| 2 ᠳ᠋ᠤᠭᠠᠷ ᠰᠠᠷ᠎ᠠ ᠶᠢᠨ 5 ᠤ ᠡᠳᠦᠷ᠂ ᠬᠥᠬᠡᠭᠴᠢᠨ ᠮᠣᠭᠠᠢ ᠵᠢᠯ ᠤᠨ ᠠᠩᠬᠠᠨ ᠤ ᠠᠵᠢᠯᠯᠠᠬᠤ ᠡᠳᠦᠷ᠂ | ᠬᠥᠬᠡᠬᠤᠲᠠ ︽ᠵᠢᠷᠭᠤᠭᠠᠨ ᠠᠵᠢᠯᠯᠠᠭ᠎ᠠ︾ ᠶᠢ ᠪᠦᠬᠦ ᠬᠦᠴᠦᠨ ᠢᠶᠠᠷ ᠢᠶᠠᠨ ᠠᠬᠢᠭᠤᠯᠬᠤ᠂ ᠨᠢᠭᠡᠳᠦᠭᠡᠷ ᠤᠯᠠᠷᠢᠯ ᠤᠨ | ︽ᠰᠠᠶᠢᠨ ᠡᠬᠢᠯᠡᠯᠲᠡ︾ ᠶᠢ ᠪᠠᠲᠤᠯᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠶᠡᠭᠡ ᠬᠤᠷᠠᠯ ᠬᠤᠷᠠᠯᠳᠤᠭᠤᠯᠵᠤ᠂ ᠪᠦᠬᠦ | ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ | ᠬᠦᠴᠦ ᠪᠠᠨ ᠬᠠᠮᠲᠤᠳᠬᠠᠵᠤ᠂ ᠳᠠᠷᠤᠢ ᠲᠦᠷᠭᠡᠨ ᠬᠥᠳᠡᠯᠦᠯᠴᠡᠵᠦ᠂ ᠠᠵᠢᠯᠯᠠᠨ᠂ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ | ᠪᠤᠤ ᠭᠠᠩ ᠬᠤᠷᠠᠯ ᠳᠤ ᠤᠷᠤᠯᠴᠠᠵᠦ ᠶᠠᠷᠢᠶ᠎ᠠ ᠲᠠᠯᠪᠢᠵᠠᠢ᠃ | | | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ︽ | ᠵᠢᠷᠭᠤᠭᠠᠨ ᠠᠵᠢᠯᠯᠠᠭ᠎ᠠ︾ ᠶᠢ ᠲᠦᠯᠬᠢᠨ ᠠᠬᠢᠭᠤᠯᠬᠤ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠵᠦ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠼᠦᠢ ᠵᠧᠨ ᠦ᠋᠂ ᠬᠤᠲᠠ ᠶᠢᠨ ᠳᠥᠷᠪᠡᠨ ᠶᠡᠭᠡ ᠪᠠᠭ ᠤᠨ | ᠤᠳᠤᠷᠢᠳᠬᠤ ᠨᠥᠬᠦᠳ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠬᠤᠷᠠᠯ ᠳᠤ | ᠣᠷᠣᠯᠴᠠᠪᠠ᠃ | | | ᠪᠤᠤ ᠭᠠᠩ᠂ ︽ᠵᠢᠷᠭᠤᠭᠠᠨ ᠠᠵᠢᠯᠯᠠᠭ᠎ᠠ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠨᠢᠳᠤᠨᠤᠨ ᠤ ︽ᠵᠢᠷᠭᠤᠭᠠᠨ ᠢᠨᠵᠧᠨᠧᠷᠢᠩ︾ ᠤᠨ ᠳᠠᠷᠠᠭᠠᠬᠢ ᠪᠠᠰᠠ ᠨᠢᠭᠡᠨ ᠴᠢᠬᠤᠯᠠ ᠶᠡᠭᠡ ᠪᠠᠶᠢᠷᠢᠯᠠᠭᠤᠯᠤᠯᠲᠠ | ᠪᠣᠯᠣᠨ᠎ᠠ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠨᠡ ᠵᠢᠯ ᠤᠨ ᠳᠠᠷᠤᠮᠠᠯᠯᠠᠨ ᠲᠠᠷᠬᠠᠭᠠᠭᠰᠠᠨ | ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠶᠣᠰᠣᠭᠠᠷ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ | ᠠᠵᠢᠯᠯᠠᠭ᠎ᠠ ᠪᠠᠷ ᠠᠵᠤ ᠠᠬᠤᠢ ᠶᠢᠨ ᠨᠡᠮᠡᠭᠳᠡᠯ ᠤᠨ ᠬᠥᠳᠡᠯᠭᠡᠬᠦ ᠬᠦᠴᠦᠨ ᠢ ᠴᠢᠩᠭᠠᠳᠬᠠᠵᠤ᠂ ︽ᠠᠷᠪᠠᠨ ᠲᠠᠪᠤᠳᠤᠭᠠᠷ | ᠲᠠᠪᠤᠨ ᠵᠢᠯ︾ ᠤᠨ ᠬᠡᠷᠡᠭᠴᠡᠭᠡ ᠳᠤ ᠬᠠᠨᠳᠤᠭᠤᠯᠤᠨ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ᠂ ᠴᠢᠷᠦᠯᠲᠡ ᠶᠢᠨ | ᠴᠢᠨᠠᠷᠲᠠᠢ ᠴᠢᠬᠤᠯᠠ ᠶᠡᠭᠡ ᠢᠨᠵᠧᠨᠧᠷᠢᠩ ᠢ ᠲᠥᠯᠥᠪᠵᠢᠭᠦᠯᠵᠦ᠂ ᠲᠦᠷᠦᠯ ᠵᠦᠢᠯ ᠤᠨ ᠲᠦᠷᠭᠡᠨ ᠪᠦᠲᠦᠭᠡᠨ | ᠪᠠᠶᠢᠭᠤᠯᠤᠯᠲᠠ ᠲᠦᠷᠭᠡᠨ ᠠᠰᠢᠭᠯᠠᠯᠲᠠ ᠳᠤ ᠣᠷᠣᠬᠤ ᠶᠢ ᠠᠬᠢᠭᠤᠯᠬᠤ ᠬᠡᠷᠡᠭᠲᠡᠢ︔ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠪᠠᠷ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠦᠨᠡᠨ ᠰᠡᠳᠬᠢᠯ ᠠᠴᠠ ᠪᠠᠨ ᠠᠵᠤ | ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ᠂ ᠲᠦᠰᠢᠭ ᠲᠤᠯᠭᠠᠭᠤᠷᠢ᠂ ᠴᠢᠳᠠᠪᠤᠷᠢ ᠣᠯᠭᠤᠵᠤ᠂ ᠰᠠᠶᠢᠨ ᠰᠠᠶᠢᠬᠠᠨ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠨ᠎ᠠ︔ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠪᠠᠷ ᠠᠵᠤ ᠠᠬᠤᠢ ᠶᠢᠨ ᠣᠷᠴᠢᠯ ᠢ ᠰᠠᠭᠠᠳ ᠦᠭᠡᠢ ᠨᠠᠪᠲᠠᠷᠡᠭᠦᠯᠵᠦ᠂ ᠨᠡᠶᠢᠭᠡᠮ ᠤᠨ ᠲᠣᠭᠲᠠᠭᠤᠨ | ᠪᠠᠶᠢᠳᠠᠯ ᠤᠨ ᠰᠠᠭᠤᠷᠢ ᠶᠢ ᠪᠠᠲᠤᠳᠬᠠᠨ᠂ ᠠᠷᠭ᠎ᠠ ᠪᠦᠬᠦᠨ ᠢ ᠰᠦᠪᠡᠭᠴᠢᠯᠡᠨ ᠠᠵᠢᠯᠴᠢᠨ ᠬᠡᠷᠡᠭᠯᠡᠬᠦ ᠬᠡᠷᠡᠭᠴᠡᠭᠡ ᠶᠢ | ᠥᠷᠭᠡᠳᠬᠡᠵᠦ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠪᠠᠷ ᠳᠠᠮᠵᠢᠭᠤᠯᠤᠨ ᠤᠯᠠᠨ ᠲᠦᠮᠡᠨ ᠤ | ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠡᠷᠡᠭᠯᠡᠭᠡᠨ ᠤ ᠨᠡᠮᠡᠭᠳᠡᠯ ᠢ ᠲᠠᠶᠢᠴᠢᠯᠠᠨ᠎ᠠ︔ ᠤᠰᠤ ᠠᠷᠪᠢᠯᠠᠬᠤ | ᠠᠵᠢᠯᠯᠠᠭ᠎ᠠ ᠪᠠᠷ ᠦᠷᠭᠦᠯᠵᠢᠯᠡᠬᠦ ᠬᠥᠭᠵᠢᠯᠲᠡ ᠶᠢ ᠪᠠᠲᠤᠯᠠᠵᠤ᠂ ᠬᠤᠳᠠ ᠬᠥᠳᠡᠭᠡ ᠲᠣᠰᠬᠤᠨ᠂ ᠠᠵᠤ ᠦᠢᠯᠡᠳᠪᠦᠷᠢ | ᠲᠠᠷᠢᠶᠠᠯᠠᠩ᠂ ᠦᠢᠯᠡᠳᠪᠦᠷᠢᠯᠡᠯ ᠠᠮᠢᠳᠤᠷᠠᠯ ᠤᠨ ᠪᠦᠬᠦ ᠲᠠᠯ᠎ᠠ ᠪᠠᠷ ᠤᠰᠤ ᠠᠷᠪᠢᠯᠠᠬᠤ ᠶᠢ ᠠᠬᠢᠭᠤᠯᠵᠤ᠂ ᠬᠤᠳᠠ ᠶᠢᠨ | ᠣᠷᠣᠰᠢᠨ ᠲᠣᠭᠲᠠᠨᠢᠬᠤ ᠪᠠ ᠬᠥᠭᠵᠢᠬᠦ ︽ᠠᠮᠢᠨ ᠰᠤᠳᠠᠰᠤ︾ ᠶᠢ ᠰᠠᠬᠢᠨ ᠬᠠᠮᠠᠭᠠᠯᠠᠨ᠎ᠠ︔ ᠣᠷᠣᠨ ᠪᠦᠰᠡ ᠶᠢᠨ | ᠬᠠᠮᠲᠤᠷᠠᠯᠴᠠᠭ᠎ᠠ ᠪᠠᠷ ᠠᠵᠢᠯᠯᠠᠭ᠎ᠠ ᠪᠠᠨ ᠭᠦᠨᠵᠡᠭᠡᠶᠢᠷᠡᠭᠦᠯᠬᠦ ᠪᠠᠷ ᠳᠣᠲᠣᠭᠠᠳᠤ ᠭᠠᠳᠠᠭᠠᠳᠤ ᠶᠢᠨ ᠨᠡᠭᠡᠭᠡᠯᠲᠡ ᠶᠢ | ᠥᠷᠭᠡᠳᠬᠡᠵᠦ᠂ ᠣᠷᠣᠨ ᠤ ᠲᠥᠪ ᠬᠤᠳᠠ ᠶᠢᠨ ᠬᠦᠷᠢᠶ᠎ᠡ ᠶᠢ ᠦᠨᠡᠨ ᠪᠣᠳᠠᠲᠠᠢ ᠪᠠᠷ ᠬᠦᠴᠦᠷᠬᠡᠭᠵᠢᠭᠦᠯᠵᠦ᠂ ︽ | ᠨᠠᠶᠢᠵᠢ ᠶᠢᠨ ᠬᠦᠷᠢᠶ᠎ᠡ︾ ᠶᠢ ᠦᠢᠯᠡᠳᠪᠦᠷᠢᠯᠡᠯ ᠤᠨ ᠬᠦᠴᠦᠨ ᠲᠠᠢ ᠪᠣᠯᠭᠠᠬᠤ ᠬᠡᠷᠡᠭᠲᠡᠢ︔ ᠤᠮᠠᠷᠠᠲᠤ ᠬᠢᠯᠢ ᠶᠢᠨ | ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ ᠭᠠᠷᠳᠠᠴᠠ ᠪᠣᠯᠭᠠᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠤᠮᠠᠷᠠᠲᠤ ᠬᠢᠯᠢ ᠶᠢᠨ ᠰᠣᠶᠣᠯ ᠭᠡᠬᠦ | ᠡᠨᠡᠬᠦ ︽ᠪᠠᠶᠠᠨ ᠠᠭᠤᠷᠬᠠᠢ︾ ᠶᠢ ᠭᠦᠨ ᠠᠭᠤᠳᠠᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠤᠨ᠎ᠠ᠃ ︽ᠵᠢᠷᠭᠤᠭᠠᠨ ᠠᠵᠢᠯᠯᠠᠭ᠎ᠠ︾ ᠨᠢ ᠬᠠᠷᠢᠯᠴᠠᠨ ᠬᠤᠯᠪᠣᠯᠳᠤᠵᠤ᠂ ᠬᠠᠷᠢᠯᠴᠠᠨ | ᠠᠬᠢᠭᠤᠯᠵᠤ᠂ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠬᠤᠲᠠ ᠶᠢᠨ ᠱᠠᠲᠤᠨ ᠤ ᠲᠠᠰ ᠳᠠᠪᠬᠤᠷᠭ᠎ᠠ ᠳᠤ | ᠪᠠᠶᠢᠭᠤᠯᠤᠭᠰᠠᠨ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠲᠤᠰᠬᠠᠢ ᠠᠩᠭᠢ ᠶᠢᠨ ᠲᠣᠬᠢᠷᠠᠭᠤᠯᠤᠯᠲᠠ ᠶᠢ | ᠴᠢᠩᠭᠠᠳᠬᠠᠨ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠪᠠ ᠬᠠᠮᠢᠶ᠎ᠠ ᠪᠦᠬᠦᠢ | ᠰᠠᠯᠠᠭ᠎ᠠ ᠮᠥᠴᠢᠷ ᠤᠳ ᠡᠭᠦᠷᠭᠡᠯᠡᠨ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ | ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠪᠣᠳᠠᠲᠤ ᠠᠮᠵᠢᠯᠲᠠ ᠪᠠᠷ ᠪᠠᠭᠠᠲᠤᠷ ᠢ ᠦᠨᠡᠯᠡᠵᠦ᠂ | ᠪᠣᠳᠠᠲᠤ ᠠᠮᠵᠢᠯᠲᠠ ᠪᠠᠷ ᠱᠠᠩᠨᠠᠵᠤ ᠰᠢᠢᠳᠬᠡᠬᠦ ᠶᠢ ᠲᠣᠭᠲᠠᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | | ᠪᠤᠤ ᠭᠠᠩ᠂ ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠠᠵᠤ ᠠᠬᠤᠢ ᠶᠢᠨ ᠰᠠᠯᠬᠢᠨ ᠤ ᠵᠦᠭᠯᠡᠭᠦᠷ ᠪᠣᠯᠣᠨ᠎ᠠ᠂ | ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠪᠠᠷ ᠪᠦᠬᠦ ᠵᠢᠯ ᠤᠨ ᠲᠣᠭᠲᠠᠭᠤᠨ᠂ ᠪᠦᠬᠦ ᠵᠢᠯ ᠤᠨ | ᠤᠷᠤᠭᠰᠢᠯᠠᠯᠲᠠ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠨᠢᠭᠡ ᠳᠤ᠂ ᠠᠵᠤ ᠦᠢᠯᠡᠳᠪᠦᠷᠢ ᠶᠢ ᠲᠣᠭᠲᠠᠭᠤᠨ | ᠪᠠᠶᠢᠯᠭᠠᠵᠤ᠂ ᠠᠵᠤ ᠦᠢᠯᠡᠰ ᠤᠨ ᠪᠦᠰᠡ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠲᠣᠭᠲᠠᠴᠠ ᠶᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠥᠭᠡᠮᠨᠡᠷᠡᠯ ᠢ ᠬᠤᠯᠪᠣᠯᠳᠤᠭᠤᠯᠤᠨ ᠬᠡᠯᠬᠢᠶ᠎ᠡ ᠪᠣᠯᠭᠠᠬᠤ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠬᠡᠪᠴᠢᠶᠡᠵᠢᠭᠦᠯᠬᠦ ᠬᠠᠨᠳᠤᠰᠢ ᠶᠢᠨ ᠲᠠᠯ᠎ᠠ ᠪᠠᠷ ᠰᠢᠪᠲᠤᠯᠤᠯᠲᠠ ᠲᠠᠢ | ᠪᠣᠯᠭᠠᠬᠤ ᠶᠢ ᠲᠦᠷᠭᠡᠳᠬᠡᠬᠦ ᠬᠡᠷᠡᠭᠲᠡᠢ᠃ ᠬᠤᠶᠠᠷ ᠲᠤ᠂ ᠪᠡᠯᠡ ᠣᠷᠣᠭᠤᠯᠤᠯᠲᠠ ᠶᠢ ᠪᠠᠬᠢᠵᠢᠭᠦᠯᠬᠦ ᠳᠤ ᠲᠦᠷᠦᠭᠦᠯᠡᠨ | ᠬᠢᠵᠦ᠂ ᠡᠯ᠎ᠡ ᠵᠦᠢᠯ ᠤᠨ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠲᠦᠷᠦᠯ ᠵᠦᠢᠯ ᠢ ᠡᠬᠢᠯᠡᠭᠦᠯᠪᠡᠯ | ᠵᠣᠬᠢᠬᠤ ᠶᠢ ᠨᠢ ᠪᠦᠬᠦᠨ ᠢ ᠡᠬᠢᠯᠡᠭᠦᠯᠬᠦ ᠡᠷᠲᠡ ᠡᠬᠢᠯᠡᠭᠦᠯᠬᠦ ᠶᠢ ᠠᠬᠢᠭᠤᠯᠵᠤ᠂ ᠨᠡᠩ ᠤᠯᠠᠨ ᠪᠣᠳᠠᠲᠤ ᠶᠠᠭᠤᠮ᠎ᠠ ᠶᠢᠨ | ᠠᠵᠢᠯ ᠤᠨ ᠬᠡᠮᠵᠢᠶ᠎ᠡ ᠶᠢ ᠪᠤᠢ ᠪᠣᠯᠭᠠᠵᠤ᠂ ᠨᠢᠭᠡᠳᠬᠡᠪᠡᠯ ᠵᠣᠬᠢᠬᠤ ᠶᠢ ᠨᠢ ᠪᠦᠬᠦᠨ ᠢ ᠨᠢᠭᠡᠳᠬᠡᠬᠦ ᠶᠢ ᠪᠡᠶᠡᠯᠡᠭᠦᠯᠬᠦ | ᠬᠡᠷᠡᠭᠲᠡᠢ᠃ ᠭᠤᠷᠪᠠ ᠳᠤ᠂ ᠬᠡᠷᠡᠭᠯᠡᠭᠡ ᠶᠢ ᠲᠠᠶᠢᠴᠢᠯᠠᠵᠤ᠂ ᠲᠣᠭᠠᠴᠢᠯᠠᠭᠰᠠᠨ ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ᠂ | ᠡᠷᠡᠭᠦᠯᠵᠢᠯ ᠤᠨ ᠬᠡᠷᠡᠭᠯᠡᠭᠡ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡ ᠶᠢ ᠶᠡᠬᠡᠪᠡᠷ ᠬᠥᠭᠵᠢᠭᠦᠯᠵᠦ᠂ ︽ᠬᠤᠶᠠᠷ ᠰᠢᠨ᠎ᠡ︾ | ᠶᠢᠨ ᠳᠡᠮᠵᠢᠯᠭᠡ ᠶᠢᠨ ᠪᠡᠯᠡ ᠮᠥᠩᠭᠦ ᠪᠠᠷ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠶᠡᠭᠡ ᠬᠡᠮᠵᠢᠶᠡᠨ ᠤ | ᠲᠠᠸᠠᠷ ᠤᠨ ᠬᠡᠷᠡᠭᠯᠡᠭᠡ ᠶᠢ ᠲᠠᠶᠢᠴᠢᠯᠠᠵᠦ᠂ ᠤᠳᠤᠨ ᠲᠡᠰ ᠤᠨ ᠪᠠᠭᠤᠳᠠᠯ᠂ ᠲᠣᠮᠣ ᠬᠡᠯᠪᠡᠷᠢ ᠶᠢᠨ ᠬᠡᠯᠬᠢᠶ᠎ᠡ ᠬᠡᠳᠦ | ᠳᠡᠯᠭᠡᠭᠦᠷ ᠵᠡᠷᠭᠡ ᠡᠯ᠎ᠡ ᠲᠦᠷᠦᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠤᠨ ᠠᠪᠴᠢᠷᠠᠬᠤ ᠡᠷᠴᠢᠮ ᠢ | ᠴᠢᠩᠭᠠᠷᠠᠭᠤᠯᠤᠨ᠎ᠠ᠃ ᠳᠥᠷᠪᠡ ᠳᠤ᠂ ᠡᠳ᠋ ᠤᠨ ᠵᠠᠰᠠᠭ ᠵᠦᠢ ᠵᠣᠬᠢᠰᠲᠠᠢ ᠪᠠᠶᠢᠵᠤ᠂ ᠣᠷᠣᠯᠭ᠎ᠠ ᠶᠢᠨ ᠢᠷᠡᠯᠲᠡ ᠶᠢ ᠨᠠᠷᠢᠨ | ᠬᠢᠨᠠᠮᠠᠭᠠᠢ ᠲᠥᠯᠥᠪᠯᠡᠵᠦ᠂ ᠣᠷᠣᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠬᠡᠢ ᠬᠤᠭᠤᠰᠤᠨ ᠢᠶᠠᠷ ᠨᠡᠮᠡᠭᠳᠡᠭᠦᠯᠬᠦ ᠶᠢ | ᠴᠢᠩᠭ᠎ᠠ ᠰᠡᠷᠭᠡᠶᠢᠯᠡᠵᠦ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠬᠤ | ᠬᠡᠷᠡᠭᠲᠡᠢ᠃ ᠲᠠᠪᠤ ᠳᠤ᠂ ᠭᠠᠳᠠᠭᠠᠳᠤ ᠠᠷᠠᠯᠵᠢᠶ᠎ᠠ ᠶᠢ ᠨᠡᠮᠡᠭᠳᠡᠭᠦᠯᠵᠦ᠂ ᠤᠯᠠᠨ ᠤᠯᠤᠰ ᠤᠨ ᠡᠬᠡ ᠬᠠᠭᠤᠷᠠᠢ ᠶᠢᠨ ᠭᠠᠷᠠᠮ | ᠠᠭᠠᠷ ᠤᠨ ᠭᠠᠷᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶᠠᠨ ᠤ | ᠬᠡᠮᠵᠢᠶ᠎ᠡ ᠪᠣᠯᠣᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ ᠬᠡᠮᠵᠢᠶ᠎ᠡ ᠶᠢ ᠬᠦᠴᠦᠯᠡᠨ | ᠨᠡᠮᠡᠭᠳᠡᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢ ᠶᠡᠬᠡᠪᠡᠷ ᠬᠥᠭᠵᠢᠭᠦᠯᠵᠦ᠂ ᠴᠢᠯᠦᠭᠡᠲᠦ | ᠠᠷᠠᠯᠵᠢᠶᠠᠨ ᠤ ᠣᠷᠣᠨ ᠤ ᠳᠦᠷᠢᠮ ᠤᠨ ᠰᠢᠨ᠎ᠡ ᠶᠢ ᠡᠭᠦᠳᠬᠦ᠂ ᠲᠦᠷᠦ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ ᠶᠢ | ᠤᠷᠢᠳᠴᠢᠯᠠᠨ ᠰᠦᠪᠡᠭᠴᠢᠯᠡᠨ᠎ᠡ ᠭᠡᠵᠦ ᠵᠢᠭᠠᠨ ᠭᠠᠷᠭᠠᠪᠠ᠃ | | | ᠪᠤᠤ ᠭᠠᠩ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠵᠠᠩᠭᠢᠯᠠᠭ᠎ᠠ ᠨᠢ ᠬᠥᠮᠥᠨ ᠳᠤ ᠪᠤᠢ᠃ | ᠡᠯ᠎ᠡ ᠱᠠᠲᠤᠨ ᠤ ᠤᠳᠤᠷᠢᠳᠬᠤ ᠺᠠᠳ᠋ᠷ ᠴᠢᠳᠠᠪᠤᠷᠢ ᠪᠠᠨ ᠳᠡᠭᠡᠭᠰᠢᠯᠡᠭᠦᠯᠬᠦ ᠪᠠᠨ ᠴᠢᠩᠭᠠᠳᠬᠠᠵᠤ᠂ ᠠᠵᠤ ᠠᠬᠤᠢ ᠶᠢ | ᠰᠤᠷᠤᠯᠴᠠᠬᠤ᠂ ᠠᠵᠤ ᠠᠬᠤᠢ ᠶᠢ ᠣᠶᠢᠯᠠᠭᠠᠬᠤ᠂ ᠠᠵᠤ ᠠᠬᠤᠢ ᠶᠢ ᠠᠳᠬᠤᠬᠤ ᠶᠢ ᠲᠦᠷᠦᠭᠦᠯᠡᠨ ᠭᠦᠢᠴᠡᠳᠬᠡᠵᠦ᠂ | ᠲᠣᠭᠲᠠᠭᠰᠠᠨ ᠶᠠᠪᠤᠳᠠᠯ ᠢᠶᠠᠨ ᠲᠡᠷᠡ ᠳᠠᠷᠤᠢ ᠳᠤᠨᠢ ᠬᠡᠯᠡᠵᠦ ᠲᠡᠷᠡ ᠳᠠᠷᠤᠢ ᠳᠤᠨᠢ ᠬᠢᠵᠦ᠂ ᠴᠠᠭ ᠮᠥᠴᠡ ᠶᠢ ᠠᠮᠵᠢᠨ | ᠠᠵᠢᠯᠯᠠᠵᠤ᠂ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠪᠦᠲᠦᠭᠡᠨ ᠪᠠᠶᠢᠭᠤᠯᠬᠤ ᠲᠡᠦᠬᠡᠲᠦ | ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ ᠭᠡᠵᠦ ᠱᠠᠭᠠᠷᠳᠠᠪᠠ᠃ | | | ᠬᠤᠷᠠᠯ ᠨᠢ ᠸᠢᠳᠢᠤ᠋ ᠶᠢᠨ ᠬᠡᠯᠪᠡᠷᠢ ᠪᠠᠷ ᠶᠠᠪᠤᠭᠳᠠᠵᠤ᠂ ᠡᠯ᠎ᠡ ᠬᠤᠰᠢᠭᠤ ᠰᠢᠶᠠᠨ ᠲᠣᠭᠤᠷᠢᠭ᠂ ᠬᠤᠷᠢᠨᠭᠡᠷ ᠰᠢᠨ᠎ᠡ | ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ | ᠲᠠᠯᠠᠪᠠᠢ ᠲᠣᠬᠢᠷᠠᠭᠤᠯᠪᠠ᠃ | | | | | ᠢᠷᠡᠯᠲᠡ᠄ ᠰᠠᠶᠢᠬᠠᠨᠲ᠋ᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |