ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠪᠡᠰᠦ ᠪᠡᠯᠴᠢᠭᠡᠷ ᠨᠣᠭᠤᠭᠠᠷᠠᠬᠤ ᠬᠤᠭᠤᠴᠠᠭᠠᠨ ᠳᠠᠬᠢ ᠰᠡᠯᠭᠦᠨ ᠮᠠᠯᠵᠢᠬᠤ ᠠᠵᠢᠯ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2025/3/20
ᠥᠷᠭᠡᠨ ᠣᠯᠠᠨ ᠠᠷᠠᠳ ᠲᠦᠮᠡᠨ ᠳᠤ᠄      ᠪᠥᠬᠦ ᠲᠣᠭᠤᠷᠢᠭ ᠤᠨ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠣᠶ ᠰᠢᠭᠤᠢ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠰᠠᠶᠢᠨ ᠣᠷᠴᠢᠯ ᠢ ᠦᠷᠭᠦᠯᠵᠢᠯᠡᠨ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠤᠯᠢ ᠶᠢ ᠪᠥᠬᠦ ᠲᠠᠯ᠎ᠠ ᠪᠠᠷ ᠰᠢᠢᠳᠪᠦᠷᠢᠯᠡᠬᠦ ᠠᠰᠠᠭᠤᠳᠠᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ︹ 2020︺ 63 ᠳ᠋ᠤᠭᠠᠷ ᠲᠣᠭᠠᠲᠤ︶ ︽ᠬᠥᠬᠡᠬᠤᠲᠠ ᠶᠢᠨ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠮᠡᠳᠡᠭᠳᠡᠯ︾ ︵ᠬᠥᠬᠡᠬᠤᠲᠠ ᠣᠶ ᠰᠢᠭᠤᠢ ᠶᠢᠨ ᠳᠠᠷᠤᠭ᠎ᠠ ᠠᠯᠪᠠᠨ ᠲᠠᠷᠬᠠᠭᠠᠭᠰᠠᠨ︹ 2020︺ 1 ᠳ᠋ᠦ᠋ᠭᠡᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠰᠡᠷᠭᠦᠭᠡᠬᠦ ᠳᠦᠷᠢᠮ︾ ︽ᠬᠥᠬᠡᠬᠤᠲᠠ ᠶᠢᠨ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠰᠡᠷᠭᠦᠭᠡᠬᠦ ᠳᠦᠷᠢᠮ︾ ᠵᠡᠷᠭᠡ ᠲᠣᠭᠲᠠᠭᠠᠯ ᠢ ᠦᠨᠳᠦᠰᠦᠯᠡᠨ᠂ ᠮᠠᠨ ᠤ ᠲᠣᠭᠤᠷᠢᠭ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠢ ᠰᠡᠷᠭᠦᠭᠡᠬᠦ ᠠᠵᠢᠯ ᠢ ᠦᠷᠭᠦᠯᠵᠢᠯᠡᠨ ᠥᠷᠨᠢᠭᠦᠯᠪᠡ᠃         ᠨᠢᠭᠡ᠂ ᠬᠡᠷᠡᠭᠵᠢᠭᠦᠯᠬᠦ ᠬᠡᠪᠴᠢᠶ᠎ᠡ ᠪᠣᠯᠣᠨ ᠴᠠᠭ ᠤᠨ ᠬᠢᠵᠠᠭᠠᠷ            ︵ᠨᠢᠭᠡ︶ᠪᠡᠯᠴᠢᠭᠡᠷ ᠢ ᠰᠡᠷᠭᠦᠭᠡᠬᠦ ᠬᠡᠪᠴᠢᠶ᠎ᠡ᠃ ︽ᠰᠠᠶᠢᠬᠠᠨ ᠲᠣᠭᠤᠷᠢᠭ ᠤᠨ ᠪᠡᠯᠴᠢᠭᠡᠷᠯᠡᠭᠦᠯᠬᠦ ᠶᠢ ᠵᠣᠭᠰᠣᠭᠠᠨ ᠰᠡᠯᠭᠦᠨ ᠮᠠᠯᠵᠢᠬᠤ ᠬᠡᠷᠡᠭᠵᠢᠭᠦᠯᠬᠦ ᠲᠥᠰᠥᠯ︾ ᠳᠤ ᠵᠠᠭᠠᠭᠯᠠᠨ ᠲᠣᠭᠲᠠᠭᠠᠭᠰᠠᠨ ᠰᠡᠯᠭᠦᠨ ᠮᠠᠯᠵᠢᠬᠤ ᠣᠷᠣᠨ ᠳᠤ ᠰᠡᠯᠭᠦᠨ ᠮᠠᠯᠵᠢᠬᠤ ᠶᠢ ᠬᠡᠷᠡᠭᠵᠢᠭᠦᠯᠵᠦ᠂ ᠰᠡᠯᠭᠦᠨ ᠮᠠᠯᠵᠢᠬᠤ ᠣᠷᠣᠨ ᠤ ᠲᠠᠯᠠᠪᠠᠶ ᠨᠢ 8.81 ᠲᠦᠮᠡᠨ ᠮᠦ ᠪᠣᠯᠣᠨ᠎ᠠ᠃ ᠰᠡᠯᠭᠦᠨ ᠮᠠᠯᠵᠢᠬᠤ ᠮᠠᠯ ᠤᠨ ᠡᠭᠦᠯᠳᠡᠷ ᠨᠢ ᠦᠬᠡᠷ᠂ ᠮᠣᠷᠢ᠂ ᠬᠤᠨᠢ ᠵᠡᠷᠭᠡ ᠡᠪᠡᠰᠦᠨ ᠲᠡᠵᠢᠭᠡᠯᠲᠦ ᠮᠠᠯ ᠪᠣᠯᠣᠨ᠎ᠠ᠃     ︵ᠬᠤᠶᠠᠷ︶ᠪᠡᠯᠴᠢᠭᠡᠷ ᠰᠡᠷᠭᠦᠭᠡᠬᠦ ᠴᠠᠭ ᠤᠨ ᠬᠢᠵᠠᠭᠠᠷ᠃ ᠪᠥᠬᠦ ᠲᠣᠭᠤᠷᠢᠭ ᠤᠨ  ᠪᠡᠯᠴᠢᠭᠡᠷ ᠤᠨ ᠲᠥᠷᠥᠯ ᠬᠡᠯᠪᠡᠷᠢ᠂ ᠲᠤᠨᠳᠠᠰᠤᠨ ᠤ ᠬᠡᠮᠵᠢᠶ᠎ᠡ᠂ ᠠᠭᠠᠷ ᠤᠨ ᠳᠤᠯᠠᠭᠠᠨ ᠵᠢᠴᠢ ᠨᠤᠲᠤᠭ ᠪᠡᠯᠴᠢᠭᠡᠷ ᠤᠨ ᠤᠷᠭᠤᠯᠲᠠ ᠶᠢᠨ ᠣᠨᠴᠠᠯᠢᠭ ᠢ ᠦᠨᠳᠦᠰᠦᠯᠡᠨ᠂ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠤ ᠰᠡᠯᠭᠦᠨ ᠮᠠᠯᠵᠢᠬᠤ ᠴᠠᠭ ᠢ 4 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 30 ᠤ ᠡᠳᠦᠷ ᠪᠣᠯᠭᠠᠵᠤ᠂ ᠨᠡᠶᠢᠲᠡ 60 ᠡᠳᠦᠷ ᠪᠣᠯᠭᠠᠬᠤ ᠪᠠᠷ ᠲᠣᠭᠲᠠᠭᠠᠪᠠ᠃       ᠬᠤᠶᠠᠷ᠂ ᠱᠠᠭᠠᠷᠳᠠᠯᠭ᠎ᠠ        ︵ᠨᠢᠭᠡ︶ᠡᠯ᠎ᠡ ᠪᠠᠯᠭᠠᠰᠤ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠵᠢᠴᠢ ᠥᠷᠭᠡᠨ ᠣᠯᠠᠨ ᠠᠷᠠᠳ ᠲᠦᠮᠡᠨ ᠡᠷᠲᠡᠬᠡᠨ ᠠᠷᠭ᠎ᠠ ᠰᠦᠪᠡᠭᠴᠢᠯᠡᠵᠦ᠂ ᠰᠡᠯᠭᠦᠨ ᠮᠠᠯᠵᠢᠬᠤ ᠬᠤᠭᠤᠴᠠᠭᠠᠨ ᠳᠠᠬᠢ ᠡᠪᠡᠰᠦ ᠪᠣᠷᠳᠤᠭ᠎ᠠ ᠰᠢᠯᠵᠢᠭᠦᠯᠦᠨ ᠬᠤᠳᠠᠯᠳᠤᠨ ᠠᠪᠬᠤ᠂ ᠨᠥᠭᠡᠴᠡᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠡᠯᠭᠦᠨ ᠮᠠᠯᠵᠢᠬᠤ ᠬᠤᠭᠤᠴᠠᠭᠠᠨ ᠳᠤ ᠪᠣᠶ ᠪᠦᠬᠦᠢ ᠮᠠᠯ ᠤᠨᠤᠭ᠎ᠠ ᠶᠢ ᠪᠦᠬᠦᠨ ᠢ ᠬᠠᠰᠢᠶᠠᠯᠠᠨ ᠲᠡᠵᠢᠭᠡᠵᠦ᠂ ᠰᠥᠨᠢ ᠪᠠᠷ ᠮᠠᠯᠵᠢᠬᠤ᠂ ᠬᠤᠯᠠᠭᠠᠶᠢᠯᠠᠨ ᠮᠠᠯᠵᠢᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃     ︵ᠬᠤᠶᠠᠷ︶ᠡᠯ᠎ᠡ ᠪᠠᠯᠭᠠᠰᠤ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠨᠢᠭᠡᠴᠡ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠬᠠᠮᠵᠢᠯᠴᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃             ᠭᠤᠷᠪᠠ᠂ ᠲᠣᠭᠲᠠᠭᠠᠯ       ︵ᠨᠢᠭᠡ︶ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠨ ᠮᠠᠯᠵᠢᠭᠰᠠᠨ ᠪᠠᠶᠢᠪᠠᠯ᠂︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠮᠠᠯᠵᠢᠬᠤ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ  ᠢ ᠦᠨᠳᠦᠰᠦᠯᠡᠨ ᠰᠢᠳᠬᠡᠨ ᠲᠣᠷᠭᠠᠨ᠎ᠠ᠃ ᠪᠡᠯᠴᠢᠭᠡᠷ ᠰᠡᠷᠭᠦᠭᠡᠬᠦ ᠣᠷᠣᠨ ᠳᠤ ᠪᠠᠶᠢᠬᠤ ᠬᠤᠭᠤᠴᠠᠭᠠᠨ ᠳᠤ ᠮᠠᠯ ᠬᠠᠷᠢᠭᠤᠯᠤᠭᠰᠠᠨ ᠪᠠᠶᠢᠪᠠᠯ᠂ ᠪᠠᠯᠭᠠᠰᠤ᠂ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠵᠠᠷᠯᠢᠭᠳᠠᠨ ᠵᠠᠯᠠᠷᠠᠭᠤᠯᠵᠤ᠂ ᠬᠠᠤᠯᠢ ᠠᠴᠠ ᠵᠥᠷᠢᠴᠡᠨ ᠬᠤᠨᠢ ᠮᠠᠯᠵᠢᠵᠤ ᠪᠠᠶᠢᠭ᠎ᠠ ᠨᠢᠭᠡᠴᠢ ᠨᠢᠭᠡᠪᠦᠷᠢ ᠳᠤ 120 ᠲᠥᠭᠦᠷᠢᠭ ᠵᠣᠭᠤᠰ ᠢᠶᠠᠷ ᠲᠣᠷᠭᠠᠨ᠎ᠠ᠃       ︵ᠬᠤᠶᠠᠷ︶ᠬᠠᠤᠯᠢ ᠬᠡᠷᠡᠭᠵᠢᠭᠦᠯᠬᠦ ᠠᠵᠢᠯᠲᠠᠨ ᠤ ᠬᠠᠮᠢᠶᠠᠷᠤᠯᠲᠠ ᠶᠢ ᠳᠠᠭᠠᠬᠤ ᠦᠭᠡᠢ ᠶᠣᠰᠣ ᠪᠤᠰᠤ ᠪᠠᠷ ᠠᠭᠠᠰᠢᠯᠠᠭᠰᠠᠨ᠂ ᠬᠠᠷᠰᠢᠯᠠᠭᠰᠠᠨ᠂ ᠭᠠᠴᠢᠵᠤ᠂ ᠳᠣᠷᠣᠮᠵᠢᠯᠠᠭᠰᠠᠨ᠂ ᠬᠠᠷᠢᠶᠠᠬᠤ ᠪᠤᠶᠤ ᠬᠦᠴᠦᠷᠬᠡᠭᠯᠡᠯ ᠤᠨ ᠠᠷᠭ᠎ᠠ ᠪᠠᠷ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠣᠰᠣᠭᠠᠷ ᠠᠯᠪᠠᠨ ᠶᠠᠪᠤᠳᠠᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾ ᠶᠢᠨ ᠭᠤᠴᠢᠳᠤᠭᠠᠷ ᠵᠦᠢᠯ ᠤᠨ ᠲᠣᠭᠲᠠᠭᠠᠯ ᠶᠣᠰᠣᠭᠠᠷ᠂ ᠲᠠᠪᠤᠨ ᠡᠳᠦᠷ ᠤᠨ ᠵᠠᠰᠠᠭ ᠵᠠᠬᠢᠷᠭᠠᠨ ᠢᠶᠠᠷ ᠲᠦᠷ ᠬᠤᠷᠢᠬᠤ ᠪᠠᠷ ᠰᠢᠳᠬᠡᠬᠦ ᠶᠢᠨ ᠬᠠᠮᠲᠤ 500 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠥᠭᠡᠳ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃      ︵ᠭᠤᠷᠪᠠ︶ ᠪᠡᠯᠴᠢᠭᠡᠷᠯᠡᠭᠦᠯᠬᠦ ᠶᠢ ᠵᠣᠭᠰᠤᠭᠠᠬᠤ ᠠᠵᠢᠯ ᠳᠤ ᠢᠯᠡᠴᠢᠯᠡᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠬᠠᠤᠯᠢ ᠬᠡᠷᠡᠭᠵᠢᠭᠦᠯᠦᠨ ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ᠂ ᠣᠯᠠᠨ ᠲᠦᠮᠡᠨ ᠤ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠤᠢ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠬᠢᠨᠠᠯᠲᠠ ᠲᠠᠯᠪᠢᠬᠤ ᠂ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠨ ᠦᠢᠯᠡ ᠠᠵᠢᠯᠯᠠᠭ᠎ᠠ ᠶᠢ ᠢᠳᠡᠪᠬᠢᠲᠡᠢ ᠢᠯᠡᠴᠢᠯᠡᠨ ᠮᠡᠳᠡᠭᠦᠯᠬᠦ ᠬᠡᠷᠡᠭᠲᠡᠢ᠃          ᠢᠯᠡᠴᠢᠯᠡᠨ ᠮᠡᠳᠡᠭᠦᠯᠬᠦ ᠤᠲᠠᠰᠤ᠄    ᠢᠦᠢ ᠯᠢᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ     0471-4922859    ᠬᠤᠸᠠ ᠬᠤᠰᠢᠭᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ     0471-5302475  ᠶᠢᠨ ᠾᠧ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ     0471-3467938  ᠪᠠᠶᠠᠨ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ     0471-4190062  ᠵᠣᠣ ᠤᠳᠠ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ     0471-4630905  ᠴᠡᠯᠡᠭᠡᠷ ᠲᠠᠯ᠎ᠠ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ     0471-3966857          ᠡᠭᠦᠨ ᠤ ᠲᠤᠯᠠ ᠣᠨᠴᠠᠭᠠᠶᠢᠯᠠᠨ ᠵᠠᠷᠯᠠᠪᠠ᠃                                                          ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                   2025 ᠣᠨ ᠤ 3 ᠰᠠᠷ᠎ᠠ ᠶᠢᠨ 7 ᠤ ᠡᠳᠦᠷ           ᠢᠷᠡᠯᠲᠡ ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号