| | | | ︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠳᠤ᠂ ᠬᠥᠬᠡᠬᠤᠲᠠ ᠶᠢᠨ ᠭᠤᠣᠯ ᠤᠨ ᠳᠠᠷᠤᠭ᠎ᠠ ᠶᠢᠨ | ᠳᠦᠷᠢᠮ ᠤᠨ ᠠᠯᠪᠠᠨ ᠭᠡᠷ ᠬᠤᠷᠢᠨᠭᠡᠷ ᠰᠢᠶᠠᠨ᠂ ᠰᠠᠶᠢᠬᠠᠨ ᠲᠣᠭᠤᠷᠢᠭ᠂ ᠲᠦᠮᠡᠳ ᠵᠡᠭᠦᠨ ᠬᠤᠰᠢᠭᠤ᠂ ᠢᠦᠢ ᠴᠢᠤᠸᠠᠨ | ᠲᠣᠭᠤᠷᠢᠭ᠂ ᠴᠢᠩ ᠱᠦᠢ ᠾᠧ ᠰᠢᠶᠠᠨ᠂ ᠲᠣᠭᠲᠠᠬᠤ ᠰᠢᠶᠠᠨ ᠳᠤ ᠭᠦᠨᠵᠡᠭᠡᠶᠢᠷᠡᠨ ︽ᠭᠤᠯᠳᠤᠷᠢᠯ ᠴᠡᠪᠡᠷᠯᠡᠬᠦ | ᠠᠵᠢᠯᠯᠠᠭ᠎ᠠ︾ ᠶᠢᠨ ᠲᠤᠰᠬᠠᠢ ᠪᠠᠶᠢᠴᠠᠭᠠᠯᠲᠠ ᠥᠷᠨᠢᠭᠦᠯᠪᠡ᠃ | | | ᠲᠣᠰ ᠤᠳᠠᠭᠠᠨ ᠤ ᠲᠤᠰᠬᠠᠢ ᠪᠠᠶᠢᠴᠠᠭᠠᠯᠲᠠ ᠨᠢ ᠤᠯᠠᠭᠠᠨᠮᠥ᠋ᠷᠡᠨ᠂ ᠶᠡᠭᠡ ᠲᠦᠷᠭᠡᠨ ᠭᠤᠣᠯ ᠤᠨ ᠭᠤᠣᠯ | ᠭᠤᠯᠳᠤᠷᠢᠯ ᠤᠨ ᠣᠷᠣᠨ ᠤ ᠲᠠᠷᠢᠶᠠᠯᠠᠬᠤ ᠶᠢ ᠴᠠᠭᠠᠵᠠᠯᠠᠬᠤ ᠱᠤᠭᠤᠮ ᠤᠨ ᠪᠠᠶᠢᠷᠢᠯᠠᠭᠤᠯᠤᠯᠲᠠ ᠶᠢᠨ ᠪᠠᠶᠢᠳᠠᠯ ᠢ | ᠭᠤᠣᠯᠳᠠᠯᠭ᠎ᠠ ᠲᠠᠢ ᠪᠠᠶᠢᠴᠠᠭᠠᠨ ᠦᠵᠡᠬᠦ ᠶᠢᠨ ᠬᠠᠮᠲᠤ ᠵᠠᠮ ᠳᠠᠭᠠᠤ ᠵᠢᠷᠤᠭᠠᠰᠤ ᠪᠤᠯᠠᠭᠠᠷᠢ ᠶᠢᠨ ᠶᠠᠰᠤ ᠴᠢᠨᠠᠷ ᠢ | ᠰᠤᠭᠤᠴᠢᠨ ᠪᠠᠶᠢᠴᠠᠭᠠᠪᠠ᠃ ᠪᠠᠶᠢᠴᠠᠭᠠᠭᠰᠠᠨ ᠢᠶᠠᠷ᠂ ᠣᠨᠴᠠ ᠵᠠᠷᠢᠮ ᠭᠠᠵᠠᠷ ᠣᠷᠣᠨ ᠳᠤ ᠬᠥᠭᠦᠷᠭᠡ᠂ ᠬᠡᠰᠡᠭ ᠣᠶ᠂ | ᠵᠢᠭᠠᠰᠤᠨ ᠨᠠᠭᠤᠷ ᠵᠡᠷᠭᠡ ᠤᠰᠤ ᠬᠤᠷᠢᠭᠯᠠᠬᠤ ᠠᠰᠠᠭᠤᠳᠠᠯ ᠣᠷᠣᠰᠢᠵᠤ᠂ ᠲᠤᠬᠠᠢ ᠶᠢᠨ ᠲᠠᠯᠠᠪᠠᠶ ᠳᠤ ᠴᠡᠭᠴᠡᠯᠡᠨ | ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃ ᠡᠨᠡ ᠬᠤᠭᠤᠴᠠᠭᠠᠨ ᠳᠤ᠂ ᠬᠠᠮᠢᠶ᠎ᠠ ᠪᠦᠬᠦᠢ ᠬᠤᠰᠢᠭᠤ ᠰᠢᠶᠠᠨ | ᠲᠣᠭᠤᠷᠢᠭ ᠤᠨ ︽ᠭᠤᠯᠳᠤᠷᠢᠯ ᠴᠡᠪᠡᠷᠯᠡᠬᠦ ᠠᠵᠢᠯᠯᠠᠭ᠎ᠠ︾ ᠶᠢ ᠠᠬᠢᠭᠤᠯᠤᠭᠰᠠᠨ ᠪᠠᠶᠢᠳᠠᠯ ᠤᠨ ᠲᠤᠬᠠᠢ ᠲᠤᠰᠬᠠᠢ | ᠰᠡᠳᠦᠪᠲᠦ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠰᠬᠠᠢ ᠠᠵᠢᠯᠯᠠᠭ᠎ᠠ ᠶᠢᠨ ᠪᠠᠶᠢᠷᠢᠯᠠᠭᠤᠯᠤᠯᠲᠠ᠂ ᠲᠠᠷᠢᠶᠠᠯᠠᠬᠤ ᠶᠢ | ᠴᠠᠭᠠᠵᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠲᠠᠷᠢᠶᠠᠯᠠᠬᠤ ᠶᠢ ᠴᠠᠭᠠᠵᠠᠯᠠᠬᠤ ᠵᠠᠷᠯᠢᠭ ᠳᠠᠷᠤᠮᠠᠯᠯᠠᠨ | ᠲᠠᠷᠬᠠᠭᠠᠭᠰᠠᠨ᠂ ᠲᠠᠷᠢᠶᠠᠯᠠᠬᠤ ᠶᠢ ᠴᠠᠭᠠᠵᠠᠯᠠᠬᠤ ᠱᠤᠭᠤᠮ ᠤᠨ ᠳᠣᠲᠣᠷᠠᠬᠢ ᠭᠠᠵᠠᠷ ᠤᠨ ᠰᠠᠭᠤᠷᠢ ᠲᠤᠭ᠎ᠠ ᠵᠢᠴᠢ | ᠡᠷᠬᠡ ᠶᠢ ᠨᠤᠲᠠᠯᠠᠨ ᠲᠣᠭᠲᠠᠭᠠᠭᠰᠠᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ | ᠠᠯᠬᠤᠮ ᠤᠨ ᠠᠵᠢᠯ ᠤᠨ ᠲᠣᠬᠢᠷᠠᠭᠤᠯᠤᠯᠲᠠ ᠵᠡᠷᠭᠡ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠪᠠ᠃ | ᠬᠤᠲᠠ ᠶᠢᠨ ᠭᠤᠣᠯ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠠᠴᠠ᠂ ᠡᠯ᠎ᠡ ᠬᠤᠰᠢᠭᠤ ᠰᠢᠶᠠᠨ ᠲᠣᠭᠤᠷᠢᠭ ᠤᠨ | ᠭᠤᠣᠯ ᠤᠨ ᠳᠠᠷᠤᠭ᠎ᠠ ᠶᠢᠨ ᠠᠯᠪᠠᠨ ᠭᠡᠷ ᠲᠦᠷᠦᠭᠦᠯᠡᠵᠦ ᠶᠡᠷᠦᠩᠬᠡᠶᠢᠯᠡᠨ ᠠᠳᠬᠤᠵᠤ᠂ ᠬᠢᠨᠠᠨ ᠵᠢᠯᠤᠭᠤᠳᠴᠤ | ᠪᠠᠶᠢᠴᠠᠭᠠᠬᠤ ᠪᠠ ᠬᠠᠷᠢᠭᠤ ᠮᠡᠳᠡᠭᠦᠯᠬᠦ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠴᠠᠭ | ᠲᠤᠬᠠᠢ ᠳᠤᠨᠢ ᠬᠠᠷᠢᠭᠤ ᠲᠤᠰᠬᠠᠬᠤ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠠᠰᠢᠭᠲᠠᠢ ᠴᠠᠭ | ᠲᠣᠬᠢᠶᠠᠯ ᠢ ᠰᠠᠶᠢᠲᠤᠷ ᠠᠳᠬᠤᠵᠤ᠂ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠴᠢᠩᠭᠠᠳᠬᠠᠵᠤ᠂ ᠣᠯᠠᠨ | ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠲᠠᠷᠢᠶᠠᠯᠠᠬᠤ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠡᠷᠦᠬᠡ | ᠪᠣᠯᠭᠠᠨ ᠳᠤ ᠮᠡᠳᠡᠭᠦᠯᠬᠦ ᠶᠢ ᠦᠨᠡᠨ ᠬᠦ ᠪᠠᠲᠤᠯᠠᠵᠤ᠂ ᠨᠠᠩ ᠪᠣᠳᠠᠲᠠᠢ ᠠᠷᠭ᠎ᠠ ᠬᠡᠮᠵᠢᠶ᠎ᠡ᠂ ᠨᠠᠩ ᠶᠡᠭᠡ ᠡᠷᠴᠢᠮ ᠢᠶᠠᠷ | ︽ᠭᠤᠯᠳᠤᠷᠢᠯ ᠴᠡᠪᠡᠷᠯᠡᠬᠦ ᠠᠵᠢᠯᠯᠠᠭ᠎ᠠ︾ ᠶᠢᠨ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ | ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ |