ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ 48 ᠳ᠋ᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠬᠤᠷᠠᠯᠳᠤᠭᠤᠯᠵᠠᠢ  ᠵᠠᠩ ᠶᠠᠨ ᠺᠦᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/3/18
      3 ᠰᠠᠷ᠎ᠠ ᠶᠢᠨ 14 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ 48 ᠳ᠋ᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠬᠤᠷᠠᠯᠳᠤᠭᠤᠯᠵᠤ᠂ 2025 ᠣᠨ ᠤ ᠵᠥᠪᠳᠡᠯᠴᠡᠨ ᠪᠠᠶᠢᠴᠠᠭᠠᠨ ᠰᠤᠳᠤᠯᠬᠤ᠂ ᠠᠵᠢᠯ ᠪᠠᠶᠢᠴᠠᠭᠠᠬᠤ ᠰᠢᠨᠵᠢᠯᠡᠨ ᠪᠠᠶᠢᠴᠠᠭᠠᠬᠤ᠂ ᠡᠲᠡᠭᠡᠳ ᠢᠯᠭᠠᠯ ᠤᠨ ᠠᠵᠢᠯᠯᠠᠭ᠎ᠠ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠪᠠ᠃           ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋᠂ ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ ᠯᠧᠢ᠂ ᠶᠠᠩ ᠵᠢᠶᠧ ᠵᠢᠴᠢ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠢ᠃           ᠬᠤᠷᠠᠯ ᠠᠴᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠤᠰ ᠰᠠᠯᠠᠭ᠎ᠠ ᠮᠥᠴᠢᠷ᠂ ᠲᠤᠰ ᠬᠦᠷᠢᠶᠡᠨ ᠤ ᠠᠵᠢᠯ ᠳᠠᠭᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ᠂ ᠲᠦᠷᠦ ᠶᠢᠨ ᠪᠣᠳᠣᠯᠭ᠎ᠠ ᠶᠢᠨ ᠬᠠᠨᠳᠤᠰᠢ ᠪᠣᠯᠣᠨ ᠭᠤᠣᠯᠳᠠᠯᠭ᠎ᠠ ᠲᠠᠢ ᠡᠭᠦᠷᠭᠡ ᠶᠢ ᠪᠠᠲᠤ ᠡᠵᠡᠮᠳᠡᠵᠦ᠂ 2025 ᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠡᠭᠦᠷᠭᠡ ᠶᠢ ᠰᠠᠶᠢᠲᠤᠷ ᠵᠣᠬᠢᠶᠠᠨ ᠪᠠᠶᠢᠭᠤᠯᠵᠤ᠂ ᠪᠠᠶᠢᠴᠠᠭᠠᠨ ᠰᠤᠳᠤᠯᠬᠤ᠂ ᠠᠵᠢᠯ ᠪᠠᠶᠢᠴᠠᠭᠠᠬᠤ ᠰᠢᠨᠵᠢᠯᠡᠨ ᠪᠠᠶᠢᠴᠠᠭᠠᠬᠤ᠂ ᠡᠲᠡᠭᠡᠳ ᠢᠯᠭᠠᠯ ᠤᠨ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠬᠥᠮᠥᠨ ᠴᠥᠭᠡᠨ ᠬᠥᠰᠬᠡ ᠬᠥᠩᠭᠡᠨ᠂ ᠠᠷᠪᠢᠯᠠᠨ ᠭᠠᠮᠨᠠᠬᠤ ᠶᠢ ᠡᠷᠬᠢᠮᠯᠡᠵᠦ᠂ ᠱᠠᠲᠤ ᠱᠠᠲᠤ ᠪᠠᠷ ᠪᠠᠷ᠎ᠠ ᠪᠤᠯᠬᠤ ᠶᠠᠪᠤᠳᠠᠯ ᠬᠢᠵᠦ ᠪᠣᠯᠬᠤ ᠦᠭᠡᠢ᠃ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠳᠤ ᠴᠥᠮ ᠬᠠᠨᠳᠤᠯᠭᠠᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠳᠣᠪᠤᠶᠢᠯᠭᠠᠵᠤ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠪᠠᠨ ᠪᠣᠳᠠᠲᠠᠢ᠂ ᠪᠣᠳᠠᠲᠤ᠂ ᠬᠡᠷᠡᠭᠵᠢᠭᠦᠯᠵᠦ ᠪᠣᠯᠬᠤᠶᠢᠴᠠ ᠪᠠᠶᠢᠯᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠴᠢᠨᠠᠷ ᠰᠠᠶᠢᠲᠠᠢ ᠦᠷ᠎ᠡ ᠪᠦᠲᠦᠭᠡᠯ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号