| | | | ᠪᠢᠷ ᠪᠡᠬᠡᠰ ᠠᠴᠠ ᠲᠡᠦᠬᠡ ᠶᠢᠨ ᠢᠮ ᠲᠠᠮᠠᠭ᠎ᠠ ᠲᠣᠳᠣᠷᠠᠵᠤ᠂ ᠰᠡᠶᠢᠯᠪᠦᠷᠢ ᠵᠢᠷᠤᠭᠠᠰᠤᠨ ᠳᠤ ᠤᠳᠬ᠎ᠠ ᠤᠷᠠᠯᠢᠭ | ᠤᠨ ᠦᠨᠡᠲᠦ ᠥᠪ ᠥᠪᠯᠡᠭᠳᠡᠨ᠎ᠡ᠃ 3 ᠰᠠᠷ᠎ᠠ ᠶᠢᠨ 8 ᠤ ᠡᠳᠦᠷ ᠥᠪᠥᠷ ᠮᠣᠩᠭᠤᠯ ᠤᠨ ᠤᠷᠠᠨ ᠵᠢᠷᠤᠭ ᠤᠨ | ᠣᠷᠳᠣᠨ ᠳᠤ ᠬᠠᠳᠠᠭᠠᠯᠠᠭᠳᠠᠵᠤ ᠪᠠᠶᠢᠭ᠎ᠠ ᠰᠣᠳᠣᠨ ᠪᠠᠷ ᠵᠢᠷᠤᠭ ᠤᠨ ᠦᠵᠡᠰᠭᠦᠯᠡᠩ ᠭᠦᠷ ᠬᠥᠭᠵᠢᠶᠡᠨ ᠲᠠᠢ | ᠡᠬᠢᠯᠡᠵᠦ᠂ ᠤᠷᠠᠨ ᠵᠢᠷᠤᠭ ᠪᠣᠯᠣᠨ ᠪᠠᠷ ᠵᠢᠷᠤᠭ ᠤᠨ ᠪᠠᠭ᠋ᠠᠲᠠᠳ ᠤᠨ ᠰᠣᠨᠢᠷᠬᠠᠯ ᠢ ᠲᠠᠲᠠᠵᠤ ᠪᠠᠶᠢᠨ᠎ᠠ᠃ | ᠲᠣᠰ ᠤᠳᠠᠭᠠᠨ ᠤ ᠦᠵᠡᠰᠭᠦᠯᠡᠩ ᠳᠤ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠬᠠᠳᠠᠭᠠᠯᠠᠭᠳᠠᠵᠤ | ᠪᠠᠶᠢᠭ᠎ᠠ 45 ᠵᠦᠢᠯ ᠤᠨ ᠪᠠᠷ ᠵᠢᠷᠤᠭ ᠤᠨ ᠪᠦᠲᠦᠭᠡᠯ ᠢ ᠰᠣᠩᠭᠤᠵᠤ᠂ ᠥᠪᠥᠷ ᠮᠣᠩᠭᠤᠯ ᠤᠨ ᠠᠬᠠᠮᠠᠳ ᠢᠳᠡᠷ | ᠵᠠᠯᠠᠭᠤ ᠭᠤᠷᠪᠠᠨ ᠦᠶ᠎ᠡ ᠶᠢᠨ ᠪᠠᠷ ᠵᠢᠷᠤᠭ ᠤᠨ ᠤᠷᠠᠯᠢᠭᠴᠢᠳ ᠤᠨ 1997 ᠣᠨ ᠠᠴᠠ 2024 ᠣᠨ ᠤ | ᠬᠤᠭᠤᠷᠣᠨᠳᠤ ᠵᠣᠬᠢᠶᠠᠨ ᠪᠦᠲᠦᠭᠡᠭᠰᠡᠨ ᠲᠥᠯᠥᠭᠡᠯᠡᠬᠦ ᠴᠢᠨᠠᠷᠲᠠᠢ ᠪᠦᠲᠦᠭᠡᠯ ᠤᠳ ᠢ ᠳᠡᠯᠭᠡᠨ ᠦᠵᠡᠭᠦᠯᠵᠦ᠂ ᠲᠣᠪᠴᠢ | ᠠᠪᠰᠠᠷᠬᠠᠨ ᠪᠣᠷᠣᠭᠵᠢᠭᠤᠨ ᠤᠤᠭᠠᠯ ᠲᠥᠷᠬᠦ ᠠᠴᠠ ᠶᠢᠷᠲᠢᠨᠴᠦ ᠶᠢᠨ ᠥᠩᠭᠡ ᠲᠥᠷᠬᠦ ᠲᠦᠮᠡᠨ ᠪᠣᠳᠠᠰ ᠭᠦᠷᠲᠡᠯ᠎ᠡ᠂ | ᠲᠠᠯ᠎ᠠ ᠨᠤᠲᠤᠭ ᠤᠨ ᠠᠮᠢᠳᠤᠷᠠᠯ ᠠᠬᠤᠢ ᠠᠴᠠ ᠣᠲᠣ ᠦᠶ᠎ᠡ ᠶᠢᠨ ᠬᠤᠲᠠ ᠶᠢᠨ ᠰᠣᠶᠣᠯ ᠤᠨ ᠠᠭᠤᠰᠤᠯᠴᠠᠯ | ᠭᠦᠷᠲᠡᠯ᠎ᠡ ᠪᠦᠲᠦᠭᠡᠯ ᠨᠢᠭᠡᠪᠦᠷᠢ ᠨᠢ ᠴᠥᠮ ᠵᠣᠬᠢᠶᠠᠭᠴᠢ ᠶᠢᠨ ᠤᠷ᠎ᠠ ᠠᠪᠢᠶᠠᠰ᠂ ᠵᠢᠳᠬᠦᠯ ᠴᠢᠷᠮᠠᠶᠢᠯᠭ᠎ᠠ ᠪᠣᠯᠣᠨ | ᠨᠤᠲᠤᠭᠴᠢ ᠰᠡᠳᠬᠢᠯᠭᠡ ᠶᠢ ᠠᠭᠤᠰᠬᠠᠵᠠᠢ᠃ ᠥᠪᠥᠷ ᠮᠣᠩᠭᠤᠯ ᠤᠨ ᠪᠠᠷ ᠵᠢᠷᠤᠭ ᠵᠢᠷᠢᠮ ᠤᠨ ᠪᠠᠷ ᠵᠢᠷᠤᠭ ᠢᠶᠠᠷ | ᠲᠥᠯᠥᠭᠡᠯᠡᠭᠴᠢ ᠪᠣᠯᠭᠠᠨ 20 ᠳ᠋ᠤᠭᠠᠷ ᠵᠠᠭᠤᠨ ᠤ ᠲᠠᠪᠢᠭᠠᠳ ᠣᠨ ᠳᠤ ᠰᠣᠶᠣᠭᠠᠯᠠᠵᠤ᠂ ᠮᠣᠳᠣᠨ ᠰᠡᠶᠢᠯᠦᠮᠡᠯ ᠢᠶᠠᠷ | ᠭᠤᠣᠯ ᠪᠣᠯᠭᠠᠨ᠂ ᠬᠢᠲᠤᠭᠠᠨ ᠰᠡᠶᠢᠯᠪᠦᠷᠢ ᠪᠠ ᠪᠣᠳᠠᠴᠢᠯᠠᠬᠤ ᠬᠡᠪ ᠨᠠᠮᠪᠠ ᠪᠠᠷ ᠲᠠᠯ᠎ᠠ ᠨᠤᠲᠤᠭ ᠤᠨ ᠠᠮᠢᠳᠤᠷᠠᠯ ᠢ | ᠲᠡᠮᠳᠡᠭᠯᠡᠳᠡᠭ᠃ | | | ᠬᠤᠷᠢᠳᠤᠭᠠᠷ ᠵᠠᠭᠤᠨ ᠤ ᠳᠠᠯ᠎ᠠ ᠨᠠᠶᠠᠭᠠᠳ ᠣᠨ ᠳᠤ ᠥᠷᠨᠢᠨ ᠬᠥᠭᠵᠢᠵᠦ᠂ ᠦᠨᠳᠦᠰᠦᠲᠡᠨ ᠤ ᠣᠨᠴᠠᠯᠢᠭ | ᠪᠣᠯᠣᠨ ᠤᠳᠤ ᠦᠶ᠎ᠡ ᠶᠢᠨ ᠭᠤᠸ᠎ᠠ ᠲᠠᠭᠠᠰᠢᠶᠠᠯ ᠢ ᠠᠯᠬᠤᠮ ᠠᠯᠬᠤᠮ ᠢᠶᠠᠷ ᠠᠭᠤᠰᠤᠯᠴᠠᠭᠤᠯᠵᠤ᠂ ᠪᠦᠲᠦᠭᠡᠯ ᠨᠢ | ᠪᠦᠭᠦ ᠤᠯᠤᠰ ᠤᠨ ᠤᠷᠠᠨ ᠵᠢᠷᠤᠭ ᠤᠨ ᠪᠠᠭ᠋ᠠᠲᠠᠳ ᠪᠣᠯᠣᠨ ᠦᠵᠡᠭᠴᠢᠳ ᠤᠨ ᠠᠩᠬᠠᠷᠤᠯ ᠢ ᠲᠠᠲᠠᠭᠰᠠᠨ ᠪᠠᠶᠢᠨ᠎ᠠ᠃ | 21 ᠳ᠋ᠦ᠋ᠭᠡᠷ ᠵᠠᠭᠤᠨ ᠠᠴᠠ ᠨᠠᠭᠠᠰᠢ ᠲᠣᠷᠭᠠᠨ ᠲᠣᠣᠷ᠂ ᠵᠡᠰ ᠬᠠᠪᠲᠠᠰᠤ ᠵᠡᠷᠭᠡ ᠶᠢ ᠠᠭᠤᠰᠤᠯᠴᠠᠭᠤᠯᠤᠭᠰᠠᠨ ᠣᠯᠠᠨ | ᠡᠰᠢᠲᠦ ᠤᠷ᠎ᠠ ᠮᠡᠷᠭᠡᠵᠢᠯ ᠴᠣᠯᠭᠤᠷᠠᠨ ᠭᠠᠷᠴᠤ᠂ ᠪᠠᠷ ᠵᠢᠷᠤᠭ ᠤᠨ ᠪᠦᠲᠦᠭᠡᠯ ᠤᠨ ᠦᠵᠡᠮᠦᠷᠢ ᠶᠢ ᠨᠡᠮᠡᠭᠳᠡᠭᠦᠯᠦᠨ | ᠤᠷᠠᠯᠢᠭ ᠤᠨ ᠨᠥᠯᠥᠭᠡᠯᠡᠬᠦ ᠬᠦᠴᠦᠨ ᠢ ᠨᠢ ᠴᠢᠨᠠᠭᠰᠢᠳᠠ ᠴᠢᠩᠭᠠᠷᠠᠭᠤᠯᠪᠠ᠃ | | |