| | | | ︵ᠰᠤᠷᠪᠤᠯᠵᠢᠯᠠᠭᠴᠢ ᠯᠢᠶᠠᠩ ᠵᠢᠩ ᠱᠥ︶ 3 ᠳ᠋ᠤᠭᠠᠷ ᠰᠠᠷ᠎ᠠ ᠶᠢᠨ 6 ᠤ ᠡᠳᠦᠷ᠂ ᠰᠤᠷᠪᠤᠯᠵᠢᠯᠠᠭᠴᠢ | ᠬᠥᠬᠡᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ ᠪᠣᠯᠣᠨ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠠᠵᠤ | ᠦᠢᠯᠡᠰ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠨᠢ᠂ 3 ᠳ᠋ᠤᠭᠠᠷ | ᠰᠠᠷ᠎ᠠ ᠶᠢᠨ 1 ᠤ ᠡᠳᠦᠷ ᠤᠯᠤᠰ ᠤᠨ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠳᠠᠩᠰᠠᠯᠠᠬᠤ | ᠲᠠᠪᠴᠠᠩ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠠᠴᠠ ᠨᠠᠭᠠᠰᠢ᠂ ᠣᠳᠣ ᠪᠣᠯᠲᠠᠯ᠎ᠠ ᠨᠢᠭᠡᠨᠲᠡ ᠪᠦᠬᠦ ᠤᠯᠤᠰ ᠤᠨ | ᠲᠤᠭ᠎ᠠ ᠪᠠᠷᠢᠮᠲᠠ ᠶᠢᠨ ᠡᠬᠢ ᠪᠠᠶᠠᠯᠢᠭ 456 ᠵᠦᠢᠯ ᠰᠦᠯᠵᠢᠶᠡᠨ ᠳᠤ ᠭᠠᠷᠴᠤ᠂ ᠬᠥᠬᠡᠬᠤᠲᠠ ᠶᠢᠨ 12 ᠵᠦᠢᠯ ᠤᠨ | ᠲᠤᠭ᠎ᠠ ᠪᠠᠷᠢᠮᠲᠠ ᠶᠢᠨ ᠡᠬᠢ ᠪᠠᠶᠠᠯᠢᠭ ᠰᠦᠯᠵᠢᠶᠡᠨ ᠳᠤ ᠭᠠᠷᠴᠠᠢ᠃ | | | ᠡᠭᠦᠨ ᠳᠤ᠂ ᠬᠥᠬᠡᠬᠤᠲᠠ ᠶᠢᠨ ᠲᠣᠮᠣ ᠳ᠋ᠠᠶᠢᠲ᠋ᠠ ᠶᠢᠨ ᠲᠣᠪᠴᠢᠶ᠎ᠠ ᠶᠢᠨ ᠬᠤᠶᠠᠷ ᠵᠦᠢᠯ ᠨᠢ ᠣᠯᠠᠨ | ᠨᠡᠶᠢᠲᠡ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠭᠠᠷᠴᠠᠭ ᠪᠠ ᠲᠤᠭ᠎ᠠ ᠪᠠᠷᠢᠮᠲᠠ ᠶᠢᠨ ᠠᠵᠤ ᠦᠢᠯᠡᠰ ᠤᠨ | ᠠᠵᠤ ᠠᠬᠤᠶᠢᠯᠠᠯ ᠤᠨ ᠭᠤᠣᠯ ᠴᠣᠭᠴᠠ ᠶᠢᠨ ᠨᠡᠷᠡᠰ ᠤᠨ ᠵᠢᠭᠰᠠᠭᠠᠯᠲᠠ ᠪᠣᠯᠣᠨ᠎ᠠ᠃ ᠥᠪᠥᠷ ᠮᠣᠩᠭᠤᠯ ᠤᠨ ᠲᠣᠮᠣ | ᠳ᠋ᠠᠶᠢᠲ᠋ᠠ ᠶᠢᠨ ᠠᠵᠤ ᠦᠢᠯᠡᠰ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ 10 ᠲᠥᠷᠥᠯ | ᠵᠦᠢᠯ ᠨᠢ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠡᠷᠡᠭᠦᠯ | ᠬᠠᠮᠠᠭᠠᠯᠠᠯ ᠪᠠ ᠨᠡᠶᠢᠭᠡᠮ ᠤᠨ ᠠᠵᠢᠯ᠂ ᠮᠥᠩᠭᠦᠨ ᠭᠦᠢᠯᠭᠡᠭᠡᠨ ᠤ ᠦᠢᠯᠡᠰ᠂ ᠣᠯᠠᠨ ᠨᠡᠶᠢᠲᠡ ᠶᠢᠨ ᠪᠡᠯᠡᠳᠬᠡᠮᠵᠢ ᠶᠢᠨ | ᠬᠠᠮᠢᠶᠠᠷᠤᠯᠲᠠ ᠶᠢᠨ ᠦᠢᠯᠡᠰ ᠵᠡᠷᠭᠡ ᠣᠯᠠᠨ ᠬᠦᠷᠢᠶ᠎ᠡ ᠴᠠᠷᠠᠭ᠎ᠠ ᠶᠢ ᠬᠠᠮᠤᠷᠴᠤ᠂ ᠬᠤᠲᠠ ᠶᠢᠨ ᠨᠡᠶᠢᠲᠡ ᠶᠢᠨ ᠳᠤᠭᠤᠢ | ᠲᠡᠷᠭᠡᠨ ᠤ ᠬᠡᠷᠡᠭᠴᠡᠭᠡ ᠱᠠᠭᠠᠷᠳᠠᠯᠭ᠎ᠠ ᠶᠢ ᠲᠥᠰᠥᠭᠡᠯᠡᠬᠦ ᠵᠠᠭᠪᠤᠷ᠂ ᠰᠤᠷᠭᠠᠭᠤᠯᠢ ᠶᠢᠨ ᠰᠣᠶᠣᠯ ᠪᠡᠶ᠎ᠡ ᠶᠢᠨ ᠲᠠᠮᠢᠷ ᠤᠨ | ᠲᠠᠯᠠᠪᠤᠷ ᠭᠠᠵᠠᠷ ᠢ ᠨᠡᠶᠢᠭᠡᠮ ᠳᠤ ᠬᠠᠨᠳᠤᠭᠤᠯᠤᠨ ᠤᠷᠢᠳᠴᠢᠯᠠᠨ ᠪᠣᠯᠵᠣᠵᠤ ᠴᠢᠯᠦᠭᠡᠲᠡᠢ ᠨᠡᠭᠡᠭᠡᠬᠦ ᠮᠡᠳᠡᠭᠡ ᠵᠠᠩᠭᠢ ᠶᠢᠨ | ᠲᠤᠭ᠎ᠠ ᠪᠠᠷᠢᠮᠲᠠ ᠶᠢᠨ ᠡᠮᠬᠢᠳᠬᠡᠯ᠂ ᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ | ᠭᠠᠵᠠᠷ ᠤᠨ ᠵᠢᠷᠤᠭ ᠤᠨ ᠲᠤᠭ᠎ᠠ ᠪᠠᠷᠢᠮᠲᠠ ᠶᠢᠨ ᠡᠮᠬᠢᠳᠬᠡᠯ᠂ ᠬᠤᠲᠠ ᠶᠢᠨ ᠬᠤᠳᠠᠯᠳᠤᠭᠠᠨ ᠤ ᠬᠡᠷᠡᠭᠯᠡᠭᠡᠨ ᠤ ᠲᠡᠷᠭᠡᠨ | ᠵᠣᠭᠰᠣᠭᠠᠯ ᠤᠨ ᠲᠡᠷᠭᠡᠨ ᠤ ᠤᠷᠤᠰᠬᠠᠯ ᠤᠨ ᠵᠠᠳᠠᠯᠤᠯᠲᠠ ᠶᠢᠨ ᠲᠤᠭ᠎ᠠ ᠪᠠᠷᠢᠮᠲᠠ ᠶᠢᠨ ᠵᠠᠭᠪᠤᠷ᠂ ᠬᠥᠬᠡᠬᠤᠲᠠ ᠶᠢᠨ | ᠰᠢᠨ᠎ᠡ ᠡᠨᠧᠷᠭᠢ ᠶᠢᠨ ᠴᠠᠬᠢᠯᠭᠠᠨ ᠬᠥᠳᠡᠯᠭᠡᠭᠦᠷᠲᠦ ᠲᠡᠷᠭᠡᠨ ᠤ ᠵᠣᠭᠰᠤᠭᠠᠬᠤ ᠴᠡᠨᠡᠭᠯᠡᠨᠬᠦ ᠬᠠᠮᠢᠶᠠᠷᠬᠤ ᠶᠢ ᠨᠢᠭᠡ | ᠴᠣᠭᠴᠠᠵᠢᠭᠤᠯᠤᠭᠰᠠᠨ ᠵᠠᠭᠪᠤᠷ ︵ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠤᠰᠤ ᠬᠠᠩᠭᠠᠬᠤ᠂ ᠬᠡᠢ ᠬᠠᠩᠭᠠᠬᠤ | ᠴᠢᠭᠯᠡᠯ︶᠂ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠰᠠᠭᠤᠷᠢᠯᠠᠭᠰᠠᠨ ᠬᠢᠮᠡᠯ | ᠤᠶᠤᠨ ᠤ ᠡᠪᠡᠳᠴᠢᠨ ᠡᠮᠭᠡᠭ ᠢ ᠡᠷᠲᠡ ᠰᠢᠭᠰᠢᠬᠦ ᠲᠥᠷᠥᠯ ᠵᠦᠢᠯ᠂ ᠱᠤ᠋ ᠾᠦᠢ ᠲᠦᠩ ᠬᠥᠬᠡ ᠬᠤᠲᠠ ᠶᠢᠨ | ᠬᠡᠯᠬᠢᠶ᠎ᠡ ᠵᠢᠭᠡᠯᠡᠯᠭᠡ᠂ ᠱᠤ᠋ ᠾᠦᠢ ᠲᠦᠩ ᠬᠥᠬᠡ ᠬᠤᠲᠠ ᠶᠢᠨ ᠣᠶᠤᠨᠴᠢ ᠵᠢᠭᠡᠯᠡᠯᠭᠡ᠂ ᠤᠠᠯᠨ ᠰᠤᠷᠪᠤᠯᠵᠢᠲᠤ ᠲᠤᠭ᠎ᠠ | ᠪᠠᠷᠢᠮᠲᠠ ᠶᠢᠨ ᠠᠭᠤᠰᠤᠯᠴᠠᠯ ᠳᠤ ᠰᠠᠭᠤᠷᠢᠯᠠᠭᠰᠠᠨ ᠭᠠᠵᠠᠷ ᠰᠣᠩᠭᠤᠯᠲᠠ ᠶᠢ ᠤᠷᠢᠳᠴᠢᠯᠠᠨ ᠬᠡᠮᠵᠢᠬᠦ ᠲᠤᠭ᠎ᠠ | ᠪᠠᠷᠢᠮᠲᠠ ᠶᠢᠨ ᠵᠠᠭᠪᠤᠷ ᠵᠡᠷᠭᠡ ᠠᠭᠤᠯᠭ᠎ᠠ ᠶᠢ ᠪᠠᠭᠲᠠᠭᠠᠨ᠎ᠠ᠃ | | | ᠲᠤᠭ᠎ᠠ ᠪᠠᠷᠢᠮᠲᠠ ᠶᠢᠨ ᠡᠬᠢ ᠪᠠᠶᠠᠯᠢᠭ ᠢ ᠠᠮᠵᠢᠯᠲᠠ ᠲᠠᠢ ᠪᠠᠷ ᠰᠦᠯᠵᠢᠶᠡᠨ ᠳᠤ ᠭᠠᠷᠭᠠᠭᠰᠠᠨ ᠨᠢ᠂ ᠲᠤᠭ᠎ᠠ | ᠪᠠᠷᠢᠮᠲᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠵᠢᠷᠤᠮᠵᠢᠭᠰᠠᠨ ᠬᠥᠭᠵᠢᠯᠲᠡ ᠶᠢ ᠠᠬᠢᠭᠤᠯᠵᠤ᠂ ᠲᠤᠭ᠎ᠠ | ᠪᠠᠷᠢᠮᠲᠠ ᠶᠢᠨ ᠡᠳ᠋ ᠬᠥᠷᠥᠩᠭᠡ ᠶᠢᠨ ᠳᠠᠩᠰᠠᠯᠠᠯᠲᠠ᠂ ᠦᠨᠡᠯᠡᠨ ᠵᠢᠱᠢᠯᠲᠡ᠂ ᠠᠷᠠᠯᠵᠢᠶ᠎ᠠ ᠵᠡᠷᠭᠡ ᠭᠤᠭᠴᠤᠭ᠎ᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠵᠦ ᠤᠯᠠᠮ ᠢᠯᠡ ᠲᠣᠳᠣ ᠪᠣᠯᠭᠠᠪᠠ᠃ ᠬᠥᠬᠡᠬᠤᠲᠠ ᠶᠢᠨ ᠬᠢᠨ ᠲᠤᠭ᠎ᠠ | ᠪᠠᠷᠢᠮᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠦᠷᠭᠦᠯᠵᠢᠯᠡᠨ ᠠᠬᠢᠭᠤᠯᠵᠤ᠂ ᠪᠦᠬᠦ ᠬᠤᠳᠠ ᠶᠢᠨ ᠲᠤᠭ᠎ᠠ | ᠪᠠᠷᠢᠮᠲᠠ ᠶᠢᠨ ᠠᠵᠤ ᠦᠢᠯᠡᠰ ᠤᠨ ᠠᠮᠢ ᠠᠬᠤᠢ ᠶᠢ ᠢᠳᠡᠪᠬᠢᠲᠡᠢ ᠪᠣᠶᠢᠵᠢᠭᠤᠯᠤᠨ᠎ᠠ᠃ |