ᠰᠠᠶᠢᠬᠠᠨ ᠲᠣᠭᠤᠷᠢᠭ ᠨᠠᠰᠤᠲᠠᠨ ᠢᠶᠠᠨ ᠬᠦᠨᠳᠦᠯᠡᠬᠦ ᠭᠤᠣᠯ ᠰᠡᠳᠦᠪᠲᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/19
       ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠬᠠᠪᠰᠤᠷᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ 3 ᠰᠠᠷ᠎ᠠ ᠶᠢᠨ 17  ᠤ ᠡᠳᠦᠷ᠂ ᠰᠠᠶᠢᠬᠠᠨ ᠲᠣᠭᠤᠷᠢᠭ ᠤᠨ ᠰᠢᠨ᠎ᠡ  ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠡᠰᠡᠭ ᠪᠠᠭᠰᠢ ᠰᠤᠷᠤᠭᠴᠢᠳ ᠲᠠᠢ ᠭᠤᠣᠯ ᠰᠡᠳᠦᠪᠲᠦ ᠲᠣᠬᠤᠨᠢᠭᠤᠯᠬᠤ ᠠᠵᠢᠯᠯᠠᠭ᠎ᠠ ᠶᠢ ᠡᠷᠬᠢᠯᠡᠵᠡᠢ᠃ ᠰᠠᠶᠢᠨ ᠳᠤᠷ᠎ᠠ ᠶᠢᠨ ᠦᠢᠯᠡᠴᠢᠯᠡᠭᠴᠢᠳ ᠬᠥᠬᠡᠬᠤᠲᠠ ᠶᠢᠨ ᠠᠷᠠᠳ ᠤᠨ ᠶᠠᠪᠤᠳᠠᠯ ᠤᠨ ᠠᠰᠠᠷᠠᠮᠵᠢ ᠶᠢᠨ ᠬᠦᠷᠢᠶᠡᠯᠡᠩ ᠳᠤ ᠬᠦᠷᠴᠦ᠂ ᠨᠠᠰᠤᠲᠠᠶᠢᠴᠤᠳ ᠲᠤ ᠬᠠᠯᠠᠮᠵᠢᠯᠠᠯ ᠪᠠ ᠪᠠᠶᠠᠷ ᠪᠠᠶᠠᠰᠤᠯ ᠬᠦᠷᠲᠡᠭᠡᠵᠦ᠂ ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠣᠨ᠎ᠠ᠃
图片1.png图片2.png
图片3.png图片4.png
      ︽ᠲᠣᠰ ᠤᠳᠠᠭᠠᠨ ᠤ ᠠᠵᠢᠯᠯᠠᠭ᠎ᠠ᠂ ᠬᠠᠷᠢᠭᠤᠴᠠᠯᠭ᠎ᠠ ᠶᠢᠨ ᠭᠦᠢᠴᠡᠳᠭᠡᠯᠲᠡ ᠪᠣᠯᠬᠤ ᠪᠠᠷ ᠪᠠᠷᠠᠬᠤ ᠦᠭᠡᠢ ᠨᠠᠩ ᠴᠤ ᠬᠠᠶᠢᠷ᠎ᠠ ᠰᠡᠳᠬᠢᠯᠭᠡ ᠶᠢᠨ ᠳᠠᠮᠵᠢᠯᠭ᠎ᠠ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠦᠷᠭᠦᠯᠵᠢᠯᠡᠨ ᠬᠠᠷᠢᠶ᠎ᠠ ᠣᠷᠣᠨ ᠤ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠨᠢᠭᠡᠴᠡ᠂ ᠶᠡᠭᠡ ᠳᠡᠭᠡᠳᠦ ᠰᠤᠷᠭᠠᠭᠤᠯᠢ᠂ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠵᠡᠷᠭᠡ ᠰᠢᠯᠢᠳᠡᠭ ᠲᠤᠰᠬᠠᠢ ᠮᠡᠷᠭᠡᠵᠢᠯ ᠤᠨ ᠡᠬᠢ ᠪᠠᠶᠠᠯᠢᠭ ᠲᠠᠢ ᠬᠤᠯᠪᠣᠯᠳᠤᠵᠤ᠂ ᠰᠤᠷᠭᠠᠭᠤᠯᠢ ᠶᠢ ᠬᠠᠶᠢᠷᠠᠯᠠᠨ ᠬᠠᠯᠠᠮᠵᠢᠯᠠᠵᠤ᠂ ᠣᠶᠤᠲᠠᠨ ᠪᠠ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠢ ᠬᠠᠯᠠᠮᠵᠢᠯᠠᠨ ᠬᠠᠶᠢᠷᠠᠯᠠᠬᠤ ᠵᠡᠷᠭᠡ ᠦᠨᠳᠦᠰᠦᠨ ᠱᠠᠲᠤᠨ ᠤ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠰᠠᠶᠢᠬᠠᠨ ᠲᠣᠭᠤᠷᠢᠭ ᠤᠨ ᠪᠣᠯᠪᠠᠰᠤᠨ ᠦᠢᠯᠡ ᠠᠵᠢᠯᠯᠠᠭ᠎ᠠ ᠶᠢᠨ ᠪᠤᠢ ᠪᠣᠯᠬᠤ ᠶᠢ ᠠᠬᠢᠭᠤᠯᠬᠤ᠂ ᠴᠠᠭ ᠦᠶ᠎ᠡ ᠶᠢᠨ ᠰᠢᠨ᠎ᠡ ᠳᠦᠷᠰᠦ ᠪᠠᠶᠢᠳᠠᠯ ᠢ ᠨᠡᠩ ᠰᠠᠶᠢᠲᠤᠷ ᠪᠣᠶᠢᠵᠢᠭᠤᠯᠬᠤ ᠳᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠰᠠᠶᠢᠬᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠰᠦᠨ ᠯᠢ ᠰᠤᠷᠪᠤᠯᠵᠢᠯᠠᠭᠴᠢ ᠳᠤ ᠲᠠᠨᠢᠯᠴᠠᠭᠤᠯᠪᠠ᠃            ᠢᠷᠡᠯᠲᠡ ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠣᠯᠳᠤᠨ  ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号