ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2025 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2025/3/19
       2 ᠰᠠᠷ᠎ᠠ ᠶᠢᠨ 27 ᠤ ᠡᠳᠦᠷ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃             ᠨᠢᠭᠡ᠂ ᠬᠤᠷᠠᠯ ᠠᠴᠠ ᠶᠡᠷᠦᠩᠬᠡᠢ ᠰᠠᠶᠢᠳ ᠯᠢ ᠴᠢᠶᠠᠩ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠰᠲ᠋ᠧᠮᠵᠢᠭᠦᠯᠦᠨ ᠪᠦᠲᠦᠭᠡᠯᠴᠢ ᠴᠢᠨᠠᠷᠲᠠᠢ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠨᠢᠭᠡ ᠳᠤ᠂ ᠶᠡᠷᠦᠩᠬᠡᠢ ᠰᠠᠶᠢᠳ ᠯᠢ ᠴᠢᠶᠠᠩ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠳᠣᠯᠣᠳᠤᠭᠠᠷ ᠪᠦᠬᠦᠳᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠮᠠᠨ ᠤ ᠲᠣᠭᠤᠷᠢᠭ ᠤᠨ ᠵᠢᠯ ᠤᠨ ᠡᠬᠢᠨ ᠳᠤ ᠲᠣᠭᠲᠠᠭᠰᠠᠨ ᠬᠠᠷᠠᠯᠲᠠ ᠡᠭᠦᠷᠭᠡ ᠳᠤ ᠠᠭᠤᠰᠤᠯᠴᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠡᠯ᠎ᠡ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠤᠬᠠᠮᠰᠠᠷ᠂ ᠬᠠᠤᠯᠢᠵᠢᠯ ᠤᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠥᠭᠡᠷᠡᠴᠢᠯᠡᠯᠲᠡ ᠶᠢᠨ ᠰᠡᠳᠬᠢᠬᠦᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠦᠷᠦ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ ᠪᠠ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠶᠡᠭᠡ ᠡᠷᠴᠢᠮ ᠢᠶᠠᠷ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠭᠤᠷᠪᠠ ᠳᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ᠠᠮᠵᠢᠯᠲᠠ ᠪᠦᠲᠦᠮᠵᠢ ᠭᠠᠷᠭᠠᠬᠤ ᠳᠤ ᠯᠠᠪᠲᠠᠢ ᠪᠢ ᠪᠠᠶᠢᠬᠤ︾ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠪᠠᠲᠤ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠰᠡᠳᠦᠪ ᠳᠠᠭᠠᠭᠤᠯᠤᠨ ᠪᠠᠶᠢᠳᠠᠯ ᠢ ᠡᠪᠳᠡᠵᠦ᠂ ᠬᠦᠴᠢᠷ ᠢ ᠰᠥᠷᠦᠨ ᠤᠷᠤᠭᠰᠢᠯᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠮᠥᠷᠲᠡᠭᠡᠨ ᠰᠠᠨᠠᠭᠠᠴᠢᠯᠠᠭ᠎ᠠ ᠠᠴᠠ ᠪᠠᠨ ᠣᠷᠣᠨ ᠪᠠᠶᠢᠷᠢ ᠪᠠᠨ ᠨᠥᠬᠦᠪᠦᠷᠢᠯᠡᠵᠦ᠂ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃           ᠬᠤᠶᠠᠷ᠂ ᠬᠤᠷᠠᠯ ᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ︽ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠭᠠᠯ ᠬᠥᠳᠡᠯᠬᠦ ᠠᠵᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠠᠷᠭ᠎ᠠ ᠬᠡᠮᠵᠢᠶ᠎ᠡ ᠶᠢᠨ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠮᠡᠳᠡᠭᠳᠡᠯ︾ ︵ᠳᠣᠷᠣᠭᠰᠢ︽ᠮᠡᠳᠡᠭᠳᠡᠯ︾ ᠭᠡᠵᠦ ᠲᠣᠪᠴᠢᠯᠠᠨ᠎ᠠ︶ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠮᠠᠨ ᠤ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠤᠳᠤᠷᠢᠳᠤᠯᠭ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡ ᠳᠤ ︽ᠮᠡᠳᠡᠭᠳᠡᠯ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠪᠠ ︽ᠬᠡᠨ ᠨᠣᠴᠣᠪᠠᠯ ᠬᠡᠨ ᠬᠠᠷᠢᠭᠤᠴᠠᠬᠤ︾ ᠵᠠᠷᠴᠢᠮ ᠢ ᠴᠢᠩᠭ᠎ᠠ ᠵᠢᠷᠤᠮᠯᠠᠨ᠂ ᠭᠠᠯ ᠨᠣᠴᠣᠭᠰᠠᠨ ᠠᠵᠢᠯ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠥᠮᠥᠨ ᠬᠠᠷ᠎ᠠ ᠨᠢᠭᠲᠠᠷᠠᠭᠰᠠᠨ ᠬᠡᠯᠪᠡᠷᠢ ᠶᠢᠨ ᠲᠠᠯᠠᠪᠤᠷ ᠭᠠᠵᠠᠷ ᠤᠨ ᠭᠠᠯ ᠨᠣᠴᠣᠭᠰᠠᠨ ᠠᠵᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠤᠰᠬᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠠᠮᠤᠷ ᠲᠦᠪᠰᠢᠨ ᠤ ᠲᠤᠰᠬᠠᠢ ᠮᠡᠷᠭᠡᠵᠢᠯ ᠤᠨ ᠵᠥᠪᠯᠡᠯ᠂ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠠᠶᠤᠯᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ᠂ ᠬᠤᠲᠠ ᠪᠠᠯᠭᠠᠰᠤᠨ ᠤ ᠰᠢᠲᠠᠮᠠᠬᠠᠢ ᠬᠡᠢ᠂ ᠠᠵᠤ ᠦᠢᠯᠡᠳᠪᠦᠷᠢ ᠠᠷᠠᠯᠵᠢᠶᠠᠨ ᠤ ᠬᠦᠷᠢᠶ᠎ᠡ ᠴᠠᠷᠠᠭ᠎ᠠ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠭᠠᠯ ᠤᠨᠲᠠᠷᠠᠭᠠᠬᠤ᠂ ᠬᠤᠸᠠᠷ ᠫᠤᠤᠵᠢᠩ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠣᠷᠣᠨ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠵᠦ᠂ ᠢᠯᠡᠷᠡᠭᠦᠯᠦᠭᠰᠡᠨ ᠳᠠᠯᠳᠠ ᠬᠡᠮ ᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠨ ᠰᠠᠶᠢᠵᠢᠷᠠᠭᠤᠯᠵᠤ᠂ ᠪᠢᠲᠡᠭᠦᠮᠵᠢᠯᠡᠨ ᠬᠠᠮᠢᠶᠠᠷᠴᠤ᠂ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ᠂ ᠡᠯ᠎ᠡ ᠭᠠᠵᠠᠷ ᠣᠷᠣᠨ ᠠᠴᠠ ᠬᠠᠷᠢᠭᠤᠴᠠᠵᠤ᠂ ᠲᠣᠬᠢᠷᠠᠭᠤᠯᠤᠯᠲᠠ ᠶᠢ ᠴᠢᠩᠭ᠎ᠠ ᠠᠩᠬᠠᠷᠴᠤ᠂ ᠵᠦᠢᠯ ᠳᠠᠷᠠᠭᠠᠯᠠᠨ ᠰᠤᠳᠤᠯᠵᠤ᠂ ᠳᠡᠭᠡᠳᠦ ᠳᠠᠪᠬᠤᠷᠭ᠎ᠠ ᠶᠢᠨ ᠵᠢᠵᠢᠭ ᠲᠣᠭᠤᠷᠢᠭ ᠤᠨ ᠭᠠᠯ ᠤᠨᠲᠠᠷᠠᠭᠠᠬᠤ ᠳᠠᠯᠳᠠ ᠬᠡᠮ ᠤᠨ ᠠᠰᠠᠭᠤᠳᠠᠯ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠤᠨ᠎ᠠ᠃        ᠭᠤᠷᠪᠠ᠂ ᠬᠤᠷᠠᠯ ᠢ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ︽ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠡᠷᠡᠭᠵᠢᠭᠦᠯᠬᠦ ᠠᠷᠭ᠎ᠠ︾ ︵ᠳᠣᠷᠣᠭᠰᠢ︽ᠠᠷᠭ᠎ᠠ︾ ᠭᠡᠵᠦ ᠲᠣᠪᠴᠢᠯᠠᠨ᠎ᠠ︶ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠱᠠᠲᠤᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠃  ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ︽ᠠᠷᠭ᠎ᠠ︾ ᠶᠢᠨ ᠵᠣᠷᠢᠭ ᠰᠠᠨᠠᠭ᠎ᠠ ᠶᠢ ᠬᠢᠨᠠᠮᠠᠭᠠᠢ ᠵᠣᠬᠢᠶᠠᠨ ᠪᠠᠶᠢᠭᠤᠯᠤᠨ ᠰᠤᠷᠤᠯᠴᠠᠵᠤ᠂ ︽ᠠᠷᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠬᠤᠶᠠᠷ ᠲᠤ᠂ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠶᠡᠷᠦᠩᠬᠡᠢ ᠬᠠᠷᠢᠭᠤᠴᠠᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠲᠦᠷᠭᠡᠳᠬᠡᠨ ᠠᠬᠢᠭᠤᠯᠵᠤ᠂ ᠠᠰᠠᠭᠤᠳᠠᠯ ᠢ ᠡᠷᠲᠡᠬᠡᠨ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ ᠬᠠᠰᠤᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠠᠨ ᠬᠠᠷᠢᠭᠤᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠤᠨ ᠨᠠᠷᠢᠨ ᠲᠠᠩᠰᠠ ᠲᠠᠢ ᠬᠠᠷᠭᠤᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠲᠠᠨᠢᠵᠤ᠂ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠡᠷᠡᠭ ᠢ ᠪᠦᠬᠦᠨ ᠢ ᠰᠢᠢᠳᠪᠦᠷᠢᠯᠡᠵᠦ᠂ ᠠᠯᠢ ᠲᠦᠷᠭᠡᠨ ᠢᠶᠠᠷ ᠳ᠋ᠤᠭᠠᠷ ᠢ ᠨᠢ ᠬᠠᠰᠤᠬᠤ ᠶᠢ ᠪᠠᠲᠤᠯᠠᠬᠤ ᠬᠡᠷᠡᠭᠲᠡᠢ᠃    ᠳᠥᠷᠪᠡ᠂ ᠬᠤᠷᠠᠯ ᠠᠴᠠ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠲᠤᠰᠬᠠᠢ ᠳᠡᠭᠡᠭᠰᠢᠯᠡᠭᠦᠯᠬᠦ ᠠᠵᠢᠯ ᠤᠨ ᠲᠥᠰᠥᠯ︾ ︵ᠳᠣᠷᠣᠭᠰᠢ︽ᠲᠥᠰᠥᠯ︾ ᠭᠡᠵᠦ ᠲᠣᠪᠴᠢᠯᠠᠨ᠎ᠠ︶ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠣᠯ ᠰᠠᠭᠤᠭᠠᠯᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠬᠤᠳᠠ ᠶᠢᠨ ᠥᠷᠢᠰᠦᠯᠳᠦᠬᠦ ᠬᠦᠴᠦᠨ ᠪᠣᠯᠣᠨ ᠦᠷᠭᠦᠯᠵᠢᠯᠡᠬᠦ ᠬᠥᠭᠵᠢᠯᠲᠡ ᠲᠠᠢ ᠬᠤᠯᠪᠣᠭᠳᠠᠨ᠎ᠠ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠤᠨ ᠬᠤᠲᠠ ᠶᠢ ᠠᠷᠠᠳ ᠲᠦᠮᠡᠨ ᠤ ᠲᠥᠯᠥᠭᠡ ᠭᠡᠬᠦ ᠣᠶᠢᠯᠠᠭᠠᠭᠳᠠᠬᠤᠨ ᠢ ᠢᠮᠠᠭᠲᠠ ᠲᠤᠤᠱᠯᠠᠭᠤᠯᠬᠤ ᠶᠢ ᠪᠠᠷᠢᠮᠲᠠᠯᠠᠵᠤ᠂ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠨ᠂ ᠬᠤᠲᠠ ᠶᠢᠨ ᠪᠦᠬᠦᠯᠢ ᠴᠣᠭᠴᠠᠲᠤ ᠴᠢᠨᠠᠷ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠪᠠᠭᠲᠠᠭᠠᠮᠵᠢᠲᠤ ᠴᠢᠨᠠᠷ ᠪᠠ ᠥᠰᠦᠯᠲᠡ ᠶᠢᠨ ᠴᠢᠨᠠᠷ ᠢ ᠴᠢᠬᠤᠯᠠᠴᠢᠯᠠᠵᠤ᠂ ᠣᠯᠠᠨ ᠲᠦᠮᠡᠨ ᠤ ᠲᠤᠰᠬᠠᠯ ᠴᠢᠩᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ︽ᠴᠡᠴᠡᠷᠯᠢᠭ ᠤᠨ ᠨᠣᠭᠤᠭᠠᠷᠠᠭᠤᠯᠤᠯᠲᠠ ᠭᠤᠶᠣ ᠰᠠᠶᠢᠬᠠᠨ᠂ ᠰᠠᠭᠤᠷᠢ ᠲᠥᠬᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠵᠡᠭᠡᠯᠢ ᠶᠢᠨ ᠦᠵᠡᠮᠵᠢ ᠶᠢ ᠭᠡᠷᠡᠯᠲᠦᠭᠦᠯᠬᠦ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠪᠣᠯᠪᠠᠰᠤᠨ ᠡᠮᠬᠢ ᠳᠢᠭᠯᠢᠮ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠠᠪᠤᠨ ᠶᠡᠭᠡ ᠠᠵᠢᠯᠯᠠᠭ᠎ᠠ ᠶᠢᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃    ᠬᠤᠷᠠᠯ ᠠᠴᠠ ᠲᠥᠰᠥᠯ ᠢ ᠬᠢᠨᠠᠨ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                         ᠢᠷᠡᠯᠲᠡ ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ  
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号