︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠢᠲᠡᠭᠡᠮᠵᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠰᠠᠶᠢᠬᠠᠨ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2025/3/20
      3 ᠳ᠋ᠤᠭᠠᠷ ᠰᠠᠷ᠎ᠠ ᠶᠢᠨ 15 ᠤ ᠡᠳᠦᠷ᠂ ︽ᠬᠡᠷᠡᠭᠯᠡᠭᠡ ᠶᠢ ᠬᠠᠮᠲᠤ ᠪᠠᠷ ᠴᠣᠭᠴᠠᠯᠠᠵᠤ᠂ ᠰᠠᠶᠢᠨ ᠰᠠᠶᠢᠬᠠᠨ ᠠᠮᠢᠳᠤᠷᠠᠯ ᠢ ᠰᠠᠬᠢᠨ ᠬᠠᠮᠠᠭᠠᠯᠠᠬᠤ︾᠂ ︽ᠮᠥᠩᠭᠦᠨ ᠭᠦᠢᠯᠭᠡᠭᠡᠨ ᠤ ᠡᠷᠬᠡ ᠠᠰᠢᠭ ᠢ ᠪᠠᠲᠤᠯᠠᠵᠤ᠂ ᠰᠠᠶᠢᠨ ᠰᠠᠶᠢᠬᠠᠨ ᠠᠮᠢᠳᠤᠷᠠᠯ ᠳᠤ ᠬᠦᠴᠦᠨ ᠨᠡᠮᠡᠷᠢᠯᠡᠬᠦ︾ 2025 ᠣᠨ ᠤ ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠵᠢᠴᠢ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠥᠮᠦᠵᠢᠯ ᠤᠬᠠᠭᠤᠯᠭ᠎ᠠ ᠶᠢᠨ ᠠᠵᠢᠯᠯᠠᠭ᠎ᠠ ᠬᠥᠬᠡᠬᠤᠲᠠ ᠶᠢᠨ ᠰᠠᠶᠢᠬᠠᠨ ᠲᠣᠭᠤᠷᠢᠭ ᠤᠨ ᠸᠠᠨ ᠳ᠋ᠠ ᠲᠠᠯᠠᠪᠠᠶ ᠳᠤ ᠶᠠᠪᠤᠭᠳᠠᠪᠠ᠃
图片7.png  
            ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠥᠷᠭᠡᠨ ᠳᠡᠯᠭᠡᠷ ᠨᠡᠶᠢᠭᠡᠮ ᠤᠨ ᠤᠬᠠᠭᠤᠯᠭ᠎ᠠ ᠪᠠᠷ ᠳᠠᠮᠵᠢᠭᠤᠯᠤᠨ᠂ ᠡᠷᠬᠡ ᠪᠠᠨ ᠬᠠᠮᠠᠭᠠᠯᠠᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠡᠷᠡᠭᠯᠡᠭᠡᠨ ᠤ ᠮᠡᠳᠡᠯᠭᠡ ᠶᠢ ᠤᠯᠠᠮᠵᠢᠯᠠᠨ ᠳᠡᠯᠭᠡᠷᠡᠭᠦᠯᠵᠦ᠂ ᠬᠡᠷᠡᠭᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠶᠢᠨ ᠨᠡᠶᠢᠭᠡᠮ ᠤᠨ ᠬᠠᠮᠲᠤ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃
图片8.png
  ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ᠂ ᠦᠢᠯᠡᠳᠬᠦᠨ ᠤ ᠶᠠᠰᠤ ᠴᠢᠨᠠᠷ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠴᠡᠭ ᠵᠢᠴᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠪᠠ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠬᠠᠷᠢᠯᠴᠠᠨ ᠬᠥᠳᠡᠯᠦᠯᠴᠡᠬᠦ ᠣᠷᠣᠨ ᠪᠦᠰᠡ ᠶᠢ ᠪᠠᠶᠢᠭᠤᠯᠪᠠ᠃ ᠠᠵᠢᠯᠲᠠᠳ ᠤᠯᠠᠨ ᠲᠦᠮᠡᠨ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠤᠬᠠᠭᠤᠯᠵᠤ᠂ ᠬᠦᠴᠢᠷ ᠲᠦᠪᠡᠭᠲᠡᠢ ᠠᠰᠠᠭᠤᠳᠠᠯ ᠢ ᠬᠠᠷᠢᠭᠤᠯᠵᠤ᠂ ᠬᠡᠷᠡᠭᠯᠡᠭᠴᠢᠳ ᠤᠨ ᠠᠰᠠᠭᠤᠨ ᠯᠠᠪᠯᠠᠬᠤ ᠪᠠ ᠵᠠᠭᠠᠯᠳᠤᠯᠭ᠎ᠠ ᠶᠢ ᠬᠦᠯᠢᠶᠡᠵᠦ᠂ ᠤᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠠ ᠡᠷᠬᠡ ᠪᠠᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
图片9.png
      ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠢᠶᠠᠷ ᠠᠵᠠ ᠲᠣᠬᠢᠶᠠᠯ ᠪᠣᠯᠭᠠᠵᠤ᠂ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠮᠡᠳᠡᠯᠭᠡ ᠶᠢ ᠨᠡᠶᠢᠭᠡᠮ ᠲᠣᠭᠤᠷᠢᠭ᠂ ᠬᠥᠳᠡᠭᠡ ᠲᠣᠰᠬᠤᠨ᠂ ᠰᠤᠷᠭᠠᠭᠤᠯᠢ᠂ ᠠᠵᠤ ᠠᠬᠤᠶᠢᠯᠠᠯ᠂ ᠦᠵᠡᠮᠵᠢ ᠶᠢᠨ ᠣᠷᠣᠨ ᠳᠤ ᠣᠷᠣᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠢᠳᠡᠭᠡᠨ ᠪᠠ ᠡᠮ ᠤᠨ ᠵᠦᠢᠯ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠦᠢᠯᠡᠳᠬᠦᠨ ᠤ ᠶᠠᠰᠤ ᠴᠢᠨᠠᠷ ᠵᠡᠷᠭᠡ ᠠᠵᠢᠯ ᠲᠠᠢ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠠᠬ᠎ᠠ ᠳᠡᠯᠭᠡᠭᠦᠷ ᠤᠨ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠨ᠂ ᠬᠡᠷᠡᠭᠯᠡᠭᠡᠨ ᠤ ᠡᠷᠬᠡ ᠪᠠᠨ ᠬᠠᠮᠠᠭᠠᠯᠠᠵᠤ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠰᠢᠨ᠎ᠡ ᠪᠠᠶᠢᠷᠢᠰᠢᠯ ᠢ ᠴᠢᠷᠮᠠᠶᠢᠨ ᠪᠠᠶᠢᠭᠤᠯᠤᠨ᠎ᠠ᠃      ᠢᠷᠡᠯᠲᠡ ᠄ ᠰᠠᠶᠢᠬᠠᠨ ᠲᠣᠭᠤᠷᠢᠭ   ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号