ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠰᠢᠭᠤᠳ ᠨᠠᠪᠲᠠᠷᠡᠭᠦᠯᠵᠦ᠂ ᠢᠳᠡᠭᠡᠨ ᠤ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ
ᠨᠡᠶᠢᠲᠡᠯᠡᠭᠰᠡᠨ ᠴᠠᠭ᠄
2025/3/18
      ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ 3 ᠰᠠᠷ᠎ᠠ ᠶᠢᠨ 13 ᠤ ᠡᠳᠦᠷ᠂ ᠰᠠᠶᠢᠬᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠪᠣᠯᠣᠨ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰᠬᠠᠢ ᠬᠢᠨᠠᠯᠲᠠ ᠲᠠᠯᠪᠢᠵᠤ ᠲᠣᠭᠤᠷᠢᠨ ᠪᠠᠶᠢᠴᠠᠭᠠᠬᠤ ᠶᠢᠨ ᠬᠠᠮᠲᠤ ᠲᠤᠬᠠᠢ ᠶᠢᠨ ᠲᠠᠯᠠᠪᠠᠶ ᠳᠤ ᠰᠢᠭᠤᠳ ᠨᠡᠪᠲᠡᠷᠡᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠣᠯᠠᠨ ᠳᠤ ᠲᠣᠭᠤᠷᠢᠨ ᠪᠠᠶᠢᠴᠠᠭᠠᠬᠤ ᠶᠠᠪᠤᠴᠠ ᠶᠢ ᠳᠡᠯᠭᠡᠨ ᠦᠵᠡᠭᠦᠯᠪᠡ᠃
图片10.png
         ᠠᠵᠢᠯᠯᠠᠭ᠎ᠠ ᠶᠢᠨ ᠳᠤᠮᠳᠠ᠂ ᠪᠠᠶᠢᠴᠠᠭᠠᠬᠤ ᠲᠤᠰᠢᠶᠠᠯᠲᠠᠨ ᠪᠣᠯᠣᠨ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠢᠳᠡᠭᠡᠨ ᠤᠮᠳᠠᠭᠠᠨ ᠤ ᠳᠡᠯᠭᠡᠭᠦᠷ ᠪᠣᠯᠣᠨ ᠬᠡᠲᠦ ᠳᠡᠯᠭᠡᠭᠦᠷ ᠲᠤ ᠭᠦᠨᠵᠡᠭᠡᠶᠢᠷᠡᠨ᠂ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠠᠵᠢᠯ ᠡᠷᠬᠢᠯᠡᠭᠰᠡᠳ ᠤᠨ ᠡᠷᠡᠭᠦᠯ ᠮᠡᠨᠳᠦ ᠶᠢᠨ ᠦᠨᠡᠮᠯᠡᠯ᠂ ᠢᠳᠡᠭᠡᠨ ᠤ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ ᠠᠷᠭ᠎ᠠ ᠵᠠᠮ᠂ ᠢᠳᠡᠭᠡᠨ ᠪᠣᠯᠪᠠᠰᠤᠷᠠᠭᠤᠯᠬᠤ ᠶᠠᠪᠤᠴᠠ᠂ ᠢᠳᠡᠭᠡᠨ ᠬᠠᠳᠠᠭᠠᠯᠠᠬᠤ ᠨᠥᠬᠦᠴᠡᠯ ᠵᠢᠴᠢ ᠢᠳᠡᠭᠡᠨ ᠤ ᠴᠢᠨᠠᠷ ᠢ ᠪᠠᠲᠤᠯᠠᠬᠤ ᠬᠤᠭᠤᠴᠠᠭ᠎ᠠ ᠵᠡᠷᠭᠡ ᠶᠢ ᠨᠠᠷᠢᠨ ᠪᠠᠶᠢᠴᠠᠭᠠᠨ ᠦᠵᠡᠵᠦ᠂ ᠥᠷᠭᠡᠨ ᠣᠯᠠᠨ ᠰᠦᠯᠵᠢᠶᠡᠨ ᠠᠨᠳᠠ ᠨᠠᠷ ᠤᠨ ᠳᠤᠷᠠᠳᠤᠭᠰᠠᠨ ᠬᠠᠤᠯᠢ ᠴᠠᠭᠠᠵᠠ ᠶᠢᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠲᠤᠰᠢᠶᠠᠯᠲᠠᠨ ᠲᠣᠯᠢ ᠭᠠᠷᠭᠠᠨ ᠰᠢᠭᠤᠳ ᠨᠡᠪᠲᠡᠷᠡᠭᠦᠯᠬᠦ ︽ᠬᠠᠤᠯᠢ ᠳᠠᠭᠠᠭᠤᠯᠬᠤ︾ ᠶᠢ ᠰᠢᠭᠤᠳ ᠨᠠᠪᠲᠠᠷᠡᠭᠦᠯᠵᠦ᠂ ᠥᠪᠡᠷᠮᠢᠴᠡ ᠣᠨᠴᠠᠯᠢᠭ ᠲᠠᠢ ᠬᠠᠤᠯᠢ ᠪᠠᠷ ᠵᠠᠰᠠᠬᠤ ᠰᠢᠭᠤᠳ ᠨᠡᠪᠲᠡᠷᠡᠭᠦᠯᠭᠡ ᠶᠢᠨ ᠬᠢᠴᠢᠶᠡᠯ ᠢ ᠠᠪᠴᠢᠷᠠᠪᠠ᠃
图片11.png
      ᠢᠷᠡᠭᠡᠳᠦᠢ ᠳᠤ᠂ ᠰᠠᠶᠢᠬᠠᠨ ᠲᠣᠭᠤᠷᠢᠭ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠡᠭᠦᠷᠭᠡ ᠴᠢᠳᠠᠪᠤᠷᠢ ᠪᠠᠨ ᠦᠷᠭᠦᠯᠵᠢᠯᠡᠨ ᠪᠠᠳᠠᠷᠠᠭᠤᠯᠵᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ ᠬᠦᠷᠢᠶᠡᠨ ᠳᠠᠬᠢ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠬᠢᠨ ᠬᠠᠮᠠᠭᠠᠯᠠᠨ᠎ᠠ᠃              ᠢᠷᠡᠯᠲᠡ ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ      
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号