ᠡᠨᠡ 3 ᠠᠶᠢᠮᠠᠭ ᠬᠤᠳᠠ ᠳᠤ ᠡᠮ ᠡᠮᠨᠡᠯᠭᠡ ᠶᠢᠨ ᠳᠠᠭᠠᠳᠬᠠᠯ ᠢᠶᠠᠷ ᠡᠮ ᠠᠪᠴᠤ ᠪᠣᠯᠣᠨ᠎ᠠ
ᠨᠡᠶᠢᠲᠡᠯᠡᠭᠰᠡᠨ ᠴᠠᠭ᠄
2025/3/12
      ᠡᠨᠡ ᠵᠢᠯ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠮ ᠡᠮᠨᠡᠯᠭᠡ ᠶᠢᠨ ᠳᠠᠭᠠᠳᠬᠠᠯ ᠢᠶᠠᠷ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠨᠢᠭᠡ ᠴᠣᠭᠴᠠᠵᠢᠭᠤᠯᠤᠨ ᠡᠮ ᠬᠤᠳᠠᠯᠳᠤᠨ ᠠᠪᠬᠤ ᠦᠢᠯᠡᠴᠢᠯᠡᠭᠡ ᠶᠢ ᠰᠢᠨ᠎ᠡ ᠪᠠᠷ ᠨᠡᠮᠡᠵᠦ᠂ ᠲᠣᠭᠠᠴᠢᠯᠠᠭᠰᠠᠨ ᠥᠭᠡᠷᠡᠴᠢᠯᠡᠯᠲᠡ ᠪᠠᠷ ᠳᠠᠮᠵᠢᠭᠤᠯᠤᠨ ᠡᠮ ᠡᠮᠨᠡᠯᠭᠡ  ᠶᠢᠨ ᠳᠠᠭᠠᠳᠬᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠠᠪᠲᠠᠷᠡᠭᠦᠯᠵᠦ᠂ ᠳᠠᠭᠠᠳᠬᠠᠯ ᠳᠤ ᠣᠷᠣᠯᠴᠠᠬᠰᠠᠨ ᠣᠯᠠᠨ ᠲᠦᠮᠡᠨ ᠤ ︽ᠰᠦᠯᠵᠢᠶᠡᠨ ᠳᠡᠭᠡᠷ᠎ᠡ ᠦᠨ᠎ᠡ ᠠᠳᠠᠯᠢᠳᠬᠠᠬᠤ - ᠰᠦᠯᠵᠢᠶᠡᠨ ᠳᠡᠭᠡᠷ᠎ᠡ ᠡᠮ ᠬᠤᠳᠠᠯᠳᠤᠨ ᠠᠪᠬᠤ - ᠡᠮ ᠡᠮᠨᠡᠯᠭᠡ ᠶᠢᠨ ᠳᠠᠭᠠᠳᠬᠠᠯ ᠢᠶᠠᠷ ᠲᠡᠰᠦᠯᠦᠨ ᠪᠤᠳᠤᠬᠤ - ᠡᠮ ᠢ ᠳᠠᠷᠤᠢ ᠲᠦᠷᠭᠡᠨ ᠲᠣᠬᠢᠷᠠᠭᠤᠯᠤᠨ ᠬᠦᠷᠭᠡᠬᠦ︾ ᠣᠶᠤᠨᠴᠢ ᠪᠠᠷ ᠡᠮ ᠬᠤᠳᠠᠯᠳᠤᠨ ᠠᠪᠬᠤ ᠪᠦᠭᠦ ᠶᠠᠪᠤᠴᠠ ᠶᠢ ᠪᠡᠶᠡᠯᠡᠭᠦᠯᠵᠦ᠂ ᠠᠷᠠᠳ ᠲᠤ ᠲᠥᠭᠦᠮ ᠦᠵᠡᠭᠦᠯᠭᠦ ᠠᠷᠠᠳ ᠲᠤ ᠠᠰᠢᠭ ᠬᠦᠷᠲᠡᠭᠡᠬᠦ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠪᠤᠶ ᠪᠣᠯᠭᠠᠵᠠᠢ᠃ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠯᠢᠶᠠᠩ ᠶᠦᠩ ᠢᠯᠡᠷᠬᠡᠶᠢᠯᠡᠬᠦ ᠳᠡᠭᠡᠨ᠂ ᠳᠠᠭᠠᠳᠬᠠᠯ ᠳᠤ ᠣᠷᠣᠯᠴᠠᠬᠰᠠᠨ ᠣᠯᠠᠨ ᠲᠦᠮᠡᠨ ᠵᠢᠩ ᠳ᠋ᠦᠩ ᠵᠡᠷᠭᠡ ᠡᠯᠧᠺᠲᠷᠣᠨ ᠬᠤᠳᠠᠯᠳᠤᠭᠠᠨ ᠤ ᠲᠠᠪᠴᠠᠩ ᠳᠤ ᠭᠠᠷᠴᠤ᠂ ᠡᠮ ᠡᠮᠨᠡᠯᠭᠡ ᠶᠢᠨ ᠳᠠᠭᠠᠳᠬᠠᠯ ᠢᠶᠠᠷ ᠡᠮ ᠬᠤᠳᠠᠯᠳᠤᠨ ᠠᠪᠬᠤ ᠲᠤᠰᠬᠠᠢ ᠲᠣᠭᠤᠷᠢᠭ ᠲᠤ ᠣᠷᠣᠵᠤ᠂ ᠬᠤᠳᠠᠯᠳᠤᠨ ᠠᠪᠬᠤ ᠭᠡᠵᠦ ᠪᠠᠶᠢᠭ᠎ᠠ ᠡᠮ ᠤᠨ ᠨᠡᠷᠡᠶᠢᠳᠦᠯ ᠢᠶᠠᠨ ᠣᠷᠣᠭᠤᠯᠵᠤ᠂ ᠲᠠᠪᠴᠠᠩ ᠨᠢ ᠲᠣᠰ ᠡᠮ ᠤᠨ ᠡᠯ᠎ᠡ ᠲᠣᠭᠲᠠᠭᠰᠠᠨ ᠴᠡᠭ ᠤᠨ ᠡᠮ ᠤᠨ ᠳᠡᠯᠭᠡᠭᠦᠷ ᠲᠠᠬᠢ ᠪᠣᠷᠣᠯᠠᠭᠤᠯᠬᠤ ᠦᠨ᠎ᠡ ᠶᠢ ᠳᠡᠯᠭᠡᠨ ᠦᠵᠡᠭᠦᠯᠵᠦ᠂ ᠠᠳᠠᠯᠢ ᠬᠤᠲᠠ ᠶᠢᠨ ᠠᠳᠠᠯᠢ ᠦᠢᠯᠡᠳᠬᠦᠨ ᠤ ᠦᠨ᠎ᠡ ᠶᠢ ᠬᠠᠷᠢᠯᠴᠠᠨ ᠬᠠᠷᠢᠴᠠᠭᠤᠯᠵᠤ ᠲᠡᠶᠢᠯᠦᠨ᠎ᠡ᠃ ᠳᠠᠷᠠᠭ᠎ᠠ ᠨᠢ᠂ ᠡᠮ ᠬᠤᠳᠠᠯᠳᠤᠨ ᠠᠪᠤᠭᠴᠢ ᠬᠥᠬᠡ ᠥᠩᠭᠡᠲᠡᠢ ︽ᠡᠮ ᠡᠮᠨᠡᠯᠭᠡ ᠶᠢᠨ ᠳᠠᠭᠠᠳᠬᠠᠯ︾ ᠤᠨ ᠲᠡᠮᠳᠡᠭ ᠲᠠᠢ ᠵᠣᠷ ᠤᠨ ᠪᠤᠰᠤ ᠡᠮ ᠤᠨ ᠵᠦᠢᠯᠡᠰ ᠢ ᠰᠣᠩᠭᠤᠵᠤ᠂ ᠵᠠᠬᠢᠶᠠᠯᠠᠭ᠎ᠠ ᠶᠢᠨ ᠬᠠᠭᠤᠳᠠᠰᠤ ᠪᠠᠨ ᠲᠤᠰᠢᠶᠠᠭᠰᠠᠨ ᠤ ᠳᠠᠷᠠᠭ᠎ᠠ ︽ᠡᠮ ᠡᠮᠨᠡᠯᠭᠡ  ᠶᠢᠨ ᠳᠠᠭᠠᠳᠬᠠᠯ ᠤᠨ ᠰᠢᠯᠵᠢᠮᠡᠯ ᠲᠣᠭᠠᠴᠠᠭ᠎ᠠ ᠬᠢᠬᠦ︾ ᠴᠢᠳᠠᠮᠵᠢ ᠶᠢ ᠬᠡᠷᠡᠭᠯᠡᠪᠡᠯ᠂ ᠳᠠᠷᠤᠢ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠶᠢᠨ ᠰᠦᠯᠵᠢᠶᠡᠨ ᠳᠡᠭᠡᠷ᠎ᠡ ᠡᠮ ᠬᠤᠳᠠᠯᠳᠤᠨ ᠠᠪᠬᠤ ᠪᠦᠭᠦ ᠴᠤᠪᠤᠷᠠᠯ ᠤᠨ ᠦᠢᠯᠡᠴᠢᠯᠡᠭᠡ ᠶᠢ ᠪᠡᠶᠡᠯᠡᠭᠦᠯᠵᠦ᠂ ᠡᠮ ᠤᠨ ᠵᠦᠢᠯᠡᠰ ᠢ ᠰᠢᠭᠤᠳ ᠭᠡᠷ ᠲᠤ ᠨᠢ ᠲᠣᠬᠢᠷᠠᠭᠤᠯᠤᠨ ᠬᠦᠷᠭᠡᠨ᠎ᠡ ᠭᠡᠵᠡᠢ᠃      ᠣᠳᠣᠬᠠᠨ ᠳᠤ ᠭᠦᠭᠡᠬᠤᠲᠠ᠂ ᠪᠤᠭᠤᠲᠤ ᠬᠤᠲᠠ᠂ ᠬᠢᠩᠭᠠᠨ ᠠᠶᠢᠮᠠᠭ ᠤᠨ 380 ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠳᠤ ᠰᠦᠯᠵᠢᠶᠡᠨ ᠳᠡᠭᠡᠷ᠎ᠡ ᠡᠮ ᠬᠤᠳᠠᠯᠳᠤᠨ ᠠᠪᠬᠤ ᠦᠢᠯᠡᠴᠢᠯᠡᠭᠡ ᠶᠢ ᠨᠠᠪᠲᠠᠷᠡᠭᠦᠯᠵᠦ᠂ ᠵᠢᠩ ᠳ᠋ᠦᠩ ᠵᠡᠷᠭᠡ ᠣᠯᠠᠨ ᠡᠯᠧᠺᠲᠷᠣᠨ ᠬᠤᠳᠠᠯᠳᠤᠭᠠᠨ ᠤ ᠲᠠᠪᠴᠠᠩ ᠢ ᠬᠠᠮᠤᠷᠴᠤ᠂ ᠪᠤᠰᠤᠳ ᠠᠶᠢᠮᠠᠭ ᠬᠤᠲᠠ ᠵᠢᠴᠢ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢ ᠴᠤ ᠵᠠᠯᠭᠠᠭ᠎ᠠ ᠪᠠᠷ ᠨᠡᠭᠡᠭᠡᠯᠲᠡ ᠲᠠᠢ ᠪᠤᠯᠭᠠᠵᠤ ᠪᠠᠶᠢᠨ᠎ᠠ᠃ ᠲᠣᠰ ᠦᠢᠯᠡᠴᠢᠯᠡᠭᠡ ᠨᠡᠪᠲᠡᠷᠡᠭᠰᠡᠨ ᠠᠴᠠ ᠨᠠᠭᠠᠰᠢ ᠨᠡᠶᠢᠲᠡ 9403 ᠬᠤᠪᠢ ᠵᠠᠬᠢᠶᠠᠯᠠᠭ᠎ᠠ ᠶᠢ ᠲᠤᠰᠴᠦ᠂ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠶᠢᠨ ᠲᠡᠰᠦᠯᠦᠨ ᠪᠤᠳᠤᠬᠰᠠᠨ ᠵᠣᠭᠤᠰᠤᠨ ᠲᠤᠭ᠎ᠠ 26.72 ᠲᠦᠮᠡᠨ ᠲᠥᠭᠦᠷᠢᠭ ᠲᠤ ᠬᠦᠷᠴᠡᠢ᠃      ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠷᠧᠨ ᠸᠧᠨ ᠬᠤᠸ ᠢᠯᠡᠷᠬᠡᠶᠢᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠰᠦᠯᠵᠢᠶᠡᠨ ᠳᠡᠭᠡᠷ᠎ᠡ ᠪᠠ ᠪᠣᠳᠠᠲᠤ ᠴᠣᠭᠴᠠ ᠶᠢ ᠨᠢᠭᠡ ᠴᠣᠭᠴᠠᠵᠢᠭᠤᠯᠤᠭᠰᠠᠨ ᠠᠷᠠᠳ ᠲᠤ ᠲᠥᠭᠦᠮ ᠦᠵᠡᠭᠦᠯᠭᠦ ᠡᠮ ᠬᠤᠳᠠᠯᠳᠤᠨ ᠠᠪᠬᠤ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠂ ︽ᠢᠨᠲ᠋ᠧᠷ ᠰᠦᠯᠵᠢᠶ᠎ᠡ +︾ ᠡᠮ ᠡᠮᠨᠡᠯᠭᠡ ᠶᠢᠨ ᠳᠠᠭᠠᠳᠬᠠᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠣᠯᠠᠨ ᠲᠦᠮᠡᠨ ᠤ ᠰᠦᠯᠵᠢᠶᠡᠨ ᠳᠡᠭᠡᠷ᠎ᠡ ᠠᠰᠠᠭᠤᠨ ᠯᠠᠪᠯᠠᠬᠤ᠂ ᠡᠯᠧᠺᠲᠷᠣᠨ ᠵᠣᠷ ᠪᠢᠴᠢᠵᠦ ᠥᠭᠬᠦ᠂ ᠰᠦᠯᠵᠢᠶᠡᠨ ᠳᠡᠭᠡᠷ᠎ᠡ ᠡᠮ ᠡᠮᠨᠡᠯᠭᠡ ᠶᠢᠨ ᠳᠠᠭᠠᠳᠬᠠᠯ ᠢ ᠲᠡᠰᠦᠯᠦᠨ ᠪᠤᠳᠤᠬᠤ ᠳᠤ ᠲᠥᠭᠦᠮ ᠦᠵᠡᠭᠦᠯᠦᠨ᠂ ᠣᠯᠠᠨ ᠲᠦᠮᠡᠨ ᠤ ᠡᠪᠡᠳᠴᠢᠨ ᠦᠵᠡᠭᠦᠯᠭᠦ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ ᠭᠡᠵᠡᠢ᠃      ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号