2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠬᠥᠬᠡᠬᠤᠲᠠ ︽ᠪᠦᠷᠢᠨ ᠴᠢᠳᠠᠮᠵᠢᠲᠤ ᠺᠠᠷᠲ︾ ᠢᠶᠠᠷ 34258.62 ᠲᠦᠮᠡᠨ ᠲᠥᠭᠦᠷᠢᠭ ᠤᠨ ᠨᠥᠬᠦᠪᠦᠷᠢ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2025/3/13
       ︵ᠰᠤᠷᠪᠤᠯᠵᠢᠯᠠᠭᠴᠢ ᠰᠦᠩ ᠰᠢᠶᠠᠩ ᠬᠤᠸᠠ︶ 2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠥᠬᠡᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠨᠡᠶᠢᠲᠡ 34258.62 ᠲᠦᠮᠡᠨ ᠲᠥᠭᠦᠷᠢᠭ ᠤᠨ ᠨᠥᠬᠦᠪᠦᠷᠢ ᠮᠥᠩᠭᠦ ᠲᠠᠷᠬᠠᠭᠠᠪᠠ᠂ ᠡᠭᠦᠨ ᠳᠤ᠂ ᠲᠠᠷᠢᠶᠠᠴᠢᠳ ᠤᠨ ᠨᠥᠬᠦᠪᠦᠷᠢ ᠮᠥᠩᠭᠦ 30918.07 ᠲᠦᠮᠡᠨ ᠲᠥᠭᠦᠷᠢᠭ᠂ 90.25% ᠶᠢ ᠡᠵᠡᠯᠡᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠦᠷᠢ ᠪᠡᠯᠡ ᠮᠥᠩᠭᠦ 3340.55 ᠲᠦᠮᠡᠨ ᠲᠥᠭᠦᠷᠢᠭ᠂ 9.75% ᠶᠢ ᠡᠵᠡᠯᠡᠪᠡ᠃ ᠪᠥᠬᠦ ᠬᠤᠲᠠ ᠶᠢᠨ 89 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ 70.54 ᠲᠦᠮᠡᠨ ᠬᠥᠮᠥᠨ ᠤᠳᠠᠭ᠎ᠠ ᠲᠠᠷᠬᠠᠭᠠᠪᠠ᠂ ᠡᠭᠦᠨ ᠳᠤ ᠬᠥᠳᠡᠭᠡ ᠲᠣᠰᠬᠤᠨ ᠤ ᠨᠥᠬᠦᠪᠦᠷᠢ ᠣᠯᠬᠤ ᠡᠲᠡᠭᠡᠳ 67.44 ᠲᠦᠮᠡᠨ ᠬᠥᠮᠥᠨ ᠤᠳᠠᠭ᠎ᠠ ᠬᠦᠷᠴᠦ᠂ 95.6% ᠶᠢ ᠡᠵᠡᠯᠡᠪᠡ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠦᠷᠢ ᠣᠯᠬᠤ ᠡᠲᠡᠭᠡᠳ 3.1 ᠲᠦᠮᠡᠨ ᠬᠥᠮᠥᠨ ᠤᠳᠠᠭ᠎ᠠ ᠳᠤ ᠬᠦᠷᠴᠦ᠂ 4.4% ᠶᠢ ᠡᠵᠡᠯᠡᠪᠡ᠃             2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠲᠠᠷᠬᠠᠭᠠᠭᠰᠠᠨ ᠪᠡᠯᠡ ᠮᠥᠩᠭᠦ ᠶᠢᠨ ᠲᠦᠷᠦᠯ ᠵᠦᠢᠯ 7 ᠬᠦᠷᠢᠶᠡᠨ ᠤ 35 ᠲᠥᠷᠥᠯ ᠤᠨ 41 ᠵᠦᠢᠯ ᠢ ᠬᠠᠮᠤᠷᠴᠠᠢ᠃ ᠡᠳ᠋ ᠤᠨ ᠵᠠᠰᠠᠭ ᠤᠨ ᠨᠥᠬᠦᠪᠦᠷᠢ ᠮᠥᠩᠭᠦ ᠳᠤ᠂ ᠵᠣᠭᠤᠰ ᠤᠨ ᠲᠤᠭ᠎ᠠ ᠨᠢ ᠨᠡᠯᠢᠶᠡᠳ ᠶᠡᠭᠡ ᠨᠢ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠴᠠᠯᠢᠩ ᠤᠨ ᠨᠥᠬᠦᠪᠦᠷᠢ ᠶᠢᠨ ᠲᠥᠷᠥᠯ᠂ ᠲᠥᠯᠥᠪᠯᠡᠭᠡᠲᠦ ᠦᠷᠡᠵᠢᠯ ᠤᠨ ᠲᠥᠷᠥᠯ᠂ ᠪᠦᠲᠦᠭᠡᠨ ᠪᠠᠶᠢᠭᠤᠯᠤᠯᠲᠠ ᠶᠢᠨ ᠲᠥᠷᠥᠯ᠂ ᠲᠠᠷᠢᠶᠠᠯᠠᠩ ᠤᠨ ᠲᠥᠷᠥᠯ ᠵᠡᠷᠭᠡ ᠠᠷᠠᠳ ᠤᠨ ᠠᠮᠢᠳᠤᠷᠠᠯ ᠤᠨ ᠲᠥᠷᠥᠯ ᠤᠨ ᠲᠠᠪᠤᠨ ᠶᠡᠭᠡ ᠨᠥᠬᠦᠪᠦᠷᠢ ᠶᠢᠨ ᠪᠡᠯᠡ ᠮᠥᠩᠭᠦ ᠪᠠᠭᠲᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号