ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠲᠤ ᠰᠤᠷᠭᠠᠨ ᠬᠥᠮᠦᠵᠢᠯ ᠤᠨ ᠲᠠᠪᠴᠠᠩ ᠨᠢ ᠮᠤᠵᠢ ᠶᠢᠨ ᠱᠠᠲᠤᠨ ᠤ ᠰᠤᠪᠠᠭ ᠤᠨ ᠬᠡᠯᠪᠡᠷᠢ ᠪᠠᠷ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠲᠤ ᠰᠤᠷᠭᠠᠨ ᠬᠥᠮᠦᠵᠢᠯ ᠤᠨ ᠲᠠᠪᠴᠠᠩ ᠳᠤ ᠪᠥᠬᠦ ᠲᠠᠯ᠎ᠠ ᠪᠠᠷ ᠵᠠᠯᠭᠠᠭᠳᠠᠨ ᠣᠷᠣᠪᠠ
ᠨᠡᠶᠢᠲᠡᠯᠡᠭᠰᠡᠨ ᠴᠠᠭ᠄
2025/3/19
      ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠲᠤ ᠰᠤᠷᠭᠠᠨ ᠬᠥᠮᠦᠵᠢᠯ ᠤᠨ ᠲᠠᠪᠴᠠᠩ ᠨᠢ ᠮᠤᠵᠢ ᠶᠢᠨ ᠱᠠᠲᠤᠨ ᠤ ᠰᠤᠪᠠᠭ ᠤᠨ ᠬᠡᠯᠪᠡᠷᠢ ᠪᠠᠷ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠲᠤ ᠰᠤᠷᠭᠠᠨ ᠬᠥᠮᠦᠵᠢᠯ ᠤᠨ ᠲᠠᠪᠴᠠᠩ ᠳᠤ ᠪᠥᠬᠦ ᠲᠠᠯ᠎ᠠ ᠪᠠᠷ ᠵᠠᠯᠭᠠᠭᠳᠠᠨ ᠣᠷᠣᠭᠰᠠᠨ ᠨᠢ ᠮᠠᠨ ᠤ ᠣᠷᠣᠨ ᠪᠥᠬᠦ ᠤᠯᠤᠰ ᠤᠨ ᠮᠤᠵᠢ ᠶᠢᠨ ᠱᠠᠲᠤᠨ ᠤ ᠰᠤᠪᠠᠭ ᠬᠢᠭᠡᠳ ᠤᠯᠤᠰ ᠤᠨ ᠲᠠᠪᠴᠠᠩ ᠤᠨ ᠭᠦᠨᠵᠡᠭᠡᠢ ᠨᠡᠪᠲᠡᠷᠡᠯᠴᠡᠯ ᠢ ᠡᠩ ᠲᠡᠷᠢᠭᠦᠨ ᠳᠤ ᠪᠡᠶᠡᠯᠡᠭᠦᠯᠦᠭᠰᠡᠨ ᠭᠠᠵᠠᠷ ᠣᠷᠣᠨ ᠤ ᠨᠢᠭᠡ ᠪᠣᠯᠤᠭᠰᠠᠨ ᠢ ᠬᠠᠷᠠᠭᠤᠯᠵᠤ ᠪᠣᠢ᠃ ᠥᠪᠥᠷ ᠮᠣᠩᠭᠤᠯ ᠰᠤᠪᠠᠭ ᠨᠢ ᠭᠠᠵᠠᠷ ᠣᠷᠣᠨ ᠤ ᠣᠨᠴᠠᠯᠢᠭ ᠬᠢᠭᠡᠳ ᠰᠤᠷᠭᠠᠨ ᠬᠥᠮᠦᠵᠢᠯ ᠤᠨ ᠬᠡᠷᠡᠭᠴᠡᠭᠡ ᠳᠤ ᠪᠠᠨ ᠰᠠᠭᠤᠷᠢᠯᠠᠨ᠂ ᠣᠯᠠᠨ ᠬᠡᠮᠵᠢᠯᠲᠦ ᠡᠬᠢ ᠪᠠᠶᠠᠯᠢᠭ ᠤᠨ ᠵᠢᠭᠰᠠᠭᠠᠯ ᠢ ᠰᠢᠰᠲ᠋ᠧᠮ ᠲᠠᠢ ᠪᠠᠶᠢᠭᠤᠯᠪᠠ᠃ ᠰᠠᠭᠤᠷᠢ ᠰᠤᠷᠭᠠᠨ ᠬᠥᠮᠦᠵᠢᠯ ᠤᠨ ᠰᠤᠷᠤᠯᠭ᠎ᠠ ᠶᠢᠨ ᠬᠤᠭᠤᠴᠠᠭ᠎ᠠ ᠪᠠ ᠰᠢᠨᠵᠢᠯᠡᠭᠡᠨ ᠤ ᠠᠭᠤᠯᠭ᠎ᠠ ᠶᠢ ᠬᠠᠮᠤᠷᠤᠭᠰᠠᠨ ᠰᠠᠭᠤᠷᠢᠨ ᠳᠡᠭᠡᠷ᠎ᠡ᠂ ᠭᠤᠣᠯᠳᠠᠭᠤᠯᠤᠨ ᠪᠠᠶᠢᠭᠤᠯᠤᠭᠰᠠᠨ ︽ᠤᠮᠠᠷᠠᠲᠤ ᠬᠢᠯᠢ ᠶᠢᠨ ᠰᠤᠷᠭᠠᠨ ᠬᠥᠮᠦᠵᠢᠯ︾ ᠤᠨ ᠲᠤᠰᠬᠠᠢ ᠰᠡᠳᠦᠪᠲᠦ ᠬᠡᠰᠡᠭ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠵᠡᠷᠭᠡᠴᠡᠭᠡ᠂ ︽ᠤᠮᠠᠷᠠᠲᠤ ᠬᠢᠯᠢ ᠶᠢᠨ ᠰᠤᠷᠭᠠᠨ ᠬᠥᠮᠦᠵᠢᠯ︾ ᠤᠨ ᠣᠨᠴᠠᠯᠢᠭᠲᠤ ᠬᠢᠴᠢᠶᠡᠯ ᠵᠡᠷᠭᠡ ᠡᠬᠢ ᠪᠠᠶᠠᠯᠢᠭ ᠢ ᠬᠤᠷᠠᠭᠤᠯᠤᠨ᠎ᠠ᠃ ᠲᠠᠪᠴᠠᠩ ᠨᠢ ᠣᠶᠤᠨᠴᠢ ᠪᠠᠷ ᠬᠦᠷᠭᠡᠬᠦ᠂ ᠨᠠᠷᠢᠯᠢᠭ ᠣᠨᠣᠴᠠᠲᠠᠢ ᠪᠠᠷ ᠵᠣᠬᠢᠴᠠᠭᠤᠯᠬᠤ ᠵᠡᠷᠭᠡ ᠴᠢᠳᠠᠮᠵᠢ ᠪᠠᠷ ᠪᠥᠬᠦ ᠣᠷᠣᠨ ᠤ ᠪᠠᠭᠰᠢ ᠰᠤᠷᠤᠭᠴᠢᠳ ᠲᠤ ︽ᠲᠥᠪᠯᠡᠷᠡᠩᠭᠦᠢ︾ ᠵᠢᠭᠠᠨ ᠰᠤᠷᠭᠠᠯᠲᠠ ᠶᠢᠨ ᠦᠢᠯᠡᠴᠢᠯᠡᠭᠡ ᠬᠠᠩᠭᠠᠵᠤ᠂ ᠬᠢᠴᠢᠶᠡᠯ ᠠᠴᠠ ᠡᠮᠦᠨ᠎ᠡ ᠬᠢᠴᠢᠶᠡᠯ ᠪᠡᠯᠡᠳᠬᠡᠬᠦ᠂ ᠬᠢᠴᠢᠶᠡᠯ ᠤᠨ ᠳᠤᠮᠳᠠ ᠬᠢᠴᠢᠶᠡᠯᠯᠡᠬᠦ᠂ ᠬᠢᠴᠢᠶᠡᠯ ᠤᠨ ᠳᠠᠷᠠᠭ᠎ᠠ ᠮᠠᠳᠠᠭ ᠲᠠᠶᠢᠯᠬᠤ᠂ ᠪᠠᠭᠰᠢ ᠶᠢᠨ ᠰᠤᠳᠤᠯᠤᠨ ᠰᠤᠷᠤᠯᠴᠠᠬᠤ ᠵᠡᠷᠭᠡ ᠣᠯᠠᠨ ᠲᠠᠯᠠᠪᠤᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠢᠯᠠᠩᠭᠤᠶ᠎ᠠ ᠬᠥᠳᠡᠭᠡ ᠲᠣᠰᠬᠤᠨ ᠮᠠᠯᠵᠢᠬᠤ ᠣᠷᠣᠨ ᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠪᠠ ᠪᠠᠭᠰᠢ ᠶᠢᠨ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠬᠤ ᠪᠣᠯᠣᠨ᠎ᠠ᠃ ᠤᠯᠤᠰ ᠤᠨ ᠪᠥᠬᠦ ᠬᠡᠪᠴᠢᠶᠡᠨ ᠤ ᠬᠡᠷᠡᠭᠯᠡᠯᠲᠡ ᠶᠢᠨ ᠲᠤᠷᠰᠢᠯᠲᠠ ᠶᠢᠨ ᠴᠡᠭ ᠤᠨ ᠮᠤᠵᠢ ᠪᠣᠯᠤᠭᠰᠠᠨ ᠤ ᠬᠤᠪᠢ ᠳᠤ᠂ ᠥᠪᠥᠷ ᠮᠣᠩᠭᠤᠯ ᠰᠤᠪᠠᠭ ᠢ ᠰᠦᠯᠵᠢᠶᠡᠨ ᠳᠤ ᠭᠠᠷᠭᠠᠭᠰᠠᠨ ᠨᠢ ︽ᠤᠯᠤᠰ ᠤᠨ ᠬᠦᠢᠰᠦ - ᠲᠤᠰᠬᠠᠢ ᠣᠷᠣᠨ ᠬᠤᠲᠠ ᠶᠢᠨ ᠲᠠᠪᠴᠠᠩ - ᠰᠤᠷᠭᠠᠭᠤᠯᠢ ᠶᠢᠨ ᠦᠵᠦᠭᠦᠷ︾ ᠤᠨ ᠳᠥᠷᠪᠡᠨ ᠱᠠᠲᠤᠨ ᠤ ᠬᠠᠮᠵᠢᠯᠴᠠᠭᠠᠨ ᠤ ᠲᠣᠭᠲᠠᠯᠴᠠᠭ᠎ᠠ ᠶᠢ ᠪᠠᠶᠢᠭᠤᠯᠬᠤ ᠪᠠᠷ ᠳᠡᠮᠵᠢᠨ᠂ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠨᠢ ᠤᠯᠤᠰ ᠤᠨ ᠲᠠᠪᠴᠠᠩ ᠤᠨ ᠶᠡᠭᠡ ᠬᠡᠮᠵᠢᠶᠡᠨ ᠤ ᠡᠬᠢ ᠪᠠᠶᠠᠯᠢᠭ ᠤᠨ ᠬᠥᠮᠥᠷᠭᠡ ᠲᠠᠢ ᠵᠠᠪᠰᠠᠷ ᠦᠭᠡᠢ ᠵᠣᠯᠭᠠᠭᠤᠯᠵᠤ ᠪᠣᠯᠬᠤ ᠪᠥᠭᠡᠳ ᠮᠤᠵᠢ ᠶᠢᠨ ᠱᠠᠲᠤᠨ ᠤ ᠰᠤᠪᠠᠭ ᠢᠶᠠᠷ ᠥᠪᠡᠷᠲᠡᠭᠡᠨ ᠵᠠᠰᠠᠬᠤ ᠣᠷᠣᠨ ᠤ ᠤᠤᠭᠠᠯ ᠡᠭᠦᠳᠦᠯᠲᠡ ᠶᠢᠨ ᠰᠣᠳᠣᠨ ᠡᠬᠢ ᠪᠠᠶᠠᠯᠢᠭ ᠢ ᠬᠠᠮᠲᠤ ᠡᠳ᠋ᠯᠡᠵᠦ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠲᠡᠩᠴᠡᠭᠦᠷᠢᠰᠢᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠬᠦ ᠳᠤ  ᠲᠥᠰᠥᠯ ᠬᠠᠩᠭᠠᠬᠤ ᠪᠣᠯᠣᠨ᠎ᠠ᠃ ︵ᠰᠤᠷᠭᠠᠨ ᠬᠥᠮᠦᠵᠢᠯ ᠤᠨ ᠲᠢᠩᠬᠢᠮ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号