ᠬᠥᠯᠥᠨ ᠡᠮᠦᠨ᠎ᠡ ᠵᠠᠮ ᠤᠨ ᠵᠡᠭᠡᠯᠢ ᠭᠤᠳᠤᠮᠵᠢ᠄ ᠠᠷᠠᠳ ᠤᠨ ᠠᠮᠢᠳᠤᠷᠠᠯ  ᠤᠨ ᠵᠣᠯ ᠵᠢᠷᠭᠠᠯ ᠤᠨ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠪᠡ
ᠨᠡᠶᠢᠲᠡᠯᠡᠭᠰᠡᠨ ᠴᠠᠭ᠄
2025/3/19
      ᠰᠠᠶᠢᠬᠠᠨ ᠲᠣᠭᠤᠷᠢᠭ ᠤᠨ ᠬᠥᠯᠥᠨ ᠡᠮᠦᠨ᠎ᠡ ᠵᠠᠮ ᠤᠨ ᠵᠡᠭᠡᠯᠢ ᠭᠤᠳᠤᠮᠵᠢ ᠤᠯᠠᠨ ᠲᠦᠮᠡᠨ ᠤ ᠵᠣᠪᠠᠵᠤ ᠪᠠᠶᠢᠭ᠎ᠠ ᠶᠠᠪᠤᠳᠠᠯ᠂ ᠰᠠᠨᠠᠭᠠᠰᠢᠷᠠᠵᠤ ᠪᠠᠶᠢᠭ᠎ᠠ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠠᠯᠢ ᠤᠯᠠᠨ ᠠᠷᠠᠳ ᠤᠨ ᠰᠡᠳᠬᠢᠯ ᠳᠤ ᠣᠶᠢᠷᠠᠲᠤᠭᠰᠠᠨ᠂ ᠠᠷᠠᠳ ᠤᠨ ᠰᠠᠨᠠᠭᠠᠨ ᠳᠤ ᠨᠡᠶᠢᠴᠡᠭᠰᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠤᠯᠠᠨ ᠲᠦᠮᠡᠨ ᠤ ᠵᠣᠯ ᠵᠢᠷᠭᠠᠯ ᠢ ︽ᠪᠠᠲᠤᠯᠠᠵᠤ︾᠂  ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠰᠢᠨ᠎ᠡ ᠴᠠᠭ ᠦᠶ᠎ᠡ ᠶᠢᠨ ︽ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ︾ ᠶᠢ ᠲᠤᠰᠢᠶᠠᠪᠠ᠃
图片5.jpg
  
图片6.png
          ᠵᠠᠯᠭᠠᠭᠠᠳ᠂ ᠬᠥᠯᠥᠨ ᠡᠮᠦᠨ᠎ᠡ ᠵᠠᠮ ᠤᠨ ᠵᠡᠭᠡᠯᠢ ᠭᠤᠳᠤᠮᠵᠢ ︽ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ︾ ᠵᠣᠷᠢᠯᠲᠠ ᠶᠢ ᠦᠷᠭᠦᠯᠵᠢᠯᠡᠨ ᠪᠠᠷᠢᠮᠲᠠᠯᠠᠵᠤ᠂ ᠬᠠᠶᠢᠷ᠎ᠠ ᠰᠡᠳᠬᠢᠯᠭᠡ ᠲᠠᠢ ᠪᠠᠷ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠵᠣᠪᠠᠨᠢᠯ ᠢ ᠰᠢᠢᠳᠪᠦᠷᠢᠯᠡᠵᠦ᠂ ᠪᠣᠳᠠᠲᠠᠢ ᠶᠠᠪᠤᠳᠠᠯ ᠬᠢᠵᠦ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢ ᠠᠳᠬᠤᠵᠤ ᠪᠦᠲᠦᠭᠡᠨ ᠪᠠᠶᠢᠭᠤᠯᠤᠯᠲᠠ ᠬᠢᠵᠦ᠂ ᠬᠥᠭᠵᠢᠯᠲᠡ ᠶᠢ ᠠᠬᠢᠭᠤᠯᠵᠤ᠂ ᠨᠡᠩ ᠵᠣᠯ ᠵᠢᠷᠭᠠᠯᠲᠤ ᠲᠥᠷᠥᠭᠳᠡᠯ ᠲᠠᠢ᠂ ᠨᠡᠩ ᠶᠡᠭᠡ ᠲᠠᠲᠠᠬᠤ ᠬᠦᠴᠦᠨ ᠲᠠᠢ ᠵᠣᠯ ᠵᠢᠷᠭᠠᠯᠲᠤ ᠰᠢᠨ᠎ᠡ ᠬᠠᠭᠤᠳᠠᠰᠤ ᠶᠢ ᠵᠢᠷᠤᠭᠯᠠᠨ᠎ᠠ᠃           ᠢᠷᠡᠯᠲᠡ ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号