| | | | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠨᠢᠰᠬᠦ ᠮᠡᠲᠦ ᠲᠦᠷᠭᠡᠨ ᠬᠥᠭᠵᠢᠵᠦ ᠪᠠᠶᠢᠭ᠎ᠠ ᠥᠨᠥᠳᠥᠷ AI | ᠮᠡᠷᠭᠡᠵᠢᠯ ᠨᠢ ᠡᠯ᠎ᠡ ᠠᠵᠢᠯ ᠲᠦᠷᠦᠯ ᠤᠨ ᠬᠦᠷᠢᠶᠡᠨ ᠳᠤ ᠲᠦᠭᠡᠮᠡᠯᠵᠢᠵᠦ ᠬᠥᠮᠥᠰ ᠤᠨ ᠠᠮᠢᠳᠤᠷᠠᠯ ᠳᠤ ᠲᠤᠩ ᠶᠡᠭᠡ | ᠳᠦᠭᠦᠮ ᠳᠥᠲᠡ ᠦᠵᠡᠭᠦᠯᠵᠦ ᠪᠤᠢ᠃ AI ᠮᠡᠷᠭᠡᠵᠢᠯ ᠨᠢ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠳᠤ ᠴᠣ᠋ | ᠰᠢᠨ᠎ᠡ ᠠᠮᠢᠵᠢᠷᠠᠯ ᠤᠨ ᠬᠦᠴᠦᠨ ᠣᠯᠭᠤᠵᠤ ᠪᠠᠶᠢᠳᠠᠭ᠃ | | | ᠥᠩᠭᠡᠷᠡᠭᠰᠡᠨ ᠳᠤ ᠲᠠᠮᠢᠷᠴᠢᠳ ᠤᠨ ᠪᠣᠯᠪᠠᠰᠤᠷᠠᠯ ᠤᠨ ᠲᠥᠯᠥᠪᠯᠡᠭᠡ ᠨᠢ ᠭᠤᠣᠯᠳᠠᠭᠤ | ᠳᠠᠰᠬᠠᠯᠵᠢᠭᠤᠯᠤᠭᠴᠢ ᠶᠢᠨ ᠲᠤᠷᠰᠢᠯᠭ᠎ᠠ ᠳᠤ ᠲᠦᠰᠢᠭᠯᠡᠳᠡᠭ᠃ ᠬᠡᠳᠦᠶᠢᠪᠡᠷ ᠲᠤᠷᠰᠢᠯᠭ᠎ᠠ ᠨᠢ ᠮᠠᠰᠢ ᠴᠢᠬᠤᠯᠠ ᠪᠤᠯᠪᠠᠴᠤ | ᠬᠢᠵᠠᠭᠠᠷᠳᠠᠮᠠᠯ ᠴᠢᠨᠠᠷ ᠲᠠᠢ ᠪᠠᠶᠢᠳᠠᠭ᠃ ᠣᠳᠣᠬᠠᠨ ᠳᠤ AI ᠮᠡᠷᠭᠡᠵᠢᠯ ᠢ ᠠᠰᠢᠭᠯᠠᠵᠤ ᠪᠤᠯᠬᠤ ᠪᠣᠯᠤᠭᠰᠠᠨ ᠠᠴᠠ | ᠪᠡᠶ᠎ᠡ ᠶᠢᠨ ᠲᠠᠮᠢᠷ ᠤᠨ ᠪᠣᠯᠪᠠᠰᠤᠷᠠᠯ ᠢ ᠨᠠᠩ ᠰᠢᠨᠵᠢᠯᠡᠬᠦ ᠤᠬᠠᠭᠠᠨᠴᠢ᠂ ᠨᠠᠷᠢᠯᠢᠭ ᠣᠨᠣᠪᠴᠢᠲᠠᠶ ᠪᠥᠭᠡᠳ ᠥᠪᠡᠷᠮᠢᠴᠡ | ᠣᠨᠴᠠᠯᠢᠭ ᠲᠠᠢ ᠪᠤᠯᠭᠠᠵᠦ᠂ ᠪᠣᠯᠪᠠᠰᠤᠷᠠᠯ ᠤᠨ ᠦᠷ᠎ᠡ ᠪᠦᠲᠦᠮᠵᠢ ᠶᠢ ᠶᠡᠬᠡᠳᠡ ᠳᠡᠭᠡᠭᠰᠢᠯᠡᠭᠦᠯᠭᠦ ᠪᠣᠯᠣᠮᠵᠢ ᠲᠠᠢ ᠪᠣᠯᠪᠠ᠃ | ᠪᠣᠯᠪᠠᠰᠤᠷᠠᠯ ᠤᠨ ᠲᠠᠯᠠᠪᠤᠷ ᠲᠤ ᠡᠯ᠎ᠡ ᠲᠥᠷᠥᠯ ᠤᠨ ᠣᠶᠤᠨᠴᠢ ᠲᠥᠬᠦᠭᠡᠷᠦᠮᠵᠢ ᠲᠣᠬᠢᠷᠠᠭᠤᠯᠬᠤ ᠵᠢᠴᠢ | ᠲᠠᠮᠢᠷᠴᠢᠳ ᠲᠤ ᠣᠶᠤᠨᠴᠢ ᠲᠥᠬᠦᠭᠡᠷᠦᠮᠵᠢ ᠵᠡᠭᠦᠯᠭᠡᠬᠦ ᠪᠠᠷ ᠲᠠᠮᠵᠢᠨ AI ᠰᠢᠰᠲ᠋ᠧᠮ ᠨᠢ ᠶᠡᠭᠡ ᠬᠡᠮᠵᠢᠶᠡᠨ ᠤ ᠲᠤᠭ᠎ᠠ | ᠪᠠᠷᠢᠮᠲᠠ ᠶᠢ ᠴᠠᠭ ᠲᠤᠬᠠᠢ ᠳᠤᠨᠢ ᠴᠤᠭᠯᠠᠭᠤᠯᠵᠤ᠂ ᠲᠠᠮᠢᠷᠴᠢᠳ ᠤᠨ ᠵᠢᠷᠦᠬᠡᠨ ᠤ ᠳᠠᠪᠲᠠᠮᠵᠢ᠂ ᠴᠢᠰᠤᠨ ᠤ | ᠬᠦᠴᠢᠯᠲᠥ᠋ᠷᠥᠭᠴᠢ ᠶᠢᠨ ᠬᠠᠨᠤᠴᠠ ᠠᠴᠠ ᠬᠥᠳᠡᠯᠭᠡᠭᠡᠨ ᠤ ᠪᠠᠶᠢᠳᠠᠯ᠂ ᠪᠤᠯᠴᠢᠩ ᠤᠨ ᠬᠦᠴᠦᠯᠡᠬᠦ ᠪᠠᠶᠢᠳᠠᠯ ᠭᠦᠷᠲᠡᠯ᠎ᠡ | ᠴᠥᠮ ᠣᠨᠣᠪᠴᠢᠲᠠᠶ ᠪᠠᠷ ᠬᠡᠮᠵᠢᠵᠦ ᠴᠢᠳᠠᠨ᠎ᠠ᠃ ᠪᠠᠰᠠ ᠡᠳᠡᠭᠡᠷ ᠲᠤᠭ᠎ᠠ ᠪᠠᠷᠢᠮᠲᠠ ᠳᠤ ᠰᠠᠭᠤᠷᠢᠯᠠᠨ AI ᠵᠠᠳᠠᠯᠬᠤ | ᠰᠢᠰᠲ᠋ᠧᠮ ᠨᠢ ᠲᠠᠮᠢᠷᠴᠢᠨ ᠤ ᠪᠡᠶ᠎ᠡ ᠶᠢᠨ ᠠᠵᠢᠯᠯᠠᠭ᠎ᠠ ᠪᠠ ᠬᠥᠳᠡᠯᠭᠡᠭᠡᠨ ᠤ ᠢᠯᠡᠷᠡᠯ ᠢ ᠭᠦᠨᠵᠡᠭᠡᠢ ᠵᠠᠳᠠᠯᠵᠤ᠂ | ᠲᠠᠮᠢᠷᠴᠢᠨ ᠨᠢᠭᠡᠪᠦᠷᠢ ᠳᠤ ᠲᠤᠰᠬᠠᠢ ᠪᠣᠯᠪᠠᠰᠤᠷᠠᠯ ᠤᠨ ᠲᠥᠰᠥᠯ ᠲᠣᠭᠲᠠᠭᠠᠵᠤ ᠥᠭᠴᠦ ᠴᠢᠳᠠᠨ᠎ᠠ᠃ ᠲᠤᠬᠠᠶᠢᠯᠠᠪᠠᠯ᠂ | ᠬᠦᠨᠳᠦ ᠬᠥᠩᠭᠡᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤᠮᠳᠠ AI ᠮᠡᠷᠭᠡᠵᠢᠯ ᠲᠠᠮᠢᠷᠴᠢᠨ ᠤ ᠭᠦᠶᠦᠬᠦ ᠦᠶ᠎ᠡ ᠶᠢᠨ | ᠠᠯᠬᠤᠮ ᠤᠨ ᠳᠠᠪᠲᠠᠮᠵᠢ᠂ ᠲᠡᠭᠦᠰᠬᠡᠯ ᠤᠨ ᠭᠠᠵᠠᠷ ᠲᠤ ᠬᠦᠷᠬᠦ ᠴᠠᠭ ᠵᠡᠷᠭᠡ ᠲᠤᠭ᠎ᠠ ᠪᠠᠷᠢᠮᠲᠠ ᠶᠢ ᠵᠠᠳᠠᠯᠬᠤ ᠪᠠᠷ | ᠳᠠᠮᠵᠢᠨ ᠪᠣᠯᠪᠠᠰᠤᠷᠠᠯ ᠤᠨ ᠳᠤᠮᠳᠠᠬᠢ ᠬᠦᠷᠦᠯᠴᠡᠬᠦ ᠦᠭᠡᠢ ᠲᠠᠯ᠎ᠠ ᠶᠢ ᠡᠷᠢᠵᠦ ᠭᠠᠷᠭᠠᠬᠤ ᠶᠢᠨ ᠬᠠᠮᠲᠤ ᠬᠠᠨᠳᠤᠯᠭᠠᠲᠤ | ᠴᠢᠨᠠᠷᠲᠠᠢ ᠪᠠᠷ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠬᠠᠩᠭᠠᠵᠤ᠂ ᠲᠠᠮᠢᠷᠴᠢᠳ ᠢ ᠬᠠᠪᠰᠤᠷᠤᠨ ᠣᠬᠤᠷᠬᠠᠨ | ᠬᠤᠭᠤᠴᠠᠭᠠᠨ ᠳᠤ ᠤᠷᠤᠯᠳᠤᠭᠠᠨ ᠤ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠵᠦ ᠲᠡᠶᠢᠯᠦᠨ᠎ᠡ᠃ | | | AI ᠮᠡᠷᠭᠡᠵᠢᠯ ᠢ ᠠᠰᠢᠭᠯᠠᠨ ᠳᠠᠭᠤᠷᠢᠶᠠᠮᠠᠯ ᠤᠷᠤᠯᠳᠤᠭᠠᠨ ᠤ ᠲᠠᠯᠠᠪᠤᠷ ᠢ ᠡᠭᠦᠳᠴᠦ᠂ ᠲᠠᠮᠢᠷᠴᠢᠳ ᠢ ᠠᠳᠠᠯᠢ | ᠪᠤᠰᠤ ᠲᠠᠯᠠᠪᠤᠷ ᠲᠤ ᠪᠤᠯᠪᠠᠰᠤᠷᠠᠭᠤᠯᠵᠤ᠂ ᠡᠯ᠎ᠡ ᠵᠦᠢᠯ ᠤᠨ ᠤᠷᠤᠯᠳᠤᠭᠠᠨ ᠤ ᠪᠠᠶᠢᠳᠠᠯ ᠢ ᠠᠷᠭᠠᠴᠠᠭᠠᠬᠤ | ᠰᠡᠳᠬᠢᠴᠡ ᠶᠢᠨ ᠬᠡᠪ ᠴᠢᠨᠠᠷ ᠪᠠ ᠴᠢᠳᠠᠪᠤᠷᠢ ᠶᠢ ᠨᠢ ᠳᠡᠭᠡᠭᠰᠢᠯᠡᠭᠦᠯᠵᠦ ᠪᠣᠯᠣᠨ᠎ᠠ᠃ ᠪᠠᠰᠠ ᠤᠷᠤᠯᠳᠤᠭᠠᠨ ᠤ | ᠶᠠᠪᠤᠳᠠᠯ ᠤᠨ ᠬᠠᠮᠢᠶᠠᠷᠤᠯᠲᠠ ᠪᠠ ᠵᠣᠬᠢᠶᠠᠨ ᠪᠠᠶᠢᠭᠤᠯᠤᠯᠲᠠ ᠶᠢ ᠨᠡᠩ ᠵᠢᠷᠤᠮᠵᠢᠭᠤᠨ ᠪᠤᠯᠭᠠᠵᠤ ᠪᠣᠯᠣᠨ᠎ᠠ᠃ | ᠵᠢᠱᠢᠶᠡᠯᠡᠪᠡᠯ᠂ ᠪᠥᠮᠪᠥᠭᠡᠨ ᠲᠥᠷᠥᠯ ᠤᠨ ᠤᠷᠤᠯᠳᠤᠭᠠᠨ ᠳᠤ AI ᠰᠢᠰᠲ᠋ᠧᠮ ᠨᠢ ᠪᠥᠮᠪᠦᠭᠡ ᠲᠠᠯᠠᠪᠤᠷ ᠠᠴᠠ ᠭᠠᠷᠤᠭᠰᠠᠨ | ᠡᠰᠡᠬᠦ ᠶᠢ ᠣᠨᠣᠪᠴᠢᠲᠠᠶ ᠮᠠᠭᠠᠳᠯᠠᠵᠤ᠂ ᠪᠤᠷᠤᠭᠤ ᠮᠠᠭᠠᠳᠯᠠᠯᠲᠠ ᠶᠢ ᠪᠠᠭᠠᠰᠬᠠᠵᠤ᠂ ᠤᠷᠤᠯᠳᠤᠭᠠᠨ ᠤ ᠡᠷᠬᠡ ᠲᠡᠭᠰᠢ | ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠵᠤ ᠴᠢᠳᠠᠨ᠎ᠠ; ᠤᠷᠤᠯᠳᠤᠭᠠᠨ ᠤ ᠶᠠᠪᠤᠳᠠᠯ ᠤᠨ ᠵᠣᠬᠢᠶᠠᠨ | ᠪᠠᠶᠢᠭᠤᠯᠤᠯᠲᠠ ᠶᠢᠨ ᠦᠷ᠎ᠡ ᠪᠦᠲᠦᠮᠵᠢ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠤᠷᠤᠯᠳᠤᠭᠠᠨ ᠤ ᠶᠠᠪᠤᠳᠠᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ ᠴᠢᠳᠠᠨ᠎ᠠ; ᠲᠠᠮᠢᠷᠴᠢᠨ ᠤ ᠪᠡᠶ᠎ᠡ | ᠮᠠᠬᠠᠪᠤᠳ ᠤᠨ ᠲᠤᠭ᠎ᠠ ᠪᠠᠷᠢᠮᠲᠠ ᠶᠢ ᠬᠢᠨᠠᠨ ᠬᠡᠮᠵᠢᠬᠦ ᠪᠠᠷ ᠳᠠᠮᠵᠢᠨ ᠲᠠᠮᠢᠷᠴᠢᠨ ᠤ ᠰᠢᠷᠬᠠᠲᠤᠬᠤ ᠪᠠ ᠡᠪᠡᠳᠴᠢᠯᠡᠬᠦ | ᠳᠠᠯᠳᠠ ᠠᠶᠤᠯ ᠲᠦᠭᠰᠢᠭᠦᠷᠢ ᠶᠢ ᠤᠷᠢᠳᠴᠢᠯᠠᠨ ᠮᠡᠳᠡᠵᠦ᠂ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠵᠦ᠂ | ᠲᠠᠮᠢᠷᠴᠢᠨ ᠤ ᠰᠢᠷᠬᠠᠲᠤᠬᠤ ᠪᠠ ᠡᠪᠡᠳᠴᠢᠯᠡᠬᠦ ᠨᠣᠷᠮ᠎ᠠ ᠶᠢ ᠪᠠᠭᠤᠷᠠᠭᠤᠯᠵᠤ ᠪᠣᠯᠣᠨ᠎ᠠ ᠁ | | | AI ᠮᠡᠷᠭᠡᠵᠢᠯ ᠨᠢ ᠪᠠᠰᠠ ᠣᠯᠠᠨ ᠲᠦᠮᠡᠨᠴᠢ ᠪᠡᠶ᠎ᠡ ᠶᠢᠨ ᠲᠠᠮᠢᠷ ᠤᠨ ᠬᠥᠭᠵᠢᠯᠲᠡ ᠶᠢ ᠠᠬᠢᠭᠤᠯᠵᠤ᠂ ᠨᠠᠩ | ᠣᠯᠠᠨ ᠬᠥᠮᠥᠰ ᠢ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠪᠣᠯᠭᠠᠵᠠᠢ᠃ ᠣᠶᠤᠨᠲᠤ ᠪᠡᠶ᠎ᠡ | ᠴᠢᠭᠢᠷᠠᠭᠵᠢᠭᠤᠯᠬᠤ ᠲᠥᠬᠦᠭᠡᠷᠦᠮᠵᠢ ᠵᠢᠱᠢᠶᠡᠯᠡᠪᠡᠯ ᠣᠶᠤᠨᠲᠤ ᠭᠦᠶᠦᠯᠲᠡ ᠶᠢᠨ ᠮᠠᠰᠢᠨ᠂ ᠣᠶᠤᠨᠲᠤ ᠭᠠᠷ ᠴᠠᠭ᠂ | ᠳᠤᠭᠤᠢ ᠲᠡᠷᠭᠡ ᠵᠡᠷᠭᠡ ᠬᠤᠶᠢᠨ᠎ᠠ ᠬᠤᠶᠢᠨ᠎ᠠ ᠠᠴᠠ ᠪᠠᠨ ᠢᠯᠡᠷᠡᠨ ᠭᠠᠷᠴᠤ᠂ ᠡᠲᠡᠭᠡᠷ ᠲᠥᠬᠦᠭᠡᠷᠦᠮᠵᠢ ᠨᠢ AI | ᠰᠢᠰᠲ᠋ᠧᠮ ᠢ ᠠᠰᠢᠭᠯᠠᠨ ᠬᠡᠷᠡᠭᠯᠡᠭᠴᠢ ᠶᠢᠨ ᠪᠡᠶ᠎ᠡ ᠶᠢᠨ ᠪᠠᠶᠢᠳᠠᠯ᠂ ᠬᠥᠳᠡᠯᠭᠡᠭᠡᠨ ᠤ ᠬᠠᠷᠠᠯᠲᠠ ᠪᠠ ᠬᠥᠳᠡᠯᠭᠡᠭᠡᠨ ᠤ | ᠳᠠᠳᠬᠠᠯ ᠢ ᠦᠨᠳᠦᠰᠦᠯᠡᠨ ᠬᠥᠳᠡᠯᠭᠡᠭᠡᠨ ᠤ ᠬᠦᠴᠦᠯᠡᠴᠡ ᠪᠠ ᠵᠠᠭᠪᠤᠷ ᠢ ᠠᠦ᠋ᠲ᠋ᠣ᠋ ᠪᠠᠷ ᠲᠣᠬᠢᠷᠠᠭᠤᠯᠵᠤ ᠴᠢᠳᠠᠨ᠎ᠠ᠃ | ᠬᠡᠷᠡᠭᠯᠡᠭᠴᠢ ᠪᠠᠰᠠ ᠪᠡᠶ᠎ᠡ ᠴᠢᠭᠢᠷᠠᠭᠵᠢᠭᠤᠯᠬᠤ APP ᠪᠠᠷ ᠳᠠᠮᠵᠢᠨ ᠲᠤᠰᠬᠠᠢ ᠮᠡᠷᠭᠡᠵᠢᠯ ᠤᠨ ᠬᠥᠳᠡᠯᠭᠡᠭᠡᠨ ᠤ | ᠵᠢᠯᠣᠭᠤᠳᠤᠯᠭ᠎ᠠ ᠬᠦᠷᠲᠡᠵᠦ ᠪᠤᠯᠬᠤ ᠪᠥᠭᠡᠳ ᠪᠡᠶ᠎ᠡ ᠴᠢᠭᠢᠷᠠᠭᠵᠢᠭᠤᠯᠬᠤ ᠬᠢᠴᠢᠶᠡᠯ ᠣᠷᠣᠵᠤ ᠪᠣᠯᠣᠨ᠎ᠠ᠃ | AI ᠮᠡᠷᠭᠡᠵᠢᠯ ᠬᠦᠴᠦᠨ ᠨᠡᠮᠡᠷᠢᠯᠡᠭᠰᠡᠨ ᠣᠶᠤᠨᠴᠢ ᠪᠡᠶ᠎ᠡ ᠶᠢᠨ ᠲᠠᠮᠢᠷ ᠪᠣᠯ ᠪᠡᠶ᠎ᠡ ᠶᠢᠨ ᠲᠠᠮᠢᠷ ᠤᠨ ᠬᠥᠭᠵᠢᠯᠲᠡ ᠶᠢᠨ | ᠵᠠᠶᠢᠯᠠᠰᠢ ᠦᠭᠡᠢ ᠬᠠᠨᠳᠤᠰᠢ ᠮᠥᠨ᠂ ᠲᠡᠷᠡ ᠨᠢ ᠪᠡᠶ᠎ᠡ ᠶᠢᠨ ᠲᠠᠮᠢᠷ ᠤᠨ ᠦᠢᠯᠡᠰ ᠲᠤ ᠬᠢᠵᠠᠭᠠᠷ ᠦᠭᠡᠢ ᠠᠵᠠ | ᠲᠣᠭᠢᠶᠠᠯ ᠪᠠ ᠪᠣᠯᠣᠯᠴᠠᠭ᠎ᠠ ᠶᠢ ᠠᠪᠴᠢᠷᠠᠵᠤ ᠥᠭᠴᠡᠢ᠃ | |