ᠮᠠᠨ ᠤ ᠣᠷᠣᠨ ᠤ ᠠᠩᠬᠠᠳᠠᠭᠴᠢ︕ 3 ᠰᠠᠷ᠎ᠠ ᠶᠢᠨ 17 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2025/3/14
      ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠶᠢᠷ᠎ᠠ  ᠳᠤ ᠪᠦᠭᠦ ᠣᠷᠣᠨ ᠤ ᠠᠩᠬᠠᠳᠠᠭᠴᠢ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠣᠷᠣᠨ ᠨᠤᠲᠤᠭ ᠤᠨ ᠪᠠᠷᠢᠮᠵᠢᠶ᠎ᠠ ᠪᠤᠯᠬᠤ ︽ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠵᠢᠷᠤᠮᠵᠢᠯ︾ ᠢ ᠨᠡᠶᠢᠲᠡᠯᠡᠵᠦ᠂ 3 ᠰᠠᠷ᠎ᠠ ᠶᠢᠨ 17 ᠤ ᠡᠳᠦᠷ ᠠᠴᠠ ᠵᠢᠩᠬᠢᠨᠢ ᠪᠠᠷ ᠬᠡᠷᠡᠭᠵᠢᠭᠦᠯᠦᠨ᠎ᠡ ᠭᠡᠪᠡ᠃ ᠲᠣᠰ ᠪᠠᠷᠢᠮᠵᠢᠶ᠎ᠠ ᠨᠢ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠵᠥᠪᠰᠢᠶᠡᠷᠡᠨ ᠣᠷᠣᠭᠤᠯᠬᠤ ᠲᠣᠭᠲᠠᠴᠠ᠂ ᠠᠭᠤᠯᠭ᠎ᠠ ᠶᠢᠨ ᠬᠢᠨᠠᠯᠲᠠ ᠬᠠᠮᠢᠶᠠᠷᠤᠯᠲᠠ᠂ ᠪᠣᠬᠢᠷᠳᠤᠯ ᠦᠭᠡᠢ ᠰᠢᠭᠤᠳ ᠨᠡᠪᠲᠡᠷᠡᠭᠦᠯᠭᠡ᠂ ᠡᠷᠬᠡ ᠠᠰᠢᠭ ᠤᠨ ᠪᠠᠲᠤᠯᠠᠭ᠎ᠠ ᠶᠢᠨ ᠪᠦᠭᠦ ᠬᠡᠯᠬᠢᠶ᠎ᠡ ᠳᠤ ᠴᠢᠭᠯᠡᠭᠦᠯᠦᠨ ᠵᠢᠷᠤᠮᠵᠢᠭᠤᠯᠵᠤ᠂ ᠪᠦᠭᠦ ᠣᠷᠣᠨ ᠤ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠬᠥᠲᠥᠯᠥᠨ ᠵᠢᠯᠤᠭᠤᠳᠴᠤ᠂ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠬᠦᠷᠢᠶᠡᠨ ᠳᠠᠬᠢ ᠠᠵᠢᠯᠯᠠᠭᠰᠠᠳ ᠤᠨ ᠵᠢᠷᠤᠮᠵᠢᠯ ᠲᠠᠢ᠂ ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠬᠠᠪᠰᠤᠷᠤᠨ ᠵᠢᠯᠣᠭᠤᠳᠤᠨ᠎ᠠ᠃      ᠣᠶᠢᠷ᠎ᠠ ᠶᠢᠨ ᠵᠢᠯ ᠳᠤ᠂ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭ᠎ᠠ ᠨᠢ ᠨᠢᠭᠡᠨᠲᠡ ᠮᠠᠨ ᠤ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠠᠬ᠎ᠠ ᠳᠡᠯᠭᠡᠭᠦᠷ ᠤᠨ ᠴᠢᠬᠤᠯᠠ ᠨᠡᠮᠡᠭᠳᠡᠯ ᠤᠨ ᠴᠡᠭ ᠪᠣᠯᠤᠭᠰᠠᠨ ᠪᠠᠶᠢᠨ᠎ᠠ᠃ ᠣᠳᠣᠬᠠᠨ ᠳᠤ᠂ ᠮᠠᠨ ᠤ ᠣᠷᠣᠨ ᠤ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠬᠦᠷᠢᠶᠡᠨ ᠳᠤ ᠨᠢᠭᠡᠨᠲᠡ ᠬᠡᠳᠦᠨ ᠲᠦᠮᠡᠨ ᠠᠵᠢᠯᠯᠠᠭᠴᠢ ᠵᠢᠴᠢ ᠰᠢᠭᠤᠳ ᠨᠡᠪᠲᠡᠷᠡᠭᠦᠯᠭᠡ ᠬᠢᠬᠦ ᠭᠤᠣᠯ ᠴᠣᠭᠴᠠ ᠲᠠᠢ ᠪᠣᠯᠵᠤ᠂ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠪᠣᠷᠤᠯᠠᠭᠤᠯᠭ᠎ᠠ ᠶᠢᠨ ᠲᠤᠭ᠎ᠠ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ ᠪᠠᠶᠢᠨ᠎ᠠ᠃ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠠᠵᠤ ᠠᠬᠤᠢ ᠮᠠᠨ ᠤ ᠣᠷᠣᠨ ᠳᠤ ᠶᠡᠭᠡ ᠬᠡᠮᠵᠢᠶᠡᠨ ᠤ ᠠᠵᠢᠯ ᠣᠯᠬᠤ ᠲᠣᠭᠢᠶᠠᠯ ᠣᠯᠭᠤᠭᠰᠠᠨ ᠢᠶᠠᠷ ᠪᠠᠷᠠᠬᠤ ᠦᠭᠡᠢ᠂ ᠨᠠᠩ ᠴᠤ ᠮᠠᠨ ᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠴᠢᠬᠤᠯᠠ ᠪᠣᠷᠤᠯᠠᠭᠤᠯᠭ᠎ᠠ ᠶᠢᠨ ᠠᠷᠭ᠎ᠠ ᠵᠠᠮ ᠪᠣᠯᠤᠭᠰᠠᠨ ᠪᠠᠶᠢᠨ᠎ᠠ᠃ᠪᠠᠷᠢᠮᠵᠢᠶ᠎ᠠ ᠶᠢ ᠨᠡᠶᠢᠲᠡᠯᠡᠭᠰᠡᠨ ᠨᠢ ᠪᠦᠭᠦ ᠣᠷᠣᠨ ᠤ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠠ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠤᠨ᠂ ᠠᠵᠤ ᠠᠬᠤᠶᠢᠯᠠᠯ ᠢ ᠬᠠᠪᠰᠤᠷᠤᠨ ᠣᠨᠴᠠᠯᠢᠭᠲᠤ ᠦᠢᠯᠡᠳᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠰᠢᠭᠤᠳ ᠨᠡᠪᠲᠡᠷᠡᠭᠦᠯᠦᠭᠴᠢ᠂ ᠡᠵᠡᠩᠨᠡᠯᠲᠡ᠂ ᠪᠠᠷᠠᠭᠠᠨ ᠤ ᠭᠦᠢᠯᠭᠡᠭᠡ ᠵᠡᠷᠭᠡ ᠬᠠᠮᠢᠶ᠎ᠠ ᠪᠦᠬᠦᠢ ᠠᠵᠢᠯ ᠤᠨ ᠪᠠᠶᠢᠷᠢ ᠶᠢᠨ ᠨᠡᠮᠡᠭᠳᠡᠯ ᠢ ᠤᠯᠠᠮ ᠨᠢᠭᠡ ᠠᠯᠬᠤᠮ ᠳᠠᠶᠢᠴᠢᠯᠠᠵᠤ᠂ ᠮᠠᠨ ᠤ ᠣᠷᠣᠨ ᠤ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠣᠨ᠎ᠠ᠃       ᠢᠷᠡᠯᠲᠡ᠄ ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠢᠷᠭᠢᠶ᠎ᠡ ᠶᠢᠨ ᠲᠠᠪᠴᠠᠩ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号