᠵᠦᠢᠯ ᠤᠨ ᠵᠠᠮ ᠬᠠᠷᠢᠯᠴᠠᠭᠠᠨ ᠤ ᠠᠷᠭ᠎ᠠ ᠮᠠᠶ᠋ᠢᠭ ᠢ ᠬᠠᠷᠢᠯᠴᠠᠨ ᠵᠣᠬᠢᠴᠠᠭᠤᠯᠤᠭᠰᠠᠨ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠭᠲᠠᠯᠴᠠᠭ᠎ᠠ ᠶᠢ ᠪᠠᠶᠢᠭᠤᠯᠤᠨ᠎ᠠ᠃ ᠤᠯᠠᠨ ᠨᠡᠶᠢᠲᠡ ᠶᠢᠨ ᠠᠮᠤᠷ ᠲᠦᠪᠰᠢᠨ | ᠪᠠ ᠭᠠᠮᠰᠢᠭ ᠢ ᠶᠡᠷᠦᠩᠬᠡᠶᠢᠯᠡᠨ ᠰᠡᠷᠭᠡᠶᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠬᠤᠳᠠ ᠶᠢᠨ ᠠᠮᠢᠨ ᠰᠤᠳᠠᠰᠤ | ᠪᠦᠬᠦᠢ ᠴᠢᠳᠠᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠬᠤᠳᠠ ᠶᠢᠨ ᠠᠮᠤᠷ ᠲᠦᠪᠰᠢᠨ ᠤ ᠤᠶᠠᠨ | ᠬᠠᠳᠠᠨ ᠴᠢᠨᠠᠷ ᠢ ᠳᠡᠭᠡᠭᠰᠢᠯᠡᠭᠦᠯᠦᠨ᠎ᠡ᠃ | | ᠵᠢᠷᠭᠤᠭ᠎ᠠ᠂ ᠲᠥᠯᠦᠪᠵᠢᠭᠦᠯᠭᠡ ᠶᠢᠨ ᠲᠥᠪ ᠴᠢᠩᠭ᠎ᠠ ᠴᠢᠨᠠᠷ ᠡᠷᠬᠡ ᠰᠦᠷᠲᠦ ᠴᠢᠨᠠᠷ ᠢ ᠬᠠᠮᠠᠭᠠᠯᠠᠨ᠎ᠠ᠃ ︽ | ᠣᠯᠠᠨ ᠲᠥᠯᠦᠪᠵᠢᠭᠦᠯᠭᠡ ᠶᠢ ᠨᠢᠭᠡ ᠪᠣᠯᠭᠠᠬᠤ︾ ᠥᠭᠡᠷᠡᠴᠢᠯᠡᠯᠲᠡ ᠶᠢᠨ ᠲᠤᠬᠠᠢ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ ᠂ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠲᠣᠭᠲᠠᠯᠴᠠᠭ᠎ᠠ ᠠᠴᠠ ᠭᠠᠳᠠᠨ᠎ᠠ | ᠪᠤᠰᠤᠳ ᠣᠷᠣᠨ ᠵᠠᠢ ᠶᠢᠨ ᠲᠥᠯᠦᠪᠵᠢᠭᠦᠯᠭᠡ ᠶᠢ ᠠᠰᠲᠠᠭᠠᠨ ᠭᠠᠷᠭᠠᠬᠤ ᠦᠭᠡᠢ᠃ ︽ᠲᠥᠯᠦᠪᠵᠢᠭᠦᠯᠭᠡ︾ ᠶᠢ ᠴᠢᠩᠭ᠎ᠠ | ᠬᠡᠷᠡᠭᠵᠢᠭᠦᠯᠵᠦ᠂ ᠶᠠᠮᠠᠷᠪᠠ ᠰᠠᠯᠠᠭ᠎ᠠ ᠮᠥᠴᠢᠷ ᠪᠠ ᠬᠤᠪᠢ ᠬᠥᠮᠥᠨ ᠭᠡᠳ ᠳᠤᠷ᠎ᠠ ᠪᠠᠷ ᠢᠶᠠᠨ ᠵᠠᠰᠠᠪᠤᠷᠢ ᠣᠷᠣᠭᠤᠯᠵᠤ᠂ | ᠲᠣᠭᠲᠠᠭᠠᠯ ᠠᠴᠠ ᠵᠥᠷᠢᠴᠡᠨ ᠬᠤᠪᠢᠷᠠᠭᠠᠵᠤ ᠪᠣᠯᠬᠤ ᠦᠭᠡᠢ᠃ ᠨᠢᠭᠡᠨ ᠵᠢᠷᠤᠭ ᠲᠥᠰᠥᠪ ᠢ ᠪᠠᠷᠢᠵᠤ ᠡᠴᠦᠰ ᠲᠤ ᠨᠢ | ᠲᠤᠯᠲᠠᠯ᠎ᠠ ᠲᠤᠭᠤᠰᠢᠲᠠᠢ ᠬᠢᠬᠦ ᠶᠢ ᠪᠠᠷᠢᠮᠲᠠᠯᠠᠵᠤ᠂ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ | ᠲᠦᠪᠰᠢᠨ ᠢᠶᠠᠨ ᠦᠨᠡᠨ ᠬᠦ ᠳᠡᠭᠡᠭᠰᠢᠯᠡᠭᠦᠯᠦᠨ᠎ᠡ᠃ ︽ᠭᠤᠷᠪᠠᠨ ᠣᠷᠣᠨ ᠵᠠᠢ ᠭᠤᠷᠪᠠᠨ ᠡᠵᠡᠮᠳᠡᠯ ᠤᠨ ᠱᠤᠭᠤᠮ︾ ᠤᠨ | ᠬᠠᠮᠢᠶᠠᠷᠤᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ︽ᠲᠥᠯᠦᠪᠵᠢᠭᠦᠯᠭᠡ︾ ᠶᠢᠨ | ᠭᠤᠣᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠬᠠᠮᠢᠶᠠᠷᠤᠨ᠎ᠠ᠃ ᠨᠠᠷᠢᠯᠢᠭ ᠲᠥᠯᠦᠪᠵᠢᠭᠦᠯᠭᠡ᠂ ᠬᠠᠮᠢᠶ᠎ᠠ ᠪᠦᠬᠦᠢ | ᠲᠤᠰᠬᠠᠢ ᠵᠦᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠤᠰᠬᠠᠢ | ᠵᠦᠢᠯ ᠤᠨ ᠲᠥᠯᠦᠪᠵᠢᠭᠦᠯᠭᠡ ᠳᠠᠬᠢ ᠵᠢᠯᠣᠭᠤᠳᠤᠯᠭ᠎ᠠ ᠬᠢᠵᠠᠭᠠᠷᠯᠠᠯ ᠢᠶᠠᠨ ᠴᠢᠩᠭᠠᠷᠠᠭᠤᠯᠤᠨ᠎ᠠ᠃ ᠪᠦᠬᠦ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠬᠥᠳᠡᠯᠦᠩᠭᠦᠢ ᠪᠠᠷ ᠬᠢᠨᠠᠨ ᠰᠢᠨᠵᠢᠬᠦ ᠦᠨᠡᠯᠡᠨ | ᠵᠢᠱᠢᠬᠦ ᠤᠷᠢᠳᠴᠢᠯᠠᠨ ᠰᠡᠷᠡᠮᠵᠢᠯᠡᠭᠦᠯᠬᠦ ᠪᠠ ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ︽ᠲᠥᠯᠦᠪᠵᠢᠭᠦᠯᠭᠡ︾ ᠶᠢ ᠳᠠᠷᠤᠮᠠᠯᠯᠠᠨ ᠲᠠᠷᠬᠠᠭᠠᠬᠤ ᠪᠠ ᠢᠯᠡ ᠪᠣᠯᠭᠠᠬᠤ ᠠᠵᠢᠯ ᠢ ᠰᠠᠶᠢᠲᠤᠷ | ᠬᠢᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ᠃ ︽ᠲᠥᠯᠦᠪᠵᠢᠭᠦᠯᠭᠡ︾ ᠶᠢ ᠬᠡᠷᠡᠭᠵᠢᠭᠦᠯᠬᠦ | ᠶᠠᠪᠤᠴᠠ ᠳᠠᠬᠢ ᠴᠢᠬᠤᠯᠠ ᠶᠡᠭᠡ ᠵᠦᠢᠯᠡᠰ ᠢ ᠴᠠᠭ ᠲᠤᠬᠠᠢ ᠳᠤ ᠨᠢ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃ | | | 2024 ᠣᠨ ᠤ12 ᠳ᠋ᠤᠭᠠᠷ ᠰᠠᠷ᠎ᠠ ᠶᠢᠨ19 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |