| | | | 2024 ᠣᠨ ᠳᠤ ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ | ︽ᠵᠠᠭᠤᠨ ᠬᠦᠷᠢᠶᠡᠯᠡᠩ᠂ ᠵᠠᠭᠤᠨ ᠠᠵᠤ ᠠᠬᠤᠶᠢᠯᠠᠯ᠂ ᠵᠠᠭᠤᠨ ᠳᠡᠯᠭᠡᠭᠦᠷ︾ ᠢ ᠵᠢᠱᠢᠶ᠎ᠡ ᠦᠵᠡᠭᠦᠯᠭᠦ ᠡᠭᠦᠳᠦᠨ | ᠪᠠᠶᠢᠭᠤᠯᠬᠤ ᠠᠵᠢᠯᠯᠠᠭ᠎ᠠ ᠲᠠᠢ ᠤᠶᠠᠯᠳᠤᠭᠤᠯᠤᠨ ︽ᠲᠠᠷᠢᠮᠠᠯ ᠤᠨ ᠡᠭᠦᠯᠳᠡᠷ ᠤᠷᠤᠭᠤᠯᠬᠤ᠂ ᠰᠠᠭᠤᠷᠢᠨ ᠪᠠᠶᠢᠭᠤᠯᠬᠤ᠂ | ᠳᠡᠯᠭᠡᠷᠡᠭᠦᠯᠬᠦ ᠶᠢ ᠠᠬᠢᠭᠤᠯᠬᠤ︾ ᠰᠡᠳᠬᠢᠴᠡ ᠪᠠᠷ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ | ᠬᠠᠯᠢᠭᠤᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠳᠤ ᠬᠤᠵᠢᠷᠯᠢᠭ ᠭᠠᠵᠠᠷ ᠤᠨ ᠲᠠᠷᠢᠮᠠᠯ ᠤᠨ | ᠡᠭᠦᠯᠳᠡᠷ ᠢ ᠰᠢᠭᠰᠢᠨ ᠰᠣᠩᠭᠤᠬᠤ ᠲᠤᠷᠰᠢᠯᠲᠠ ᠥᠷᠨᠢᠭᠦᠯᠪᠡ᠃ ᠨᠢᠭᠡ ᠵᠢᠯ ᠤᠨ ᠲᠤᠷᠰᠢᠯᠲᠠ ᠪᠠ ᠰᠢᠯᠢᠨ | ᠰᠣᠩᠭᠤᠯᠲᠠ ᠪᠠᠷ ᠳᠠᠮᠵᠢᠨ ᠡᠷᠳᠡᠨᠢ ᠰᠢᠰᠢ᠂ ᠰᠢᠰᠢ ᠪᠠ ᠨᠡᠷᠡᠨ ᠬᠤᠸᠠᠷ ᠤᠨ ᠬᠤᠵᠢᠷᠯᠢᠭ ᠭᠠᠵᠠᠷ ᠤᠨ ᠲᠠᠷᠢᠮᠠᠯ ᠤᠨ | ᠡᠭᠦᠯᠳᠡᠷ ᠢ ᠰᠢᠯᠢᠨ ᠰᠣᠩᠭᠤᠵᠤ᠂ ᠭᠦᠭᠡᠬᠤᠲᠠ ᠶᠢᠨ ᠬᠤᠵᠢᠷᠯᠢᠭ ᠭᠠᠵᠠᠷ ᠤᠨ ᠲᠠᠷᠢᠶᠠᠯᠠᠩ ᠤᠨ ᠬᠥᠭᠵᠢᠯᠲᠡ ᠳᠤ | ᠴᠢᠩᠭ᠎ᠠ ᠬᠦᠴᠦᠲᠡᠢ ᠮᠡᠷᠭᠡᠵᠢᠯ ᠤᠨ ᠳᠡᠮᠵᠢᠯᠭᠡ ᠬᠠᠩᠭᠠᠪᠠ᠃ | | | ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠲᠤᠷᠰᠢᠯᠲᠠ ᠪᠠᠷ | ᠳᠠᠮᠵᠢᠨ 12 ᠵᠦᠢᠯ ᠤᠨ ᠡᠷᠳᠡᠨᠢ ᠰᠢᠰᠢ ᠶᠢᠨ ᠡᠭᠦᠯᠳᠡᠷ᠂ 10 ᠵᠦᠢᠯ ᠤᠨ ᠰᠢᠰᠢ ᠶᠢᠨ ᠡᠭᠦᠯᠳᠡᠷ ᠪᠣᠯᠣᠨ 11 | ᠵᠦᠢᠯ ᠤᠨ ᠨᠡᠷᠡᠨ ᠬᠤᠸᠠᠷ ᠤᠨ ᠡᠭᠦᠯᠳᠡᠷ ᠢ ᠰᠢᠯᠢᠨ ᠰᠣᠩᠭᠤᠵᠤ᠂ ᠲᠠᠷᠢᠮᠠᠯ ᠤᠨ ᠲᠠᠯᠠᠪᠠᠢ ᠨᠢ 100 ᠮᠦ ᠳᠤ | ᠭᠦᠷᠦᠭᠰᠡᠨ ᠪᠥᠭᠡᠳ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠲᠠᠷᠢᠬᠤ ᠮᠡᠷᠭᠡᠵᠢᠯ ᠪᠣᠯᠣᠨ ᠪᠣᠬᠢᠷᠳᠤᠯ ᠦᠭᠡᠢ | ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠮᠡᠷᠭᠡᠵᠢᠯ ᠢ ᠬᠡᠷᠡᠭᠯᠡᠪᠡ᠃ ᠡᠮᠦᠨᠡᠬᠢ ᠬᠤᠭᠤᠴᠠᠭᠠᠨ ᠤ ᠤᠨᠠᠯᠲᠠ ᠶᠢ ᠬᠡᠮᠵᠢᠬᠦ ᠪᠠᠷ | ᠳᠠᠮᠵᠢᠭᠠᠳ ᠡᠷᠳᠡᠨᠢ ᠰᠢᠰᠢ ᠶᠢᠨ ᠡᠭᠦᠯᠳᠡᠷ NM198 ᠪᠠ ᠬᠤᠸᠠᠩ ᠢᠦᠢ 1802᠂ ᠰᠢᠰᠢ ᠶᠢᠨ ᠡᠭᠦᠯᠳᠡᠷ ᡂᠢ | ᠽᠠ 138᠂ ᠨᠡᠷᠡᠨ ᠬᠤᠸᠠᠷ ᠤᠨ ᠡᠭᠦᠯᠳᠡᠷ ᠮᠧᠩ ᠺᠦᠢ 33 ᠪᠠ ᠴᠢ ᠶᠤᠸᠠᠨ 9 ᠳ᠋ᠦ᠋ᠭᠡᠷ ᠨᠣᠮᠧᠷᠲᠤ ᠶᠢ | ᠪᠠᠭᠲᠠᠭᠠᠭᠰᠠᠨ ᠭᠦᠭᠡᠬᠤᠲᠠ ᠶᠢᠨ ᠣᠶᠢᠷ᠎ᠠ ᠬᠠᠪᠢ ᠶᠢᠨ ᠬᠤᠵᠢᠷᠯᠢᠭ ᠭᠠᠵᠠᠷ ᠲᠤ ᠲᠣᠬᠢᠷᠠᠮᠵᠢᠲᠠᠢ ᠲᠠᠷᠢᠮᠠᠯ ᠤᠨ | ᠲᠥᠷᠥᠯ ᠵᠦᠢᠯ ᠢ ᠡᠷᠢᠵᠦ ᠣᠯᠪᠠ᠃ | | | ᠣᠶᠢᠯᠠᠭᠠᠭᠰᠠᠨ ᠢᠶᠠᠷ᠂ ᠭᠦᠭᠡᠬᠤᠲᠠ ᠶᠢᠨ ᠬᠤᠵᠢᠷᠯᠢᠭ ᠭᠠᠵᠠᠷ ᠤᠨ ᠲᠠᠯᠠᠪᠠᠶ 170.45 ᠲᠦᠮᠡᠨ ᠮᠦ ᠳᠤ | ᠬᠦᠷᠴᠦ ᠪᠤᠢ᠃ ᠲᠣᠰ ᠤᠳᠠᠭᠠᠨ ᠤ ᠲᠤᠷᠰᠢᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠨᠢ ᠬᠤᠵᠢᠷᠯᠢᠭ | ᠭᠠᠵᠠᠷ ᠢ ᠠᠰᠢᠭᠯᠠᠬᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠤ᠂ ᠲᠠᠷᠢᠶᠠᠯᠠᠩ ᠤᠨ ᠤᠨᠠᠯᠲᠠ ᠶᠢ | ᠨᠡᠮᠡᠭᠳᠡᠭᠦᠯᠦᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠠᠮᠤ ᠪᠤᠳᠠᠭᠠᠨ ᠤ ᠠᠮᠤᠷ | ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠶᠢᠨ ᠬᠠᠮᠲᠤ ᠭᠠᠵᠠᠷ ᠰᠢᠷᠣᠢ ᠶᠢᠨ ᠬᠤᠵᠢᠷᠰᠢᠯ ᠤᠨ | ᠪᠠᠶᠢᠭᠠᠯᠢ ᠣᠷᠴᠢᠨ ᠳᠤ ᠤᠴᠠᠷᠠᠭᠤᠯᠬᠤ ᠬᠤᠣᠷ ᠨᠥᠯᠥᠭᠡ ᠶᠢ ᠪᠠᠭᠠᠰᠬᠠᠬᠤ ᠪᠣᠯᠣᠮᠵᠢ ᠲᠠᠢ ᠶᠤᠮ᠃ |