| ︵ᠰᠤᠷᠪᠤᠯᠵᠢᠯᠠᠭᠴᠢ ᠦ᠋ ᠽᠢ ᠰᠢᠤᠸᠠᠨ︶ 3 ᠳ᠋ᠤᠭᠠᠷ ᠰᠠᠷ᠎ᠠ ᠶᠢᠨ 14 ᠤ ᠡᠳᠦᠷ ᠰᠤᠷᠪᠤᠯᠵᠢᠯᠠᠭᠴᠢ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠠᠴᠠ ᠣᠶᠢᠯᠠᠭᠠᠭᠰᠠᠨ ᠢᠶᠠᠷ᠂ 2024 ᠣᠨ ᠳᠤ | ᠬᠥᠬᠡᠬᠤᠲᠠ ᠳᠤ ᠰᠢᠨ᠎ᠡ ᠪᠠᠷ 5 ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠨᠡᠮᠡᠭᠳᠡᠵᠦ᠂ ᠨᠡᠶᠢᠲᠡ 9 | ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠢ ᠪᠠᠶᠢᠭᠤᠯᠵᠤ ᠳᠠᠭᠤᠰᠬᠠᠪᠠ ︵ᠳᠡᠭᠡᠳᠦ ᠰᠤᠷᠭᠠᠭᠤᠯᠢ ᠲᠠᠢ | ᠬᠠᠮᠲᠤᠷᠠᠨ ᠪᠠᠶᠢᠭᠤᠯᠤᠭᠰᠠᠨ ᠨᠢᠭᠡ ᠶᠢ ᠪᠠᠭᠲᠠᠭᠠᠨ᠎ᠠ︶᠃ ᠣᠳᠣᠬᠠᠨ ᠳᠤ ᠶᠠᠭ 61 ᠬᠦᠷᠢᠶᠡᠯᠡᠩ ᠢ ᠢᠳᠡᠪᠬᠢᠲᠡᠢ ᠪᠠᠷ | ᠭᠤᠶᠤᠴᠢᠯᠠᠨ ᠮᠡᠳᠡᠭᠦᠯᠵᠦ ᠪᠠᠶᠢᠨ᠎ᠠ᠃ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ | ᠬᠦᠷᠢᠶᠡᠯᠡᠩ ᠤᠨ ᠠᠵᠢᠯ ᠨᠡᠯᠢᠶᠡᠳ ᠣᠷᠣᠢ ᠡᠬᠢᠯᠡᠭᠰᠡᠨ ᠪᠣᠯᠪᠠᠴᠤ ᠠᠬᠢᠴᠠ ᠲᠦᠷᠭᠡᠨ ᠪᠠᠶᠢᠵᠤ᠂ 2022 ᠣᠨ ᠳᠤ | ᠠᠩᠬ᠎ᠠ 4 ᠵᠥᠪᠰᠢᠶᠡᠷᠡᠭᠳᠡᠭᠰᠡᠨ ᠠᠴᠠ ᠤᠳᠤ ᠪᠣᠯᠲᠠᠯ᠎ᠠ 9 ᠪᠣᠯᠵᠤ᠂ ᠢᠯᠡᠳᠲᠡ ᠠᠮᠵᠢᠯᠲᠠ ᠣᠯᠵᠠᠢ᠃ ᠡᠨᠡ 9 | ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠨᠢ᠄ ᠥᠪᠥᠷ ᠮᠣᠩᠭᠤᠯ ᠤᠨ ᠦᠴᠦᠸᠠᠨ ᠰᠢᠶᠠᠨ ᠤ | ᠨᠣᠬᠠᠢ ᠶᠢᠨ ᠬᠤᠰᠢᠭᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ ᠮᠣᠩᠭᠤᠯ ᠤᠨ | ᠦᠴᠦᠸᠠᠨ ᠰᠢᠶᠠᠨ ᠤ ᠨᠣᠶᠢᠯ ᠪᠤᠭᠤᠳᠠᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ | ᠮᠣᠩᠭᠤᠯ ᠤᠨ ᠬᠤᠷᠢᠨᠭᠡᠷ ᠰᠢᠶᠠᠨ ᠤ ᠰᠠᠭᠠᠯᠢ ᠶᠢᠨ ᠢᠮᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ | ᠬᠦᠷᠢᠶᠡᠯᠡᠩ᠂ ᠥᠪᠥᠷ ᠮᠣᠩᠭᠤᠯ ᠤᠨ ᠲᠦᠮᠡᠳ ᠵᠡᠭᠦᠨ ᠬᠤᠰᠢᠭᠤᠨ ᠤ ᠰᠠᠭᠠᠯᠢ ᠶᠢᠨ ᠦᠨᠢᠶᠡᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ ᠮᠣᠩᠭᠤᠯ ᠤᠨ ᠲᠣᠭᠲᠠᠬᠤ ᠰᠢᠶᠠᠨ ᠤ ᠦᠵᠦᠮ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ ᠮᠣᠩᠭᠤᠯ ᠤᠨ ᠴᠢᠩ ᠱᠦᠢ ᠾᠧ ᠰᠢᠶᠠᠨ ᠤ | ᠪᠤᠭᠤᠳᠠᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ ᠮᠣᠩᠭᠤᠯ ᠤᠨ ᠦᠴᠦᠸᠠᠨ | ᠰᠢᠶᠠᠨ ᠤ ᠲᠥᠮᠥᠰᠥ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ᠂ ᠥᠪᠥᠷ ᠮᠣᠩᠭᠤᠯ ᠤᠨ | ᠲᠦᠮᠡᠳ ᠵᠡᠭᠦᠨ ᠬᠤᠰᠢᠭᠤᠨ ᠤ ᠡᠷᠳᠡᠨᠢ ᠰᠢᠰᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠪᠠ | ᠥᠪᠥᠷ ᠮᠣᠩᠭᠤᠯ ᠤᠨ ᠲᠣᠭᠲᠠᠬᠤ ᠰᠢᠶᠠᠨ ᠤ ᠲᠡᠵᠢᠭᠡᠯ ᠡᠪᠡᠰᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ | ᠬᠦᠷᠢᠶᠡᠯᠡᠩ ︵ᠲᠣᠰ ᠵᠢᠵᠢᠭ ᠬᠦᠷᠢᠶᠡᠯᠡᠩ ᠢ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠪᠠ ᠥᠪᠥᠷ | ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠬᠠᠮᠲᠤᠷᠠᠨ | ᠪᠠᠶᠢᠭᠤᠯᠵᠤ᠂ ᠬᠦᠷᠢᠶᠡᠯᠡᠩ ᠶᠡᠭᠡ ᠰᠤᠷᠭᠠᠭᠤᠯᠢ ᠬᠠᠮᠲᠤᠷᠠᠨ ᠪᠠᠶᠢᠭᠤᠯᠤᠭᠰᠠᠨ ᠰᠢᠨᠵᠢ ᠴᠢᠨᠠᠷ ᠲᠠᠢ︶ ᠵᠡᠷᠭᠡ ᠪᠣᠢ᠃ | ᠣᠳᠣᠬᠠᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠳᠤ ᠲᠡᠷᠢᠭᠦᠨ ᠲᠤᠰᠬᠠᠢ ᠮᠡᠷᠭᠡᠵᠢᠯᠲᠡᠨ 9 | ᠬᠥᠮᠥᠨ᠂ ᠪᠤᠰᠤᠳ ᠲᠤᠰᠬᠠᠢ ᠮᠡᠷᠭᠡᠵᠢᠯᠲᠡᠨ 47 ᠬᠥᠮᠥᠨ᠂ ᠠᠰᠫᠢᠷᠠᠨᠲ 43 ᠬᠥᠮᠥᠨ ᠪᠠᠶᠢᠨ᠎ᠠ᠃ | | | ᠠᠩᠬᠠᠨ ᠤ ᠲᠤᠷᠰᠢᠨ ᠪᠦᠲᠦᠭᠡᠨ ᠪᠠᠶᠢᠭᠤᠯᠬᠤ ᠠᠴᠠ ᠣᠳᠣ ᠦᠶ᠎ᠡ ᠶᠢᠨ ᠪᠦᠬᠦ ᠲᠠᠯ᠎ᠠ ᠪᠠᠷ ᠥᠷᠨᠢᠬᠦ | ᠬᠦᠷᠲᠡᠯ᠎ᠡ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠲᠡᠷᠢᠭᠦᠨ ᠤ | ᠲᠠᠷᠢᠶᠠᠯᠠᠩ ᠤᠨ ᠮᠡᠷᠭᠡᠵᠢᠯ ᠢ ᠤᠷᠤᠭᠤᠯᠬᠤ᠂ ᠰᠢᠯᠢᠳᠡᠭ ᠡᠭᠦᠯᠳᠡᠷ ᠢ ᠪᠣᠶᠢᠵᠢᠭᠤᠯᠬᠤ᠂ ᠥᠨᠳᠥᠷ ᠦᠷ᠎ᠡ ᠠᠰᠢᠭᠲᠤ | ᠲᠠᠷᠢᠵᠤ ᠲᠡᠵᠢᠭᠡᠨ ᠦᠷᠡᠵᠢᠭᠦᠯᠬᠦ ᠵᠠᠭᠪᠤᠷ ᠢ ᠳᠡᠯᠭᠡᠷᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠲᠤᠬᠠᠢ ᠶᠢᠨ ᠭᠠᠵᠠᠷ ᠤᠨ | ᠲᠠᠷᠢᠶᠠᠯᠠᠩ ᠤᠨ ᠦᠢᠯᠡᠳᠪᠦᠷᠢᠯᠡᠯ ᠤᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠶᠢᠨ ᠬᠠᠮᠲᠤ | ᠲᠠᠷᠢᠶᠠᠴᠢᠳ ᠤᠨ ᠮᠡᠷᠭᠡᠵᠢᠯ ᠤᠨ ᠪᠣᠯᠪᠠᠰᠤᠷᠠᠭᠤᠯᠤᠯ ᠢ ᠢᠳᠡᠪᠬᠢᠲᠡᠢ ᠴᠢᠩᠭᠠᠳᠬᠠᠵᠤ᠂ ᠲᠠᠷᠢᠶᠠᠴᠢᠳ ᠢ ᠬᠠᠪᠰᠤᠷᠤᠨ | ᠣᠳᠣ ᠦᠶ᠎ᠡ ᠶᠢᠨ ᠲᠠᠷᠢᠶᠠᠯᠠᠩ ᠤᠨ ᠮᠡᠷᠭᠡᠵᠢᠯ ᠢ ᠡᠵᠡᠮᠰᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ 2024 ᠣᠨ ᠳᠤ᠂ ᠥᠪᠥᠷ ᠮᠣᠩᠭᠤᠯ ᠤᠨ ᠦᠴᠦᠸᠠᠨ ᠰᠢᠶᠠᠨ ᠤ ᠨᠣᠶᠢᠯ | ᠪᠤᠭᠤᠳᠠᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠨᠢ ᠳᠤᠮᠳᠠᠳᠤ ᠤᠯᠤᠰ ᠤᠨ | ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠲᠤ ︽ᠬᠠᠮᠤᠭ ᠤᠨ ᠰᠠᠶᠢᠬᠠᠨ ᠰᠢᠨᠵᠢᠯᠡᠬᠦ ᠤᠬᠠᠭᠠᠨ ᠮᠡᠷᠭᠡᠵᠢᠯ ᠤᠨ | ᠵᠢᠵᠢᠭ ᠬᠦᠷᠢᠶᠡᠯᠡᠩ︾ ᠢᠶᠠᠷ ᠦᠨᠡᠯᠡᠭᠳᠡᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠮᠡᠷᠭᠡᠵᠢᠯ ᠤᠨ ᠨᠡᠶᠢᠭᠡᠮᠯᠢᠭ ᠲᠤ | ︽ᠰᠢᠨᠵᠢᠯᠡᠬᠦ ᠤᠬᠠᠭᠠᠨ ᠮᠡᠷᠭᠡᠵᠢᠯ ᠤᠨ ᠰᠢᠯᠢᠳᠡᠭ ᠵᠢᠵᠢᠭ ᠬᠦᠷᠢᠶᠡᠯᠡᠩ︾ ᠢᠶᠠᠷ ᠦᠨᠡᠯᠡᠭᠳᠡᠪᠡ᠃ | | | ᠣᠳᠣᠬᠠᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠨᠢ ᠨᠢᠭᠡᠨᠲᠡ ᠬᠥᠬᠡᠬᠤᠲᠠ ᠶᠢᠨ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠨᠢᠭᠡᠨ ᠰᠠᠶᠢᠬᠠᠨ ᠨᠡᠷ᠎ᠡ ᠶᠢᠨ ᠬᠠᠭᠤᠳᠠᠰᠤ | ᠪᠣᠯᠤᠭᠰᠠᠨ ᠪᠠᠶᠢᠨ᠎ᠠ᠃ 2024 ᠣᠨ ᠤ ᠡᠴᠦᠰ ᠪᠣᠯᠲᠠᠯ᠎ᠠ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠵᠢᠵᠢᠭ ᠬᠦᠷᠢᠶᠡᠯᠡᠩ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠨᠡᠶᠢᠲᠡ 23 ᠪᠠᠶᠢᠭᠤᠯᠵᠤ᠂ | ᠲᠤᠷᠰᠢᠯᠲᠠ ᠶᠢᠨ ᠲᠠᠯᠠᠪᠠᠶ 11155 ᠮᠦ᠂ ᠮᠡᠷᠭᠡᠵᠢᠯ ᠤᠨ ᠨᠥᠯᠥᠭᠡᠯᠡᠬᠦ ᠲᠠᠯᠠᠪᠠᠶ 131000 ᠮᠦ ᠪᠠᠶᠢᠵᠤ᠂ | ᠮᠡᠷᠭᠡᠵᠢᠯ ᠢᠶᠠᠷ ᠨᠥᠯᠥᠭᠡᠯᠡᠭᠰᠡᠨ ᠲᠠᠷᠢᠶᠠᠴᠢᠨ ᠡᠷᠦᠬᠡ ᠨᠡᠶᠢᠲᠡ 700 ᠭᠠᠷᠤᠢ ᠡᠷᠦᠬᠡ ᠪᠣᠯᠪᠠ᠃ ᠲᠠᠷᠢᠶᠠᠴᠢᠳ ᠢ | ᠵᠣᠬᠢᠶᠠᠨ ᠪᠠᠶᠢᠭᠤᠯᠤᠨ 55 ᠲᠠᠯᠠᠪᠤᠷ ᠤᠳᠠᠭ᠎ᠠ ᠪᠣᠯᠪᠠᠰᠤᠷᠠᠯ ᠬᠦᠷᠲᠡᠭᠡᠵᠦ᠂ 7960 ᠭᠠᠷᠤᠢ ᠬᠥᠮᠥᠨ ᠤᠳᠠᠭ᠎ᠠ | ᠪᠣᠯᠪᠠᠰᠤᠷᠠᠭᠤᠯᠤᠯ ᠳᠤ ᠣᠷᠣᠯᠴᠠᠭᠤᠯᠵᠤ᠂ ᠮᠡᠷᠭᠡᠵᠢᠯ ᠤᠨ ᠵᠢᠯᠣᠭᠤᠳᠤᠯᠭ᠎ᠠ ᠬᠢᠭᠡᠳ ᠲᠠᠷᠢᠶᠠᠴᠢᠨ ᠡᠷᠦᠬᠡ ᠶᠢᠨ | ᠦᠢᠯᠡᠴᠢᠯᠡᠭᠡ ᠶᠢ 3700 ᠭᠠᠷᠤᠢ ᠬᠥᠮᠥᠨ ᠤᠳᠠᠭ᠎ᠠ ᠥᠷᠨᠢᠭᠦᠯᠵᠦ᠂ ᠬᠤᠯᠪᠣᠭᠳᠠᠯ ᠪᠦᠬᠦᠢ ᠠᠵᠤ ᠠᠬᠤᠶᠢᠯᠠᠯ ᠳᠤ | 20 ᠭᠠᠷᠤᠢ ᠤᠳᠠᠭ᠎ᠠ ᠮᠡᠷᠭᠡᠵᠢᠯ ᠤᠨ ᠦᠢᠯᠡᠴᠢᠯᠡᠭᠡ ᠬᠠᠩᠭᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ | ᠬᠦᠷᠢᠶᠡᠯᠡᠩ ᠢᠶᠠᠷ ᠳᠠᠮᠵᠢᠭᠤᠯᠤᠨ 8 ᠵᠦᠢᠯ ᠤᠨ ᠲᠤᠰᠬᠠᠢ ᠠᠰᠢᠭ ᠢ ᠣᠯᠵᠤ᠂ 2 ᠵᠦᠢᠯ ᠤᠨ ᠮᠡᠷᠭᠡᠵᠢᠯ ᠤᠨ ᠳᠦᠷᠢᠮ | ᠲᠣᠭᠲᠠᠭᠠᠯ ᠢ ᠪᠦᠷᠢᠯᠳᠦᠭᠦᠯᠵᠦ᠂ 28 ᠵᠦᠢᠯ ᠤᠨ ᠰᠢᠨ᠎ᠡ ᠮᠡᠷᠭᠡᠵᠢᠯ ᠢ ᠳᠡᠯᠭᠡᠷᠡᠭᠦᠯᠵᠦ᠂ 106 ᠰᠢᠨ᠎ᠡ ᠡᠭᠦᠯᠳᠡᠷ ᠢ | ᠳᠡᠯᠭᠡᠷᠡᠭᠦᠯᠦᠨ᠂ ᠲᠠᠷᠢᠶᠠᠴᠢᠳ ᠤᠨ ᠣᠷᠣᠯᠭ᠎ᠠ ᠪᠠ ᠭᠠᠷᠤᠯᠲᠠ ᠪᠠᠨ ᠨᠡᠮᠡᠭᠳᠡᠭᠦᠯᠬᠦ ᠶᠢ ᠠᠬᠢᠭᠤᠯᠪᠠ᠃ ᠨᠡᠶᠢᠲᠡ 20 | ᠭᠠᠷᠤᠢ ᠣᠷᠣᠨ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠵᠦ᠂ 600 ᠭᠠᠷᠤᠢ ᠬᠥᠮᠥᠨ ᠳᠤ ᠠᠵᠢᠯ ᠣᠯᠭᠤᠵᠤ᠂ | 1000 ᠭᠠᠷᠤᠢ ᠬᠥᠮᠥᠨ ᠤᠳᠠᠭ᠎ᠠ ᠶᠢ ᠲᠣᠭᠤᠷᠢᠨ ᠰᠤᠷᠤᠯᠴᠠᠭᠤᠯᠵᠤ᠂ 3000 ᠭᠠᠷᠤᠢ ᠬᠥᠮᠥᠨ ᠤᠳᠠᠭ᠎ᠠ ᠶᠢ | ᠭᠥᠯᠢᠶᠡᠨ ᠠᠪᠴᠤ ᠵᠣᠴᠢᠯᠠᠪᠠ᠃ | |