| | ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠥᠷᠭᠡᠨ ᠣᠯᠠᠨ | ᠡᠮᠡᠭᠲᠡᠢ ᠠᠵᠢᠯᠲᠠᠳ ᠲᠤ ᠬᠦᠨᠳᠦᠳᠬᠡᠯ ᠪᠠ ᠬᠠᠯᠠᠮᠵᠢᠯᠠᠯ ᠢᠶᠠᠨ ᠢᠯᠡᠳᠬᠡᠬᠦ ᠶᠢᠨ ᠲᠥᠯᠥᠭᠡ᠂ ᠬᠥᠬᠡᠬᠤᠲᠠ ᠶᠢᠨ | ᠡᠮᠡᠭᠲᠡᠶᠢᠴᠦᠳ ᠤᠨ ᠬᠤᠯᠪᠣᠭ᠎ᠠ ᠬᠢᠭᠡᠳ ᠰᠠᠶᠢᠬᠠᠨ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠬᠠᠮᠲᠤᠪᠠᠷ | ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠰᠤᠷᠤᠯᠭ᠎ᠠ ᠬᠠᠮᠠᠭᠠᠯᠠᠬᠤ ᠠᠵᠢᠯ ᠤᠨ ᠪᠠᠶᠢᠷᠢ ᠪᠠᠨ ᠪᠠᠲᠤ ᠰᠠᠬᠢᠵᠤ | ᠪᠠᠶᠢᠭ᠎ᠠ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠪᠤᠷᠢ ᠠᠩᠭᠢ ᠶᠢᠨ ᠡᠮᠡᠭᠲᠡᠢ ᠴᠠᠭᠳᠠᠭ᠎ᠠ ᠶᠢᠨ ᠳᠤᠮᠳᠠ ᠠᠩᠭᠢ ᠶᠢᠨ ᠡᠮᠡᠭᠲᠡᠢ ᠴᠠᠭᠳᠠᠭᠠᠨ ᠤ ᠠᠩᠭᠢ᠂ ᠰᠠᠶᠢᠬᠠᠨ | ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠶᠢᠨ ᠦᠨᠡᠮᠯᠡᠯ | ᠭᠦᠢᠴᠡᠳᠬᠡᠬᠦ ᠶᠡᠭᠡ ᠲᠢᠩᠬᠢᠮ ᠤᠨ ᠡᠮᠡᠭᠲᠡᠢ ᠠᠵᠢᠯᠲᠠᠨ ᠵᠢᠴᠢ ᠰᠠᠶᠢᠬᠠᠨ ᠲᠣᠭᠤᠷᠢᠭ ᠤᠨ ᠳᠣᠯᠣᠳᠤᠭᠠᠷ ᠬᠡᠦᠬᠡᠳ ᠤᠨ | ᠴᠡᠴᠡᠷᠯᠢᠭ ᠤᠨ ᠪᠠᠭᠰᠢ ᠨᠠᠷ ᠲᠤ ᠪᠠᠶᠠᠷ ᠤᠨ ᠡᠳᠦᠷ ᠤᠨ ᠵᠥᠩᠨᠡᠯ ᠪᠠ ᠬᠠᠶᠢᠷ᠎ᠠ ᠬᠠᠯᠠᠮᠵᠢ ᠬᠦᠷᠭᠡᠪᠡ᠃ | | | | | | | | | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ | ᠰᠠᠯᠪᠤᠷᠢ ᠠᠩᠭᠢ ᠶᠢᠨ ᠰᠠᠶᠢᠬᠠᠨ ᠲᠣᠭᠤᠷᠢᠭ ᠤᠨ ᠶᠡᠭᠡ ᠠᠩᠭᠢ ᠶᠢᠨ ᠡᠮᠡᠭᠲᠡᠢ ᠴᠠᠭᠳᠠᠭᠠᠨ ᠤ ᠳᠤᠮᠳᠠ ᠠᠩᠭᠢ ᠶᠢᠨ | ᠡᠮᠡᠭᠲᠡᠢ ᠵᠠᠮ ᠬᠠᠷᠢᠯᠴᠠᠭᠠᠨ ᠤ ᠴᠠᠭᠳᠠᠭ᠎ᠠ ᠰᠤᠷᠭᠠᠭᠤᠯᠢ ᠬᠠᠮᠠᠭᠠᠯᠠᠬᠤ ᠠᠵᠢᠯ ᠤᠨ ᠪᠠᠶᠢᠷᠢ ᠪᠠᠨ ᠪᠠᠲᠤ ᠰᠠᠬᠢᠨ᠎ᠠ᠃ | | | | | | ᠰᠠᠶᠢᠬᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ | ᠠᠩᠭᠢ ᠶᠢᠨ ᠦᠨᠡᠮᠯᠡᠯ ᠭᠦᠢᠴᠡᠳᠬᠡᠬᠦ ᠶᠡᠭᠡ ᠲᠢᠩᠬᠢᠮ ᠳᠤ᠂ ᠡᠮᠡᠭᠲᠡᠢ ᠠᠵᠢᠯᠲᠠᠳ ᠲᠤᠰᠬᠠᠢ ᠮᠡᠷᠭᠡᠵᠢᠯ ᠤᠨ ᠬᠡᠪ | ᠪᠣᠯᠪᠠᠰᠤᠷᠠᠯ ᠪᠠ ᠬᠠᠯᠠᠭᠤᠨ ᠰᠡᠳᠬᠢᠯ ᠤᠨ ᠦᠢᠯᠡᠴᠢᠯᠡᠭᠡ ᠪᠠᠷ ᠣᠯᠠᠨ ᠲᠦᠮᠡᠨ ᠤ ᠥᠷᠭᠡᠨ ᠳᠡᠯᠭᠡᠷ ᠮᠠᠭᠲᠠᠭᠠᠯ | ᠰᠠᠶᠢᠰᠢᠶᠠᠯ ᠢ ᠣᠯᠣᠭᠰᠠᠨ ᠪᠠᠶᠢᠨ᠎ᠠ᠃ ᠲᠡᠳᠡ ᠨᠠᠷᠢᠨ ᠨᠢᠮᠪᠠᠢ ᠠᠵᠢᠯᠯᠠᠬᠤ ᠣᠪᠣᠷ ᠪᠣᠯᠣᠨ ᠬᠦᠯᠢᠴᠡᠩᠭᠦᠢ ᠪᠠᠷ ᠪᠦᠷᠢᠨ | ᠭᠦᠢᠴᠡᠳ ᠦᠢᠯᠡᠴᠢᠯᠡᠬᠦ ᠵᠣᠷᠢᠭ ᠰᠠᠨᠠᠭ᠎ᠠ ᠪᠠᠷ ᠢᠶᠠᠨ ᠣᠯᠠᠨ ᠲᠦᠮᠡᠨ ᠤ ᠮᠠᠰᠢ ᠣᠯᠠᠨ ᠬᠦᠴᠢᠷ ᠠᠰᠠᠭᠤᠳᠠᠯ ᠢ | ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠠᠵᠢᠯ ᠮᠡᠷᠭᠡᠵᠢᠯ ᠤᠨ ᠴᠤᠭ ᠵᠢᠪᠬᠤᠭ᠎ᠠ ᠶᠢ | ᠭᠦᠢᠴᠡᠳ ᠢᠯᠡᠷᠡᠭᠦᠯᠪᠡ᠃ ᠲᠣᠬᠤᠨᠢᠭᠤᠯᠬᠤ ᠳᠤᠭᠤᠶᠢᠯᠠᠩ ᠲᠡᠳᠡᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ | ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠡᠳᠡᠨ ᠢ ᠡᠮᠡᠭᠲᠡᠶᠢᠴᠦᠳ ᠤᠨ | ᠬᠦᠴᠦᠨ ᠢᠶᠠᠨ ᠦᠷᠭᠦᠯᠵᠢᠯᠡᠨ ᠪᠠᠳᠠᠷᠠᠭᠤᠯᠵᠤ᠂ ᠤᠯᠠᠨ ᠲᠦᠮᠡᠨ ᠳᠤ ᠨᠡᠩ ᠰᠢᠯᠢᠳᠡᠭ ᠦᠢᠯᠡᠴᠢᠯᠡᠭᠡ ᠬᠠᠩᠭᠠᠬᠤ ᠶᠢ | ᠵᠣᠷᠢᠭᠵᠢᠭᠤᠯᠪᠠ᠃ | | | | | | ᠲᠣᠬᠤᠨᠢᠭᠤᠯᠬᠤ ᠳᠤᠭᠤᠶᠢᠯᠠᠩ ᠰᠠᠶᠢᠬᠠᠨ ᠲᠣᠭᠤᠷᠢᠭ ᠤᠨ ᠳᠣᠯᠣᠳᠤᠭᠠᠷ ᠬᠡᠦᠬᠡᠳ ᠤᠨ ᠴᠡᠴᠡᠷᠯᠢᠭ ᠲᠤ | ᠬᠦᠷᠴᠦ᠂ ᠡᠮᠡᠭᠲᠡᠢ ᠪᠠᠭᠰᠢ ᠨᠠᠷ ᠲᠤ ᠰᠣᠷᠭᠤᠭ ᠴᠡᠴᠡᠭ ᠪᠠ ᠪᠡᠯᠡᠭ ᠬᠦᠷᠭᠡᠵᠦ᠂ ᠲᠡᠳᠡᠨ ᠤ ᠬᠠᠶᠢᠷ᠎ᠠ ᠰᠡᠳᠬᠢᠯᠭᠡ ᠪᠠ | ᠣᠶᠤᠨ ᠤᠬᠠᠭᠠᠨ ᠢᠶᠠᠷ ᠡᠬᠡ ᠤᠯᠤᠰ ᠤᠨ ᠢᠷᠡᠭᠡᠳᠦᠢ ᠳᠤ ᠬᠥᠮᠥᠵᠢᠭᠦᠯ ᠦᠭᠰᠡᠨ ᠳᠤ ᠲᠠᠯᠠᠷᠬᠠᠨ᠎ᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠶᠠᠷ ᠪᠠᠶᠠᠰᠬᠤᠯᠠᠩ ᠢᠶᠠᠷ ᠪᠢᠯᠬᠠᠵᠤ᠂ ᠪᠠᠭᠰᠢ ᠨᠠᠷ ᠢᠳᠡᠪᠬᠢᠲᠡᠢ | ᠣᠪᠣᠷ ᠢᠶᠠᠷ ᠰᠤᠷᠭᠠᠨ ᠬᠥᠮᠦᠵᠢᠯ ᠤᠨ ᠦᠢᠯᠡᠰ ᠲᠤ ᠣᠷᠣᠯᠴᠠᠵᠤ᠂ ᠬᠡᠦᠬᠡᠳ ᠤᠨ ᠡᠷᠡᠭᠦᠯ ᠢᠶᠠᠷ ᠦᠰᠦᠨ | ᠪᠣᠶᠢᠵᠢᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | | | | ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢᠭᠡᠳᠦᠭᠡᠷ ᠹᠷᠣᠨᠲ ᠤᠨ ᠡᠮᠡᠭᠲᠡᠢ ᠠᠵᠢᠯᠲᠠᠨ ᠢ ᠬᠠᠯᠠᠮᠵᠢᠯᠠᠵᠤ | ᠂ ᠰᠠᠶᠢᠬᠠᠨ ᠲᠣᠭᠤᠷᠢᠭ ᠤᠨ ᠡᠮᠡᠭᠲᠡᠶᠢᠴᠦᠳ ᠤᠨ ᠬᠦᠴᠦᠨ ᠢ ᠭᠦᠢᠴᠡᠳ ᠨᠤᠲᠠᠯᠠᠵᠤ ᠪᠠᠶᠢᠭ᠎ᠠ ᠶᠠᠪᠤᠳᠠᠯ ᠪᠣᠯᠣᠨ᠎ᠠ᠃ | ᠲᠡᠳᠡ ᠦᠢᠯᠡ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠬᠠᠷᠢᠭᠤᠴᠠᠯᠭ᠎ᠠ ᠪᠠ | ᠡᠭᠦᠷᠭᠡᠯᠡᠯ ᠢ ᠲᠠᠶᠢᠯᠪᠤᠷᠢᠯᠠᠵᠤ᠂ ᠰᠠᠶᠢᠬᠠᠨ ᠲᠣᠭᠤᠷᠢᠭ ᠤᠨ ᠬᠥᠭᠵᠢᠯᠲᠡ ᠳᠤ ︽ᠬᠦᠴᠦᠨ︾ ᠨᠡᠮᠡᠷᠢᠯᠡᠭᠰᠡᠨ ᠪᠠᠶᠢᠨ᠎ᠠ᠃ | ᠢᠷᠡᠭᠡᠳᠦᠢ ᠳᠤ᠂ ᠰᠠᠶᠢᠬᠠᠨ ᠲᠣᠭᠤᠷᠢᠭ ᠡᠮᠡᠭᠲᠡᠶᠢᠴᠦᠳ ᠤᠨ ᠬᠦᠴᠦᠨ ᠢ ᠦᠷᠭᠦᠯᠵᠢᠯᠡᠨ ᠨᠢᠭᠲᠠᠷᠠᠭᠤᠯᠵᠤ᠂ ᠣᠷᠣᠨ | ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠤᠯᠠᠨ ᠠᠮᠢᠵᠢᠷᠠᠯ ᠤᠨ ᠬᠦᠴᠦᠨ ᠪᠠ ᠤᠶᠤᠨ | ᠤᠬᠠᠭᠠᠨ ᠨᠡᠮᠡᠷᠢᠯᠡᠨ᠎ᠡ᠃ | | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |