ᠠᠷᠠᠳ ᠤᠨ ᠶᠠᠪᠤᠳᠠᠯ ᠤᠨ ᠲᠢᠩᠬᠢᠮ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠦᠴᠢᠷᠳᠡᠯᠲᠡᠢ ᠣᠯᠠᠨ ᠲᠦᠮᠡᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠦᠨᠳᠦᠰᠦᠨ ᠵᠦᠢᠯ ᠢ ᠪᠠᠲᠤᠯᠠᠬᠤ ᠠᠵᠢᠯ ᠢ ᠬᠢᠨᠠᠮᠠᠭᠠᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2025/2/7
       ᠨᠢᠭᠡ ᠳᠤ᠂ ᠬᠦᠴᠢᠷᠳᠡᠯᠲᠡᠢ ᠣᠯᠠᠨ ᠲᠦᠮᠡᠨ  ᠤ 1 - 2 ᠳ᠋ᠤᠭᠠᠷ ᠰᠠᠷ᠎ᠠ ᠶᠢᠨ ᠠᠪᠤᠷᠠᠨ ᠲᠤᠰᠠᠯᠠᠬᠤ ᠪᠡᠯᠡ ᠮᠥᠩᠭᠦ ᠶᠢ ᠤᠷᠢᠳᠴᠢᠯᠠᠨ ᠣᠯᠭᠤᠪᠠ᠃ 1 ᠳ᠋ᠦ᠋ᠭᠡᠷ ᠰᠠᠷ᠎ᠠ ᠶᠢᠨ 24 ᠤ ᠡᠳᠦᠷ ᠪᠣᠯᠲᠠᠯ᠎ᠠ᠂ ᠮᠠᠨ ᠤ ᠣᠷᠣᠨ ᠬᠦᠴᠢᠷᠳᠡᠯᠲᠡᠢ ᠣᠯᠠᠨ ᠲᠦᠮᠡᠨ ᠳᠤ ᠨᠢᠭᠡ ᠯᠡ ᠤᠳᠠᠭ᠎ᠠ ᠳᠤ 470.5 ᠲᠦᠮᠡᠨ ᠲᠥᠭᠦᠷᠢᠭ ᠤᠨ ᠠᠮᠢᠳᠤᠷᠠᠯ ᠤᠨ ᠨᠥᠬᠦᠪᠦᠷᠢ ᠣᠯᠭᠤᠵᠤ᠂ 4705 ᠬᠦᠴᠢᠷᠳᠡᠯᠲᠡᠢ ᠣᠯᠠᠨ ᠲᠦᠮᠡᠨ ᠳᠤ ᠠᠰᠢᠭ ᠬᠦᠷᠲᠡᠭᠡᠪᠡ︔ ᠳᠤᠯᠠᠭᠠᠯᠠᠭ᠎ᠠ ᠶᠢᠨ ᠠᠪᠤᠷᠠᠨ ᠲᠤᠰᠠᠯᠠᠬᠤ ᠪᠡᠯᠡ ᠮᠥᠩᠭᠦ ᠶᠢ 4222.41 ᠲᠦᠮᠡᠨ ᠲᠥᠭᠦᠷᠢᠭ ᠲᠠᠷᠬᠠᠭᠠᠵᠤ᠂ 6.17 ᠲᠦᠮᠡᠨ ᠬᠦᠴᠢᠷᠳᠡᠯᠲᠡᠢ ᠣᠯᠠᠨ ᠲᠦᠮᠡᠨ ᠳᠤ ᠠᠰᠢᠭ ᠬᠦᠷᠲᠡᠭᠡᠪᠡ︔ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ ᠶᠢ 87245.64 ᠲᠦᠮᠡᠨ ᠲᠥᠭᠦᠷᠢᠭ ᠲᠠᠷᠬᠠᠭᠠᠵᠤ᠂ 160.2 ᠲᠦᠮᠡᠨ ᠬᠦᠴᠢᠷᠳᠡᠯᠲᠡᠢ ᠣᠯᠠᠨ ᠲᠦᠮᠡᠨ ᠳᠤ ᠠᠰᠢᠭ ᠬᠦᠷᠲᠡᠭᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠣᠨᠴᠠ ᠬᠦᠴᠢᠷᠳᠡᠯᠲᠡᠢ ᠪᠡᠯᠡ ᠮᠥᠩᠭᠦ ᠶᠢ 15132.19 ᠲᠦᠮᠡᠨ ᠲᠥᠭᠦᠷᠢᠭ ᠲᠠᠷᠬᠠᠭᠠᠵᠤ᠂ 10.15 ᠲᠦᠮᠡᠨ ᠬᠦᠴᠢᠷᠳᠡᠯᠲᠡᠢ ᠣᠯᠠᠨ ᠲᠦᠮᠡᠨ ᠳᠤ ᠠᠰᠢᠭ ᠬᠦᠷᠲᠡᠭᠡᠪᠡ᠃      ᠬᠤᠶᠠᠷ ᠲᠤ᠂ ᠲᠦᠷ ᠴᠠᠭ ᠤᠨ ᠠᠪᠤᠷᠠᠨ ᠲᠤᠰᠠᠯᠠᠬᠤ ᠦᠢᠯᠡᠳᠦᠯ ᠢ ᠪᠠᠳᠠᠷᠠᠭᠤᠯᠪᠠ᠃ 37631 ᠡᠷᠦᠬᠡ ᠭᠤᠣᠯᠳᠠᠯᠭ᠎ᠠ ᠪᠣᠯᠬᠤ ᠬᠥᠮᠥᠰ ᠢ ᠰᠤᠷᠪᠤᠯᠵᠢᠯᠠᠵᠤ᠂ ᠲᠠᠷᠠᠬᠠᠢ ᠪᠤᠲᠠᠷᠬᠠᠢ ᠣᠨᠴᠠ ᠬᠦᠴᠢᠷᠳᠡᠯᠲᠡᠢ 11936 ᠬᠥᠮᠥᠰ ᠢ ᠵᠢᠭᠰᠠᠭᠠᠨ ᠪᠠᠶᠢᠴᠠᠭᠠᠵᠤ᠂ ᠣᠯᠠᠨ ᠲᠦᠮᠡᠨ ᠤ 399 ᠬᠤᠪᠢ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠪᠡ︔ ᠲᠦᠷ ᠴᠠᠭ ᠤᠨ ᠠᠪᠤᠷᠠᠨ ᠲᠤᠰᠠᠯᠠᠬᠤ ᠪᠡᠯᠡ ᠮᠥᠩᠭᠦ ᠶᠢ 5642.5 ᠲᠦᠮᠡᠨ ᠲᠥᠭᠦᠷᠢᠭ ᠵᠠᠷᠤᠴᠠᠭᠤᠯᠵᠤ᠂ 2.35 ᠲᠦᠮᠡᠨ ᠬᠥᠮᠥᠨ ᠤᠳᠠᠭ᠎ᠠ ᠶᠢ ᠲᠦᠷ ᠴᠠᠭ ᠠᠪᠤᠷᠠᠨ ᠲᠤᠰᠠᠯᠠᠪᠠ᠃      ᠭᠤᠷᠪᠠ ᠳᠤ᠂ ᠰᠤᠷᠪᠤᠯᠵᠢᠯᠠᠨ ᠬᠠᠯᠠᠮᠵᠢᠯᠠᠬᠤ ᠡᠷᠴᠢᠮ ᠢᠶᠠᠨ ᠴᠢᠩᠭᠠᠷᠠᠭᠤᠯᠪᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ 9802 ᠡᠷᠦᠬᠡ᠂ ᠣᠨᠴᠠ ᠬᠦᠴᠢᠷᠳᠡᠯᠲᠡᠢ 2102 ᠡᠷᠦᠬᠡ ᠶᠢ ᠪᠣᠯᠭᠤᠭᠠᠨ ᠲᠣᠬᠤᠨᠢᠭᠤᠯᠵᠤ᠂ 654.09 ᠲᠦᠮᠡᠨ ᠲᠥᠭᠦᠷᠢᠭ ᠤᠨ ᠲᠣᠬᠤᠨᠢᠭᠤᠯᠬᠤ ᠮᠥᠩᠭᠦ ᠲᠠᠷᠬᠠᠭᠠᠪᠠ᠃ ︵ᠠᠷᠠᠳ ᠤᠨ ᠶᠠᠪᠤᠳᠠᠯ ᠤᠨ ᠲᠢᠩᠬᠢᠮ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号