ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠦᠨ᠎ᠡ
ᠨᠡᠶᠢᠲᠡᠯᠡᠭᠰᠡᠨ ᠴᠠᠭ᠄
2025/3/19
       ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 17 ᠤ ᠴᠠᠭᠢᠯᠭᠠᠨ ᠮᠡᠳᠡᠭᠡ  ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ  ︽ᠮᠡᠳᠡᠭᠳᠡᠯ︾  ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃     ︽ᠮᠡᠳᠡᠭᠳᠡᠯ︾ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠠᠬᠢᠭᠤᠯᠬᠤ ᠶᠢᠨ ᠲᠥᠯᠥᠭᠡ ᠨᠠᠮ ᠤᠨ ᠲᠥᠪ ᠬᠤᠷᠢᠶ᠎ᠠ ᠪᠠᠷ ᠵᠥᠪᠰᠢᠶᠡᠷᠡᠭᠦᠯᠦᠭᠡᠳ᠂ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ  ᠥᠷᠨᠢᠭᠦᠯᠦᠨ᠎ᠡ ︵ᠳᠣᠷᠣᠭᠰᠢ ︽ᠰᠤᠷᠤᠯᠴᠠᠯᠭ᠎ᠠ ᠬᠥᠮᠦᠵᠢᠯ︾ ᠭᠡᠵᠦ ᠲᠣᠪᠴᠢᠯᠠᠨ᠎ᠠ︶᠃ ᠰᠤᠷᠤᠯᠴᠠᠯᠭ᠎ᠠ ᠬᠥᠮᠦᠵᠢᠯ ᠢ 2025 ᠣᠨ ᠤ ᠪᠦᠭᠦ ᠤᠯᠤᠰ ᠤᠨ ᠬᠤᠶᠠᠷ ᠬᠤᠷᠠᠯ ᠤᠨ ᠳᠠᠷᠠᠭ᠎ᠠ ᠡᠬᠢᠯᠡᠭᠦᠯᠵᠦ᠂ 7 ᠰᠠᠷ᠎ᠠ ᠶᠢᠨ ᠰᠡᠭᠦᠯᠴᠢ ᠠᠴᠠ ᠡᠮᠦᠨ᠎ᠡ ᠦᠨᠳᠦᠰᠦᠨ ᠳᠡᠭᠡᠨ ᠳᠠᠭᠤᠰᠬᠠᠨ᠎ᠠ ᠭᠡᠵᠦ ᠵᠢᠭᠠᠵᠤ ᠭᠠᠷᠭᠠᠪᠠ᠃     ︽ᠮᠡᠳᠡᠭᠳᠡᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠰᠢᠨ᠎ᠡ ᠡᠭᠦᠳᠦᠯᠲᠡ ᠶᠢᠨ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠨᠠᠮ ᠢ ᠵᠣᠬᠢᠶᠠᠨ ᠪᠠᠶᠢᠭᠤᠯᠵᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠠᠳ ᠣᠯᠣᠭᠰᠠᠨ ᠢᠯᠡᠳᠲᠡ ᠠᠮᠵᠢᠯᠲᠠ ᠪᠦᠲᠦᠮᠵᠢ ᠶᠢ ᠰᠢᠰᠲ᠋ᠧᠮ ᠲᠠᠢ ᠳ᠋ᠦᠩᠨᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠰᠤᠷᠲᠠᠯ ᠠᠴᠠ ᠪᠣᠯᠤᠭᠰᠠᠨ ᠢᠯᠵᠢᠷᠡᠯ ᠤᠨ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠦᠨ ᠬᠥᠮᠥᠵᠢᠭᠦᠯᠬᠦ ᠶᠢ ᠴᠢᠩᠭᠠᠳᠬᠠᠵᠤ᠂ ᠨᠠᠮ ᠤᠨ ᠭᠡᠰᠢᠭᠦᠨ᠂ ᠺᠠᠳ᠋ᠷ ᠤᠨ ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠨᠠᠮ ᠤᠨ ᠭᠡᠰᠢᠭᠦᠨ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠨᠠᠮ ᠤᠨ ᠲᠡᠷᠢᠭᠦᠨ ᠤ ᠴᠢᠨᠠᠷ ᠴᠡᠪᠡᠷ ᠴᠢᠨᠠᠷ ᠢ ᠪᠠᠲᠤᠯᠠᠵᠤ᠂ ᠠᠷᠠᠳ ᠣᠯᠠᠨ ᠤ ᠢᠲᠡᠭᠡᠯ ᠬᠦᠷᠢᠶᠡᠯᠡᠯ ᠢ ᠲᠠᠰᠤᠷᠠᠯᠲᠠ ᠦᠭᠡᠢ ᠣᠯᠬᠤ ᠶᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠦ ᠪᠠᠲᠤᠯᠠᠭ᠎ᠠ ᠬᠠᠩᠭᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠲᠣᠳᠣᠷᠬᠠᠶᠢᠯᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号