ᠲᠤᠰ ᠰᠠᠷ᠎ᠠ ᠠᠴᠠ ᠡᠬᠢᠯᠡᠨ ᠡᠨᠡ ᠵᠣᠭᠤᠰ ᠢ ᠬᠦᠴᠦᠨ ᠦᠭᠡᠢ ᠪᠣᠯᠭᠠᠨ᠎ᠠ
ᠨᠡᠶᠢᠲᠡᠯᠡᠭᠰᠡᠨ ᠴᠠᠭ᠄
2025/3/11
      3 ᠰᠠᠷ᠎ᠠ ᠠᠴᠠ ᠡᠬᠢᠯᠡᠨ ᠪᠦᠭᠦ ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠶᠢ ᠬᠦᠴᠦᠨ ᠦᠭᠡᠢ ᠪᠤᠯᠭᠠᠵᠤ᠂ ᠡᠮᠨᠡᠯᠭᠡ ᠳᠤ ᠰᠠᠭᠤᠬᠤ ᠤᠷᠢᠳᠴᠢᠯᠠᠨ ᠲᠤᠰᠢᠶᠠᠬᠤ ᠮᠥᠩᠭᠦ ᠶᠢ ᠠᠳᠠᠯᠢ ᠡᠪᠡᠳᠴᠢᠨ ᠤ ᠲᠥᠷᠥᠯ ᠤᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠬᠰᠠᠨ ᠡᠪᠡᠳᠴᠢᠲᠡᠨ ᠤ ᠬᠤᠪᠢ ᠬᠥᠮᠥᠨ ᠤ ᠥᠪᠡᠰᠦᠪᠡᠨ ᠲᠥᠯᠥᠬᠦ ᠳᠤᠮᠳᠠᠴᠢ ᠲᠦᠪᠰᠢᠨ ᠳᠤ ᠭᠦᠷᠲᠡᠯ᠎ᠡ ᠪᠠᠭᠤᠷᠠᠭᠤᠯᠵᠤ᠂ ᠡᠪᠡᠳᠴᠢᠲᠡᠨ ᠤ ᠤᠷᠢᠳᠴᠢᠯᠠᠨ ᠥᠭᠬᠦ ᠵᠣᠭᠤᠰ ᠮᠥᠩᠭᠦ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃      ᠶᠠᠭᠤ ᠶᠢ ᠤᠷᠢᠳᠴᠢᠯᠠᠨ ᠲᠤᠰᠢᠶᠠᠬᠤ ᠮᠥᠩᠭᠦ ᠭᠡᠬᠦ ᠪᠤᠢ︖      ᠤᠷᠢᠳᠴᠢᠯᠠᠨ ᠲᠤᠰᠢᠶᠠᠬᠤ ᠮᠥᠩᠭᠦ ᠭᠡᠳᠡᠭ ᠨᠢ ᠡᠪᠡᠳᠴᠢᠲᠡᠨ ᠡᠭᠦᠳᠡᠨ ᠡᠮᠨᠡᠯᠭᠡ ᠳᠤ ᠪᠤᠶᠤ ᠡᠮᠨᠡᠯᠭᠡ ᠳᠤ ᠰᠠᠭᠤᠬᠤ ᠠᠴᠠ ᠡᠮᠦᠨ᠎ᠡ ᠤᠷᠢᠳᠴᠢᠯᠠᠨ ᠲᠤᠰᠢᠶᠠᠬᠤ ᠴᠢᠬᠤᠯᠠᠲᠠᠢ ᠨᠢᠭᠡ ᠬᠡᠰᠡᠭ ᠪᠡᠷᠢᠴᠠᠭᠠᠨ ᠤ ᠮᠥᠩᠭᠦ ᠶᠢ ᠵᠢᠭᠠᠵᠤ ᠪᠠᠶᠢᠨ᠎ᠠ᠂ ᠡᠨᠡ ᠬᠦ ᠪᠡᠷᠢᠴᠠᠭᠠᠨ ᠤ ᠮᠥᠩᠭᠦ ᠪᠣᠯ ᠬᠤᠶᠢᠰᠢᠳᠠ ᠶᠢᠨ ᠡᠮᠴᠢᠯᠡᠭᠡᠨ ᠤ ᠵᠠᠷᠤᠳᠠᠯ ᠤᠨ ᠨᠢᠭᠡ ᠵᠦᠢᠯ ᠤᠨ ᠪᠠᠲᠤᠯᠠᠭ᠎ᠠ ᠮᠥᠨ᠂ ᠪᠠᠰᠠ ᠴᠤ ᠠᠯᠪᠠᠨ ᠠᠴᠠ ᠡᠷᠭᠢᠯᠡᠭᠰᠡᠨ ᠡᠮᠨᠡᠯᠭᠡ ᠶᠢᠨ ᠬᠤᠷᠢᠶᠠᠨ ᠤ ᠤᠯᠠᠮᠵᠢᠯᠠᠯᠲᠤ ᠰᠦᠢᠳᠬᠡᠯ ᠬᠤᠷᠢᠶᠠᠬᠤ ᠠᠷᠭ᠎ᠠ ᠮᠠᠶ᠋ᠢᠭ ᠮᠥᠨ᠃      ᠣᠳᠣᠬᠠᠨ ᠳᠤ ᠮᠠᠰᠢ ᠣᠯᠠᠨ ᠭᠠᠵᠠᠷ ᠤᠨ ᠬᠢᠨ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠶᠢ ᠨᠢᠭᠡᠨᠲᠡ ᠬᠦᠴᠦᠨ ᠦᠭᠡᠢ ᠪᠣᠯᠭᠠᠪᠠ᠃ ᠡᠨᠡ ᠤᠳᠠᠭ᠎ᠠ ᠪᠣᠯ ᠪᠦᠭᠦ ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠶᠢ ᠪᠦᠭᠦ ᠲᠠᠯ᠎ᠠ ᠪᠠᠷ ᠬᠦᠴᠦᠨ ᠦᠭᠡᠢ ᠪᠤᠯᠭᠠᠵᠦ᠂ ᠡᠪᠡᠳᠴᠢᠲᠡᠨ ᠤ ᠨᠢᠭᠡᠨᠲᠡ ᠲᠤᠰᠢᠶᠠᠭᠰᠠᠨ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠶᠢ ᠴᠠᠭ ᠬᠢᠵᠠᠭᠠᠷᠯᠠᠨ ᠪᠤᠴᠠᠭᠠᠬᠤ ᠪᠣᠯᠣᠨ᠎ᠠ᠃      ᠶᠠᠭᠤᠨ ᠤ ᠤᠴᠢᠷ ᠠᠴᠠ ᠤᠷᠢᠳᠴᠢᠯᠠᠨ ᠲᠤᠰᠢᠶᠠᠬᠤ ᠮᠥᠩᠭᠦ ᠶᠢ ᠬᠦᠴᠦᠨ ᠦᠭᠡᠢ ᠪᠤᠯᠭᠠᠬᠤ ᠪᠤᠶᠤ ᠪᠠᠭᠤᠷᠠᠭᠤᠯᠤᠭᠰᠠᠨ ᠪᠤᠢ︖       ᠬᠠᠮᠤᠭ ᠤᠨ ᠴᠢᠬᠤᠯᠠ ᠰᠢᠯᠲᠠᠭᠠᠨ ᠪᠣᠯ ᠤᠯᠠᠨ ᠲᠦᠮᠡᠨ ᠤ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ ᠶᠤᠮ᠃ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠶᠢ ᠬᠦᠴᠦᠨ ᠦᠭᠡᠢ ᠪᠤᠯᠭᠠᠬᠤ ᠨᠢ ᠡᠪᠡᠳᠴᠢᠲᠡᠨ ᠤ ᠵᠠᠷᠤᠳᠠᠯ ᠤᠨ ᠠᠰᠠᠭᠤᠳᠠᠯ ᠠᠴᠠ ᠪᠣᠯᠵᠤ ᠡᠮᠴᠢᠯᠡᠭᠡ ᠶᠢ ᠰᠠᠭᠠᠲᠠᠭᠠᠬᠤ ᠦᠭᠡᠢ ᠭᠡᠳᠡᠭ ᠢ ᠬᠠᠷᠠᠭᠤᠯᠵᠤ ᠪᠠᠶᠢᠨ᠎ᠠ᠃      ᠣᠳᠣᠬᠠᠨ ᠳᠤ ᠮᠠᠨ ᠤ ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠰᠠᠨ ᠬᠡᠪᠴᠢᠶ᠎ᠡ 95% ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠵᠤ᠂ ᠵᠠᠷᠢᠮ ᠭᠠᠵᠠᠷ ᠣᠷᠣᠨ ᠳᠤ ᠨᠢᠭᠡᠨᠲᠡ ︽ᠤᠷᠢᠳᠠᠪᠠᠷ ᠡᠪᠡᠳᠴᠢᠨ ᠦᠵᠡᠭᠦᠯᠵᠦ᠂ ᠳᠠᠷᠠᠭ᠎ᠠ ᠨᠢ ᠰᠦᠢᠳᠬᠡᠯ ᠲᠤᠰᠢᠶᠠᠬᠤ︾ ᠳᠦᠷᠢᠮ  ᠢ ᠡᠬᠢᠯᠡᠨ ᠬᠡᠷᠡᠭᠵᠢᠭᠦᠯᠵᠦ ᠪᠠᠶᠢᠨ᠎ᠠ᠃ ᠡᠲᠡᠭᠡᠷ ᠳᠦᠷᠢᠮ ᠨᠢ ᠠᠷᠠᠳ ᠣᠯᠠᠨ ᠡᠪᠡᠳᠴᠢᠨ ᠦᠵᠡᠭᠦᠯᠭᠦ ᠳᠤ ᠨᠠᠩ ᠰᠠᠶᠢᠨ ᠪᠠᠲᠤᠯᠠᠭ᠎ᠠ ᠲᠠᠢ ᠪᠤᠯᠭᠠᠵᠤ᠂ ᠤᠷᠢᠳᠴᠢᠯᠠᠨ ᠲᠤᠰᠢᠶᠠᠬᠤ ᠮᠥᠩᠭᠦ ᠶᠢ ᠬᠦᠴᠦᠨ ᠦᠭᠡᠢ ᠪᠤᠯᠭᠠᠬᠤ ᠪᠤᠶᠤ ᠪᠠᠭᠤᠷᠠᠭᠤᠯᠪᠠᠯ ᠳᠠᠷᠤᠢ ᠦᠨᠳᠦᠰᠦᠨ ᠪᠠᠲᠤᠯᠠᠭ᠎ᠠ ᠲᠠᠢ ᠪᠣᠯᠣᠨ᠎ᠠ᠃ᠥᠭᠡᠷᠡᠴᠢᠯᠡᠭᠰᠡᠨ ᠤ ᠳᠠᠷᠠᠭ᠎ᠠ ᠡᠮᠨᠡᠯᠭᠡ ᠳᠤ ᠰᠠᠭᠤᠬᠤ ᠤᠷᠢᠳᠴᠢᠯᠠᠨ ᠲᠤᠰᠢᠶᠠᠬᠤ ᠮᠥᠩᠭᠦ ᠬᠡᠳᠦᠢ ᠬᠠᠰᠤᠭᠳᠠᠬᠤ ᠪᠤᠶ       ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠢᠯᠡᠷᠬᠡᠶᠢᠯᠡᠭᠰᠡᠨ ᠢᠶᠠᠷ᠂ ᠡᠪᠡᠳᠴᠢᠲᠡᠨ ᠡᠭᠦᠳᠡᠨ ᠡᠮᠨᠡᠯᠭᠡ ᠳᠤ ᠡᠮᠨᠡᠭᠦᠯᠭᠦ ᠦᠶ᠎ᠡ ᠳᠤ᠂ ᠮᠥᠩᠭᠦ ᠲᠥᠯᠥᠬᠦ ᠠᠷᠭ᠎ᠠ ᠮᠠᠶ᠋ᠢᠭ ᠢ ᠦᠪᠡᠰᠦᠪᠡᠨ ᠰᠣᠩᠭᠤᠵᠤ ᠪᠣᠯᠣᠨ᠎ᠠ᠃ ᠵᠠᠷᠢᠮ ᠨᠠᠰᠤᠲᠠᠨ ᠰᠢᠨ᠎ᠡ ᠮᠠᠶ᠋ᠢᠭ ᠤᠨ ᠲᠥᠯᠥᠬᠦ ᠠᠷᠭ᠎ᠠ ᠶᠢ ᠬᠡᠷᠡᠭᠯᠡᠵᠦ ᠴᠢᠳᠠᠬᠤ ᠦᠭᠡᠢ ᠪᠥᠭᠡᠳ ᠪᠠᠶᠢᠨ ᠳᠠᠭᠢᠨ ᠡᠮᠨᠡᠭᠦᠯᠭᠦ ᠦᠢᠯᠡᠴᠢᠯᠡᠭᠡᠨ ᠤ ᠱᠠᠭᠠᠷᠳᠠᠯᠭ᠎ᠠ ᠲᠠᠢ ᠪᠠᠶᠢᠬᠤ ᠪᠣᠯᠣᠮᠵᠢ ᠶᠢ ᠪᠣᠳᠣᠯᠬᠢᠯᠠᠭᠠᠳ᠂ ᠡᠮᠨᠡᠯᠭᠡ ᠶᠢᠨ ᠬᠤᠷᠢᠶ᠎ᠠ ᠴᠤ ᠲᠡᠳᠡᠨ ᠳᠤ ᠵᠠᠷᠤᠳᠠᠯ ᠢᠶᠠᠨ ᠤᠷᠢᠳᠴᠢᠯᠠᠨ ᠬᠠᠳᠠᠭᠠᠯᠠᠬᠤ ᠠᠷᠭ᠎ᠠ ᠬᠠᠩᠭᠠᠵᠤ ᠪᠤᠢ᠃      ᠡᠭᠦᠳᠡᠨ ᠡᠮᠨᠡᠯᠭᠡ ᠶᠢᠨ ᠮᠡᠰᠡ ᠵᠠᠰᠠᠯ᠂ ᠲᠦᠷᠭᠡᠨ ᠡᠮᠨᠡᠯᠭᠡ ᠶᠢᠨ ᠮᠡᠰᠡ ᠵᠠᠰᠠᠯ ᠵᠡᠷᠭᠡ ᠡᠮᠨᠡᠯᠭᠡ ᠳᠤ ᠰᠠᠭᠤᠵᠤ ᠨᠢᠭᠡ ᠤᠳᠠᠭ᠎ᠠ ᠡᠮᠨᠡᠭᠦᠯᠭᠦ ᠳᠤ ᠣᠯᠠᠨ ᠤᠳᠠᠭ᠎ᠠ ᠵᠠᠷᠤᠳᠠᠯ ᠲᠤᠰᠢᠶᠠᠬᠤ ᠴᠢᠬᠤᠯᠠ ᠲᠠᠢ ᠪᠠᠶᠢᠬᠤ ᠪᠤᠳᠤᠯᠢᠶᠠᠨᠲᠠᠢ ᠪᠠᠶᠢᠳᠠᠯ ᠳᠤ᠂ ᠡᠪᠡᠳᠴᠢᠲᠡᠨ ᠰᠠᠶᠢᠨ ᠳᠤᠷ᠎ᠠ ᠠᠴᠠ ᠪᠠᠨ ᠪᠠᠶᠢᠬᠤ ᠤᠷᠢᠲᠠᠯ ᠳᠣᠣᠷ᠎ᠠ᠂ ᠡᠮᠴᠢᠯᠡᠭᠡᠨ ᠤ ᠪᠠᠶᠢᠭᠤᠯᠤᠮᠵᠢ ᠤᠷᠢᠳᠴᠢᠯᠠᠨ ᠬᠠᠳᠠᠭᠠᠯᠠᠬᠤ ᠵᠠᠷᠤᠳᠠᠯ ᠬᠤᠷᠢᠶᠠᠵᠤ ᠪᠣᠯᠣᠨ᠎ᠠ᠃      ᠡᠮᠨᠡᠯᠭᠡ ᠳᠤ ᠰᠠᠭᠤᠬᠤ ᠡᠪᠡᠳᠴᠢᠲᠡᠨ ᠤ ᠡᠪᠡᠳᠴᠢᠨ ᠡᠮᠭᠡᠭ ᠢ ᠣᠨᠣᠰᠢᠯᠠᠬᠤ᠂ ᠡᠮᠨᠡᠨ ᠵᠠᠰᠠᠬᠤ ᠠᠷᠭ᠎ᠠ ᠮᠠᠶ᠋ᠢᠭ᠂ ᠳ᠋ᠦᠩᠨᠡᠨ ᠪᠤᠳᠤᠬᠤ ᠲᠥᠷᠥᠯ ᠭᠡᠯᠪᠡᠷᠢ᠂ ᠳᠠᠭᠠᠳᠬᠠᠯ ᠤᠨ ᠲᠥᠷᠥᠯ ᠭᠡᠯᠪᠡᠷᠢ᠂ ᠲᠠᠩᠰᠠ ᠲᠠᠶᠢᠯᠬᠤ ᠬᠠᠷᠢᠴᠠᠯ ᠵᠡᠷᠭᠡ ᠬᠦᠴᠦᠨ ᠵᠦᠢᠯ ᠢ ᠦᠨᠳᠦᠰᠦᠯᠡᠨ᠂ ᠠᠳᠠᠯᠢ ᠡᠪᠡᠳᠴᠢᠨ ᠤ ᠲᠥᠷᠥᠯ ᠤᠨ ᠲᠦᠷᠦᠭᠦᠸ 3 ᠵᠢᠯ ᠳᠤ ᠪᠣᠳᠠᠲᠠᠢ ᠡᠭᠦᠰᠦᠭᠰᠡᠨ ᠤᠳᠠᠭ᠎ᠠ ᠪᠦᠷᠢ ᠶᠢᠨ ᠡᠮᠨᠡᠯᠭᠡ ᠳᠤ ᠰᠠᠭᠤᠭᠰᠠᠨ ᠳᠤᠮᠳᠠᠴᠢ ᠵᠠᠷᠤᠳᠠᠯ ᠪᠠ ᠬᠤᠪᠢ ᠬᠥᠮᠥᠨ ᠤ ᠥᠪᠡᠰᠦᠪᠡᠨ ᠲᠤᠰᠢᠶᠠᠭᠰᠠᠨ ᠵᠠᠷᠤᠳᠠᠯ ᠢᠶᠠᠷ ᠯᠠᠪᠯᠠᠯᠲᠠ ᠪᠤᠯᠭᠠᠵᠤ᠂ ᠡᠮᠨᠡᠯᠭᠡ ᠳᠤ ᠰᠠᠭᠤᠬᠤ ᠤᠷᠢᠳᠴᠢᠯᠠᠨ ᠲᠤᠰᠢᠶᠠᠬᠤ ᠵᠣᠭᠤᠰ ᠤᠨ ᠲᠤᠭ᠎ᠠ ᠶᠢ ᠵᠦᠢ ᠵᠣᠬᠢᠰᠲᠠᠢ ᠲᠣᠭᠲᠠᠭᠠᠨ᠎ᠠ᠃ᠪᠠᠶᠢᠩᠭᠤ ᠲᠣᠬᠢᠶᠠᠯᠳᠤᠳᠠᠭ ᠡᠪᠡᠳᠴᠢᠨ ᠤ ᠲᠥᠷᠥᠯ ᠤᠨ ᠤᠷᠢᠳᠴᠢᠯᠠᠨ ᠲᠤᠰᠢᠶᠠᠬᠤ ᠮᠥᠩᠭᠦ ᠶᠢᠨ ᠬᠤᠷᠢᠶᠠᠬᠤ ᠲᠤᠭ᠎ᠠ ᠬᠡᠮᠵᠢᠶ᠎ᠡ ᠶᠢ ᠢᠯᠡ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠡᠪᠡᠳᠴᠢᠲᠡᠨ ᠤ ᠪᠠᠶᠢᠳᠠᠯ ᠢ ᠮᠡᠳᠡᠬᠦ ᠡᠷᠬᠡ ᠶᠢ ᠭᠦᠢᠴᠡᠳ ᠪᠠᠲᠤᠯᠠᠨ᠎ᠠ᠃      ᠵᠢᠱᠢᠶᠡᠯᠡᠪᠡᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠰᠠᠨ ᠨᠢᠭᠡᠨ ᠡᠪᠡᠳᠴᠢᠨ ᠤ ᠲᠥᠷᠥᠯ ᠤᠨ ᠡᠪᠡᠳᠴᠢᠲᠡᠨ ᠤ ᠥᠩᠭᠡᠷᠡᠭᠰᠡᠨ ᠭᠤᠷᠪᠠᠨ ᠵᠢᠯ ᠤᠨ ᠡᠮᠨᠡᠯᠭᠡ ᠳᠤ ᠰᠠᠭᠤᠭᠰᠠᠨ ᠳᠤᠮᠳᠠᠴᠢ ᠵᠠᠷᠤᠳᠠᠯ ᠨᠢ 9000 ᠲᠥᠭᠦᠷᠢᠭ ᠪᠠᠶᠢᠵᠤ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠤᠭᠰᠠᠨ ᠤ ᠳᠠᠷᠠᠭ᠎ᠠ᠂ ᠬᠤᠪᠢ ᠬᠥᠮᠥᠨ ᠤ ᠥᠪᠡᠰᠦᠪᠡᠨ ᠲᠤᠰᠢᠶᠠᠭᠰᠠᠨ ᠳᠤᠮᠳᠠᠴᠢ ᠵᠠᠷᠤᠳᠠᠯ ᠨᠢ 3000 ᠲᠥᠭᠦᠷᠢᠭ ᠪᠣᠯ᠂ ᠲᠣᠰ ᠲᠥᠷᠥᠯ ᠤᠨ ᠡᠪᠡᠳᠴᠢᠲᠡᠨ ᠠᠴᠠ ᠬᠤᠷᠢᠶᠠᠬᠤ ᠤᠷᠢᠳᠴᠢᠯᠠᠨ ᠲᠤᠰᠢᠶᠠᠬᠤ ᠮᠥᠩᠭᠦ ᠨᠢ ᠳᠠᠷᠤᠢ 3000 ᠲᠥᠭᠦᠷᠢᠭ ᠠᠴᠠ ᠬᠡᠲᠦᠷᠡᠵᠦ ᠪᠤᠯᠬᠤ ᠦᠭᠡᠢ᠃      ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号