ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ 2024 ᠣᠨ ᠤ ᠲᠣᠭᠲᠠᠭᠰᠠᠨ ᠬᠠᠷᠠᠯᠲᠠ ᠪᠠᠨ ᠠᠮᠵᠢᠯᠲᠠ ᠲᠠᠢ ᠪᠡᠶᠡᠯᠡᠭᠦᠯᠪᠡ - ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢᠨ ᠠᠵᠢᠯ ᠤᠨ ᠲᠤᠰᠬᠠᠢ ᠠᠩᠭᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2025/2/7
       ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠄ ᠨᠢᠳᠤᠨᠤᠨ ᠤ 5 ᠳ᠋ᠤᠭᠠᠷ ᠰᠠᠷ᠎ᠠ ᠶᠢᠨ 17 ᠤ ᠡᠳᠦᠷ᠂ ᠤᠯᠤᠰ ᠠᠴᠠ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠢ ᠪᠠᠶᠢᠷᠢᠯᠠᠭᠤᠯᠤᠨ ᠥᠷᠨᠢᠭᠦᠯᠪᠡ᠂ ᠣᠳᠣᠬᠠᠨ ᠤ ᠠᠬᠢᠴᠠ ᠪᠠ ᠦᠷ᠎ᠡ ᠪᠦᠲᠦᠮᠵᠢ ᠨᠢ ᠬᠢᠷᠢ ᠵᠡᠷᠭᠡ ᠪᠣᠶ︖            ᠬᠠᠷᠢᠭᠤᠯᠲᠠ᠄ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠡᠯ᠎ᠡ ᠭᠠᠵᠠᠷ ᠤᠨ ᠬᠢᠨ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠪᠠᠷ ᠳᠠᠮᠵᠢᠭᠤᠯᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠵᠤ ᠲᠤᠰᠢᠶᠠᠨ ᠥᠭᠬᠦ ᠶᠢ ᠪᠠᠲᠤᠯᠠᠵᠠᠢ᠃ 2024 ᠣᠨ ᠤ ᠵᠢᠯ ᠤᠨ ᠡᠴᠦᠰ ᠪᠣᠯᠲᠠᠯ᠎ᠠ᠂ ᠪᠥᠬᠦ ᠤᠯᠤᠰ ᠤᠨ ︽ᠴᠠᠭᠠᠨ ᠨᠡᠷᠡᠰ︾ ᠤᠨ ᠲᠦᠷᠦᠯ ᠵᠦᠢᠯ ᠤᠨ ᠵᠢᠭᠡᠯᠡᠯᠭᠡ ᠶᠢ ᠬᠢᠨᠠᠨ ᠵᠥᠪᠰᠢᠶᠡᠷᠡᠵᠦ ᠪᠠᠲᠤᠯᠠᠭᠰᠠᠨ ᠵᠣᠭᠤᠰ ᠤᠨ ᠲᠤᠭ᠎ᠠ 5 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠪᠠᠲᠤᠯᠠᠭᠠᠲᠤ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠠᠵᠢᠯ ᠳᠤ 373 ᠲᠦᠮᠡᠨ ᠢᠵᠢ ᠣᠷᠣᠨ ᠰᠠᠭᠤᠴᠠ ᠶᠢ ᠲᠤᠰᠢᠶᠠᠨ ᠥᠭᠬᠦ ᠶᠢ ᠪᠡᠶᠡᠯᠡᠭᠦᠯᠵᠦ᠂ ᠣᠨ ᠤ ᠲᠣᠭᠲᠠᠭᠰᠠᠨ ᠬᠠᠷᠠᠯᠲᠠ ᠪᠠᠨ ᠤᠷᠤᠭᠰᠢᠲᠠᠢ ᠪᠡᠶᠡᠯᠡᠭᠦᠯᠪᠡ᠃ ‍ᠠᠳᠤᠯᠠᠭᠠᠳᠤ ᠲᠤᠰᠢᠶᠠᠬᠤ ᠭᠡᠷ ᠪᠠᠶᠢᠰᠢᠩ ᠤᠨ‌ᠠᠵᠢᠯ ᠢ ᠡᠮᠬᠢ ᠵᠢᠷᠤᠮ ᠲᠠᠢ ᠪᠠᠷ ᠠᠬᠢᠭᠤᠯᠤᠭᠰᠠᠨ ᠢᠶᠠᠷ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠦᠴᠦᠲᠡᠢ ᠬᠠᠮᠠᠭᠠᠯᠠᠵᠤ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠦᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠬᠤ ᠶᠢ ᠵᠣᠭᠰᠣᠭᠠᠵᠤ ᠳᠠᠬᠢᠨ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠪᠡ᠃            ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠄ ᠸᠠᠨ ᠺᠧ ᠲᠥᠷᠥᠯ ᠵᠦᠢᠯ ᠤᠨ ᠲᠠᠸᠠᠷ ᠤᠨ ᠣᠷᠣᠨ ᠰᠠᠭᠤᠴᠠ ᠶᠢ ᠲᠤᠰᠢᠶᠠᠭᠰᠠᠨ ᠪᠠᠶᠢᠳᠠᠯ ᠨᠢ ᠶᠠᠮᠠᠷ ᠪᠣᠶ︖           ᠬᠠᠷᠢᠭᠤᠯᠲᠠ᠄ ᠲᠤᠰᠬᠠᠢ ᠠᠩᠭᠢ ᠶᠢᠨ ᠡᠵᠡᠮᠰᠢᠭᠰᠡᠨ ᠪᠠᠶᠢᠳᠠᠯ ᠠᠴᠠ ᠦᠵᠡᠪᠡᠯ᠂ 2024 ᠣᠨ ᠳᠤ᠂ ᠸᠠᠨ ᠺᠧ ᠶᠢᠨ ᠲᠤᠰᠢᠶᠠᠨ ᠦᠭᠭᠭᠦᠭᠰᠡᠨ ᠣᠷᠣᠨ ᠰᠠᠭᠤᠴᠠ 18 ᠲᠦᠮᠡᠨ ᠢᠵᠢ ᠶᠢ ᠳᠠᠪᠠᠵᠤ᠂  ᠪᠠᠲᠤᠯᠠᠭᠠᠲᠤ ᠲᠤᠰᠢᠶᠠᠬᠤ  ᠭᠡᠷ ᠪᠠᠶᠢᠰᠢᠩ ᠤᠨ ᠠᠵᠢᠯ ᠤᠨ ᠬᠠᠷᠠᠯᠲᠠ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠵᠡᠢ᠃ ᠡᠯ᠎ᠡ ᠭᠠᠵᠠᠷ ᠤᠨ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢᠨ ᠠᠵᠢᠯ ᠤᠨ ᠲᠤᠰᠬᠠᠢ ᠠᠩᠭᠢ ᠶᠢᠨ ᠣᠶᠢᠯᠠᠭᠠᠭᠰᠠᠨ ᠪᠠᠶᠢᠳᠠᠯ ᠠᠴᠠ ᠦᠵᠡᠪᠡᠯ᠂ ᠣᠳᠣᠬᠠᠨ ᠳᠤ ᠸᠠᠨ ᠺᠧ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠠᠭ ᠯᠠᠪᠳᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠂ ︽ᠴᠠᠭᠠᠨ ᠨᠡᠷᠡᠰ︾ ᠤᠨ ᠳᠦᠷᠢᠮ ᠨᠢ ᠪᠡᠯᠡ ᠲᠣᠬᠢᠷᠠᠭᠤᠯᠭ᠎ᠠ ᠳᠤ ᠬᠦᠴᠦᠲᠡᠢ ᠳᠡᠮᠵᠢᠯᠭᠡ ᠬᠠᠩᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠰᠢᠶᠠᠨ ᠥᠭᠬᠦ ᠶᠢ ᠭᠦᠢᠴᠡᠳ ᠪᠠᠲᠤᠯᠠᠬᠤ ᠪᠠᠶᠢᠨ᠎ᠠ᠃            ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠄ ᠨᠢᠳᠤᠨᠤᠨ ᠤ ᠪᠠᠲᠤᠯᠠᠭᠠᠲᠤ ᠲᠤᠰᠢᠶᠠᠬᠤ ᠣᠷᠣᠨ ᠰᠠᠭᠤᠴᠠ ᠶᠢᠨ  ᠪᠣᠭᠤᠮᠲᠠ ᠰᠢᠪᠲᠤᠯᠬᠤ ᠠᠵᠢᠯ ᠳᠤ ᠢᠯᠡᠳᠲᠡ ᠦᠷ᠎ᠡ ᠪᠦᠲᠦᠮᠵᠢ ᠣᠯᠣᠭᠰᠠᠨ ᠰᠠᠭᠤᠷᠢᠨ ᠳᠡᠭᠡᠷ᠎ᠡ᠂ 2025 ᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢᠨ ᠵᠣᠬᠢᠴᠠᠭᠤᠯᠬᠤ ᠲᠣᠭᠲᠠᠴᠠ ᠶᠢᠨ ᠠᠵᠢᠯ ᠤᠨ ᠲᠤᠰᠬᠠᠢ ᠠᠩᠭᠢ ᠶᠠᠮᠠᠷ ᠶᠠᠮᠠᠷ ᠠᠵᠢᠯ ᠤᠨ ᠪᠠᠶᠢᠷᠢᠯᠠᠭᠤᠯᠤᠯᠲᠠ ᠬᠢᠭᠰᠡᠨ ᠪᠣᠶ︖           ᠬᠠᠷᠢᠭᠤᠯᠲᠠ᠄ 2025 ᠣᠨ ᠳᠤ᠂ ᠪᠢᠳᠡ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠣᠷᠣᠭᠤᠯᠬᠤ ᠶᠣᠰᠣᠲᠠᠢ ᠶᠢ  ᠨᠢ ᠴᠥᠮ ᠣᠷᠣᠭᠤᠯᠵᠤ᠂ ᠵᠢᠭᠡᠯᠡᠭᠦᠯᠬᠦ ᠶᠣᠰᠣᠲᠠᠢ ᠳᠤ ᠨᠢ ᠴᠥᠮ ᠵᠢᠭᠡᠯᠡᠭᠦᠯᠵᠦ᠂ ᠤᠷᠢᠳᠴᠢᠯᠠᠭᠤᠯᠵᠤ ᠪᠤᠯᠬᠤ ᠶᠢ ᠨᠢ ᠤᠷᠢᠳᠴᠢᠯᠠᠭᠤᠯᠬᠤ︾ ᠵᠠᠷᠴᠢᠮ ᠶᠣᠰᠣᠭᠠᠷ᠂ ᠨᠥᠬᠦᠴᠡᠯ ᠳᠤ ᠨᠡᠶᠢᠴᠡᠬᠦ ᠲᠦᠷᠦᠯ ᠵᠦᠢᠯ ᠢ ᠴᠥᠮ ︽ ᠴᠠᠭᠠᠨ ᠨᠡᠷᠡᠰ︾ ᠲᠤ ᠣᠷᠣᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠰᠢᠶᠠᠨ ᠥᠭᠬᠦ ᠶᠢ ᠨᠠᠷᠢᠯᠢᠭ ᠣᠨᠣᠴᠠᠲᠠᠢ ᠪᠠᠷ ᠳᠡᠮᠵᠢᠵᠦ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃           ᠡᠭᠦᠨ ᠤ ᠵᠡᠷᠭᠡ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠣᠲᠣ ᠶᠠᠭ ᠡᠯ᠎ᠡ ᠭᠠᠵᠠᠷ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠬᠡᠷᠡᠭᠯᠡᠨ ᠰᠤᠯᠠ ᠪᠠᠶᠢᠭ᠎ᠠ ᠭᠠᠵᠠᠷ ᠰᠢᠷᠣᠢ ᠶᠢ ᠬᠤᠷᠢᠶᠠᠨ ᠠᠪᠬᠤ ᠪᠠ ᠬᠤᠳᠠᠯᠳᠤᠨ ᠠᠪᠬᠤ ᠡᠷᠴᠢᠮ ᠢᠶᠠᠨ ᠴᠢᠩᠭᠠᠷᠠᠭᠤᠯᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠦᠯᠡᠳᠡᠭᠡᠯ ᠲᠠᠸᠠᠷ ᠤᠨ ᠭᠡᠷ ᠪᠠᠶᠢᠰᠢᠩ ᠢ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠦᠷᠭᠦᠯᠵᠢᠯᠡᠨ ᠵᠣᠬᠢᠴᠠᠭᠤᠯᠵᠤ ᠵᠢᠭᠡᠯᠡᠯᠭᠡ᠂ ᠵᠢᠭᠡᠯᠡᠯᠭᠡ ᠶᠢᠨ ᠲᠡᠮᠳᠡᠭᠲᠦ ᠵᠡᠷᠭᠡ ᠮᠥᠩᠭᠦᠨ ᠭᠦᠢᠯᠭᠡᠭᠡᠨ ᠤ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠵᠦᠢ ᠵᠣᠬᠢᠰᠲᠠᠢ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠣᠯᠠᠨ ᠠᠷᠭ᠎ᠠ ᠵᠠᠮ ᠢᠶᠠᠷ ᠬᠠᠩᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠢᠯ ᠲᠥᠷᠥᠯ ᠤᠨ ᠪᠡᠯᠡ ᠲᠣᠬᠢᠷᠠᠭᠤᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃
 
ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号