| ᠮᠠᠨ ᠤ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ | ᠠᠳᠬᠤᠵᠤ᠂ ᠨᠡᠯᠢᠶᠡᠳ ᠶᠡᠭᠡ ᠠᠴᠠ ᠳᠡᠭᠡᠭᠰᠢ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠦᠭᠡᠢ | ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠪᠥᠬᠦ | ᠬᠤᠲᠠ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠨ᠂ ᠭᠤᠣᠯᠳᠠᠯᠭ᠎ᠠ ᠲᠠᠢ | ᠰᠢᠭᠤᠶᠢᠲᠤ ᠣᠷᠣᠨ᠂ ᠭᠠᠯ ᠤᠨ ᠠᠶᠤᠯ ᠶᠡᠬᠡᠲᠡᠢ ᠣᠷᠣᠨ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ | ᠣᠯᠠᠨ ᠭᠠᠷᠳᠠᠭ ᠣᠷᠣᠨ ᠳᠤ ᠠᠭᠤᠯᠠ ᠶᠢ ᠪᠢᠲᠡᠭᠦᠮᠵᠢᠯᠡᠨ ᠴᠠᠭᠠᠵᠠᠯᠠᠵᠤ ᠭᠠᠯ ᠢ ᠰᠡᠷᠭᠡᠶᠢᠯᠡᠬᠦ ᠪᠠᠷ ᠲᠣᠭᠲᠠᠪᠠ᠂ ᠡᠳᠦᠭᠡ | ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠢᠭᠳᠠᠶᠠ᠄ | | | ᠨᠢᠭᠡ᠂ ᠭᠠᠯ ᠰᠡᠷᠭᠡᠶᠢᠯᠡᠬᠦ ᠴᠠᠭᠠᠵᠠᠯᠠᠬᠤ ᠬᠤᠭᠤᠴᠠᠭ᠎ᠠ᠄ 2025 ᠣᠨ ᠤ 3 ᠳ᠋ᠤᠭᠠᠷ ᠰᠠᠷ᠎ᠠ ᠶᠢᠨ 20 ᠤ | ᠡᠳᠦᠷ ᠠᠴᠠ 2025 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ᠃ | | | ᠬᠤᠶᠠᠷ᠂ ᠭᠠᠯ ᠰᠡᠷᠭᠡᠶᠢᠯᠡᠬᠦ ᠴᠠᠭᠠᠵᠠᠯᠠᠬᠤ ᠣᠷᠣᠨ᠄ ᠳᠠᠯᠠᠨ ᠬᠠᠷ᠎ᠠ ᠠᠭᠤᠯᠠ ᠶᠢᠨ ᠬᠥᠬᠡᠬᠤᠲᠠ ᠶᠢᠨ ᠪᠦᠭᠦᠳᠡ | ᠬᠡᠰᠡᠭ᠂ ᠬᠤᠷᠢᠨᠭᠡᠷ ᠰᠢᠶᠠᠨ᠂ ᠴᠢᠩ ᠱᠦᠢ ᠾᠧ ᠰᠢᠶᠠᠨ ᠤ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠵᠢᠴᠢ ᠭᠤᠣᠯᠳᠠᠯᠭ᠎ᠠ ᠲᠠᠢ ᠰᠢᠭᠤᠶᠢᠲᠤ ᠣᠷᠣᠨ᠃ ᠪᠣᠳᠠᠲᠠᠢ ᠬᠡᠰᠡᠭ᠄ | ᠲᠦᠮᠡᠳ ᠵᠡᠭᠦᠨ ᠬᠤᠰᠢᠭᠤᠨ ᠤ ᠪᠠᠢ ᠱᠢ ᠲᠧᠦ ᠭᠧᠦ᠂ ᠢ ᠴᠢᠶᠠᠨ ᠱᠠᠩ ᠭᠧᠦ᠂ ᠸᠠᠨ ᠵᠢᠶᠠ ᠭᠧᠦ᠂ ᠯᠠᠮᠠ ᠶᠢᠨ | ᠠᠭᠤᠢ ᠶᠢᠨ ᠭᠤᠤ᠂ ᠵᠢᠷᠦᠬᠡᠨ ᠭᠤᠣᠯ᠂ ᠶᠢᠨ ᠯᠤᠸᠠᠨ ᠳ᠋ᠢᠶᠠᠨ︔ ᠬᠤᠲᠣᠩ ᠠᠷᠠᠳ ᠤᠨ ᠲᠣᠭᠤᠷᠢᠭ ᠤᠨ ᠡᠪᠯᠡᠯ ᠤᠨ | ᠬᠤᠷᠢᠶᠠᠨ ᠤ ᠠᠮᠢ ᠠᠬᠤᠢ ᠶᠢᠨ ᠬᠦᠷᠢᠶᠡᠯᠡᠩ᠂ ᠳ᠋ᠦᠩ ᠫᠧᠩ ᠽᠢ ᠶᠢᠨ ᠬᠤᠶᠢᠰᠢ ᠪᠠᠨ ᠰᠤᠨᠤᠭᠰᠠᠨ ᠬᠡᠰᠡᠭ᠂ ᠵᠢᠩ ᠡᠯ | ᠯᠢᠶᠠᠩ᠂ ᠰᠾᠢ ᠷᠧᠨ ᠭᠧᠦ︔ ᠰᠢᠨ᠎ᠡ ᠬᠤᠲᠠ ᠲᠣᠭᠤᠷᠢᠭ ᠤᠨ ᠮᠢᠶᠠᠨ ᠫᠦ᠋ ᠶᠣᠣ ᠭᠧᠦ᠂ ᠰᠢᠶᠣᠣ ᠵᠢᠩ ᠭᠧᠦ᠂ ᠬᠦᠢᠰᠦ | ᠲᠣᠰᠬᠤᠨ᠂ ᠫᠢ ᠴᠠᠢ ᠭᠧᠦ᠂ ᠭᠤᠷᠪᠠᠨ ᠪᠠᠶᠢᠰᠢᠩ ᠤᠨ ᠰᠢᠭᠤᠶᠢᠲᠤ ᠣᠷᠣᠨ᠂ ᠼᠦᠩ ᠷᠦᠩ ᠠᠭᠤᠯᠠᠨ ᠲᠣᠰᠬᠤᠨ︔ | ᠰᠠᠶᠢᠬᠠᠨ ᠲᠣᠭᠤᠷᠢᠭ ᠤᠨ ᠬᠤᠶᠢᠲᠤ ᠠᠭᠤᠯᠠ᠂ ᠣᠪᠣᠭ᠎ᠠ ᠠᠭᠤᠯᠠ︔ ᠬᠤᠷᠢᠨᠭᠡᠷ ᠰᠢᠶᠠᠨ ᠤ ᠨᠠᠨ ᠲᠢᠶᠠᠨ ᠮᠧᠨ ᠤᠢ | ᠰᠢᠭᠤᠢ ᠶᠢᠨ ᠲᠠᠯᠠᠪᠠᠢ᠂ ᠱᠠ ᠪᠠ ᠳᠥᠷᠪᠡᠳᠦᠭᠡᠷ᠂ ᠸᠧ ᠨᠢᠦ ᠱᠠᠨ ᠠᠭᠤᠯᠠ︔ ᠴᠢᠩ ᠱᠦᠢ ᠾᠧ ᠰᠢᠶᠠᠨ ᠤ ᠶᠢᠩ | ᠽᠦᠢ ᠱᠠᠨ᠂ ᠶᠣᠣ ᠯᠢᠨ ᠭᠧᠦ᠂ ᠪᠠᠩ ᠡᠯ ᠱᠠᠨ᠂ ᠯᠦ ᠼᠤᠤ ᠱᠠᠨ ᠠᠭᠤᠯᠠ᠂ ᠯᠦ ᠼᠤᠤ ᠭᠧᠦ᠂ ᠳ᠋ᠠ ᠱᠤ᠋ ᠭᠧᠦ᠂ ᠰᠦᠩ | ᠱᠤ᠋ ᠭᠧᠦ︔ ᠦᠴᠦᠸᠠᠨ ᠰᠢᠶᠠᠨ ᠤ ᠦ᠋ ᠳ᠋ᠣᠣ ᠭᠧᠦ᠂ ᠯᠢ ᠴᠢ ᠭᠧᠦ᠂ ᠳ᠋ᠧ ᠱᠧᠩ ᠭᠧᠦ᠂ ᠳ᠋ᠠ ᠯᠢᠶᠠᠩ ᠰᠢᠭᠤᠶᠢᠲᠤ | ᠣᠷᠣᠨ᠂ ᠵᠢᠩ ᠡᠯ ᠭᠧᠦ ᠵᠡᠷᠭᠡ ᠭᠤᠣᠯᠳᠠᠯᠭ᠎ᠠ ᠲᠠᠢ ᠭᠠᠯ ᠰᠡᠷᠭᠡᠶᠢᠯᠡᠬᠦ ᠬᠡᠰᠡᠭ ᠪᠠᠭᠲᠠᠨ᠎ᠠ᠃ | | | ᠭᠤᠷᠪᠠ᠂ ᠭᠠᠯ ᠰᠡᠷᠭᠡᠶᠢᠯᠡᠬᠦ ᠴᠠᠭᠠᠵᠠᠯᠠᠬᠤ ᠠᠷᠭ᠎ᠠ ᠬᠡᠮᠵᠢᠶ᠎ᠡ᠄ ᠭᠠᠯ ᠰᠡᠷᠭᠡᠶᠢᠯᠡᠬᠦ ᠴᠠᠭᠠᠵᠠᠯᠠᠬᠤ | ᠬᠤᠭᠤᠴᠠᠭᠠᠨ ᠳᠤ᠂ ᠭᠠᠯ ᠰᠡᠷᠭᠡᠶᠢᠯᠡᠬᠦ ᠴᠠᠭᠠᠵᠠᠯᠠᠬᠤ ᠣᠷᠣᠨ ᠳᠤ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ | ᠴᠠᠭᠠᠵᠠᠯᠠᠨ᠎ᠠ᠃ ᠭᠠᠯ ᠤᠨ ᠠᠶᠤᠯ ᠡᠭᠦᠰᠬᠡᠵᠦ ᠮᠡᠳᠡᠬᠦ ᠲᠡᠷᠭᠡ ᠬᠥᠰᠬᠡ᠂ ᠮᠠᠰᠢᠨ ᠵᠢᠴᠢ ᠬᠥᠮᠥᠰ ᠲᠤ ᠴᠢᠬᠤᠯᠠ ᠪᠦᠬᠦᠢ | ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ | ︵ᠨᠢᠭᠡ︶ ᠢᠯᠡ ᠭᠠᠯ ᠢᠶᠠᠷ ᠳᠠᠬᠢᠯᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃ | ︵ᠬᠤᠶᠠᠷ︶ ᠴᠠᠭᠠᠵᠠᠯᠠᠬᠤ ᠣᠷᠣᠨ ᠤ ᠳᠣᠲᠣᠷᠠᠬᠢ ᠦᠢᠯᠡᠳᠪᠦᠷᠢᠯᠡᠯ᠂ ᠠᠮᠢᠳᠤᠷᠠᠯ ᠳᠤ ᠡᠷᠬᠡᠪᠰᠢ ᠭᠠᠯ ᠬᠡᠷᠡᠭᠯᠡᠬᠦ | ᠬᠡᠷᠡᠭᠲᠡᠢ ᠨᠢᠭᠡᠴᠢ ᠪᠠ ᠰᠠᠭᠤᠭᠠᠯᠢ ᠠᠷᠠᠳ ᠲᠤ ᠲᠤᠰ ᠴᠠᠭᠠᠵᠠᠯᠠᠬᠤ ᠵᠠᠷᠯᠢᠭ ᠤᠨ ᠲᠣᠭᠲᠠᠭᠠᠯ ᠢ ᠴᠢᠩᠭ᠎ᠠ | ᠬᠡᠷᠡᠭᠵᠢᠭᠦᠯᠦᠨ᠎ᠡ᠃ ᠭᠤᠷᠪᠠᠳᠤᠭᠠᠷ ᠳᠡᠰ ᠠᠴᠠ ᠳᠡᠭᠡᠭᠰᠢᠬᠢ ᠰᠠᠯᠬᠢᠨ ᠲᠠᠢ ᠴᠠᠭ ᠠᠭᠤᠷ᠂ ᠣᠶ ᠶᠢᠨ ᠵᠠᠬ᠎ᠠ ᠠᠴᠠ 500 | ᠮᠧᠲᠷ ᠤᠨ ᠬᠡᠪᠴᠢᠶᠡᠨ ᠳᠣᠲᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠡᠳᠦᠷ | ᠲᠤᠳᠦᠮ ᠤᠨ ᠭᠠᠯ ᠬᠡᠷᠡᠭᠯᠡᠬᠦ ᠳᠤ ᠡᠷᠬᠡᠪᠰᠢ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ᠂ ᠦᠨᠡᠰᠦ ᠬᠢᠬᠦ ᠨᠦᠬᠡ | ᠵᠡᠷᠭᠡ ᠶᠢ ᠭᠠᠷᠭᠠᠬᠤ ᠬᠡᠷᠡᠭᠲᠡᠢ᠂ ᠭᠠᠯ ᠤᠨ ᠴᠤᠭ ᠲᠠᠢ ᠦᠯᠡᠳᠡᠭᠰᠡᠨ ᠰᠢᠲᠠᠭᠠᠭᠴᠢ ᠪᠣᠳᠠᠰ ᠢ ᠭᠠᠯ ᠰᠡᠷᠭᠡᠶᠢᠯᠡᠬᠦ | ᠲᠤᠰᠠᠭᠠᠷᠯᠠᠬᠤ ᠣᠷᠣᠨ ᠤ ᠭᠠᠳᠠᠨ᠎ᠠ ᠠᠰᠬᠠᠬᠤ ᠶᠢ ᠴᠢᠩᠭ᠎ᠠ ᠴᠠᠭᠠᠵᠠᠯᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ | ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠤᠭᠤᠳᠬᠤ ᠭᠠᠵᠠᠷ ᠠᠴᠠ ᠡᠯ᠎ᠡ ᠦᠢᠯᠡᠳᠪᠦᠷᠢᠯᠡᠬᠦ᠂ ᠠᠵᠢᠯᠯᠠᠬᠤ | ᠨᠢᠭᠡᠴᠢ ᠶᠢᠨ ᠠᠵᠢᠯᠯᠠᠭᠠᠨ ᠤ ᠣᠷᠣᠨ ᠪᠦᠰᠡ ᠶᠢ ᠲᠣᠭᠲᠠᠭᠠᠵᠤ᠂ ᠪᠣᠶ ᠪᠦᠬᠦᠢ ᠨᠢᠭᠡᠴᠢ ᠡᠷᠬᠡᠪᠰᠢ ᠬᠤᠰᠢᠭᠤ ᠰᠢᠶᠠᠨ | ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠤᠭᠤᠳᠬᠤ ᠭᠠᠵᠠᠷ ᠤᠨ ᠵᠠᠭᠠᠭᠯᠠᠨ ᠲᠣᠭᠲᠠᠭᠠᠭᠰᠠᠨ | ᠣᠷᠣᠨ ᠪᠦᠰᠡ ᠶᠢᠨ ᠳᠣᠲᠣᠷ᠎ᠠ ᠦᠢᠯᠡᠳᠪᠦᠷᠢᠯᠡᠯ ᠤᠨ ᠠᠵᠢᠯᠯᠠᠭ᠎ᠠ ᠬᠢᠬᠦ ᠬᠡᠷᠡᠭᠲᠡᠢ᠃ | ︵ᠭᠤᠷᠪᠠ︶ ᠴᠠᠭᠠᠵᠠᠯᠠᠬᠤ ᠣᠷᠣᠨ ᠤ ᠳᠣᠲᠣᠷᠠᠬᠢ ᠡᠯ᠎ᠡ ᠦᠢᠯᠡᠳᠪᠦᠷᠢᠯᠡᠯ ᠤᠨ ᠠᠵᠢᠯᠯᠠᠭ᠎ᠠ ᠶᠢᠨ ᠭᠠᠵᠠᠷ᠂ | ᠵᠢᠭᠤᠯᠴᠢᠯᠠᠯ ᠤᠨ ᠢᠳᠡᠭᠡᠨ ᠤᠮᠳᠠᠭᠠᠨ ᠤ ᠭᠠᠵᠠᠷ ᠡᠷᠬᠡᠪᠰᠢ ᠲᠤᠰᠬᠠᠢ ᠲᠤᠰᠢᠶᠠᠯᠲᠤ ᠤᠢ ᠰᠢᠭᠤᠢ ᠶᠢᠨ ᠬᠠᠮᠠᠭᠠᠯᠠᠭᠴᠢ | ᠪᠣᠯᠣᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠬᠤ ᠬᠡᠷᠡᠭᠲᠡᠢ᠂ ᠪᠣᠳᠠᠲᠠᠢ ᠲᠤᠭ᠎ᠠ ᠬᠡᠮᠵᠢᠶ᠎ᠡ ᠨᠢ᠄ ᠨᠤᠲᠤᠭ | ᠪᠡᠯᠴᠢᠭᠡᠷ ᠤᠨ ᠰᠢᠭᠤᠶᠢᠲᠤ ᠣᠷᠣᠨ ᠢ ᠡᠵᠡᠯᠡᠭᠰᠡᠨ ᠡᠵᠡᠩᠨᠡᠯᠲᠡ ᠶᠢᠨ ᠲᠠᠯᠠᠪᠠᠢ ᠨᠢ 3000 ᠾᠧᠺᠲ᠋ᠠᠷ ᠠᠴᠠ | ᠳᠡᠭᠡᠭᠰᠢᠬᠢ ᠠᠵᠤ ᠠᠬᠤᠶᠢᠯᠠᠯ 30 ᠠᠴᠠ ᠳᠡᠭᠡᠭᠰᠢ ᠲᠤᠰᠬᠠᠢ ᠲᠤᠰᠢᠶᠠᠯᠲᠤ ᠤᠢ ᠰᠢᠭᠤᠢ ᠶᠢᠨ ᠬᠠᠮᠠᠭᠠᠯᠠᠭᠴᠢ᠂ 50 | ᠠᠴᠠ ᠳᠡᠭᠡᠭᠰᠢ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠡᠩᠨᠡᠭᠡ ᠶᠢ ᠲᠣᠬᠢᠷᠠᠭᠤᠯᠵᠤ᠂ 20 ᠠᠴᠠ | ᠳᠡᠭᠡᠭᠰᠢ ᠰᠠᠯᠬᠢᠨ ᠬᠦᠴᠦᠨ ᠤ ᠭᠠᠯ ᠤᠨᠲᠠᠷᠠᠭᠠᠬᠤ ᠮᠠᠰᠢᠨ᠂ 30 ᠬᠤᠶᠠᠳᠤᠭᠠᠷ ᠨᠣᠮᠧᠷᠲᠤ ᠪᠠᠭᠠᠵᠢ ᠬᠡᠷᠡᠭᠰᠡᠯ ᠢ | ᠲᠣᠬᠢᠷᠠᠭᠤᠯᠬᠤ ᠬᠡᠷᠡᠭᠲᠡᠢ︔ ᠨᠤᠲᠤᠭ ᠪᠡᠯᠴᠢᠭᠡᠷ ᠤᠨ ᠰᠢᠭᠤᠶᠢᠲᠤ ᠣᠷᠣᠨ ᠢ ᠡᠵᠡᠯᠡᠭᠰᠡᠨ ᠡᠵᠡᠩᠨᠡᠯᠲᠡ ᠶᠢᠨ ᠲᠠᠯᠠᠪᠠᠶ | ᠨᠢ 3000 ᠾᠧᠺᠲ᠋ᠠᠷ ᠠᠴᠠ ᠳᠣᠷᠣᠭᠰᠢ ᠪᠠᠶᠢᠪᠠᠯ᠂ 20 ᠬᠥᠮᠥᠨ ᠠᠴᠠ ᠳᠡᠭᠡᠭᠰᠢ ᠲᠤᠰᠬᠠᠢ ᠲᠤᠰᠢᠶᠠᠯᠲᠤ ᠣᠶ | ᠰᠢᠭᠤᠢ ᠶᠢᠨ ᠬᠠᠮᠠᠭᠠᠯᠠᠭᠴᠢ᠂ 30 ᠠᠴᠠ ᠳᠡᠭᠡᠭᠰᠢ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ ᠡᠩᠨᠡᠭᠡ ᠶᠢ | ᠲᠣᠬᠢᠷᠠᠭᠤᠯᠵᠤ᠂ 10 ᠰᠠᠯᠬᠢᠨ ᠤ ᠬᠦᠴᠦᠨ ᠤ ᠭᠠᠯ ᠤᠨᠲᠠᠷᠠᠭᠠᠬᠤ ᠮᠠᠰᠢᠨ᠂ 20 ᠬᠤᠶᠠᠳᠤᠭᠠᠷ ᠨᠣᠮᠧᠷᠲᠤ ᠪᠠᠭᠠᠵᠢ | ᠬᠡᠷᠡᠭᠰᠡᠯ ᠢ ᠲᠣᠬᠢᠷᠠᠭᠤᠯᠬᠤ ᠬᠡᠷᠡᠭᠲᠡᠢ᠃ ᠭᠠᠯ ᠰᠡᠷᠭᠡᠶᠢᠯᠡᠬᠦ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ | ᠪᠦᠬᠦᠨ ᠢ ᠴᠥᠮ ᠴᠡᠭᠴᠡᠯᠡᠨ ᠰᠠᠶᠢᠵᠢᠷᠠᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠭᠠᠯ ᠰᠡᠷᠭᠡᠶᠢᠯᠡᠵᠦ ᠭᠠᠯ | ᠤᠨᠲᠠᠷᠠᠭᠠᠬᠤ ᠵᠢᠯᠤᠭᠤᠳᠬᠤ ᠭᠠᠵᠠᠷ ᠲᠤᠰ ᠭᠠᠵᠠᠷ ᠣᠷᠣᠨ ᠤ ᠪᠣᠳᠠᠲᠠᠢ ᠪᠠᠶᠢᠳᠠᠯ ᠢ ᠦᠨᠳᠦᠰᠦᠯᠡᠨ ᠬᠠᠷᠠᠭᠠᠯᠵᠠᠭᠰᠠᠨ | ᠠᠷᠭ᠎ᠠ ᠬᠡᠮᠵᠢᠶ᠎ᠡ ᠲᠣᠭᠲᠠᠭᠠᠨ ᠬᠡᠷᠡᠭᠵᠢᠭᠦᠯᠵᠦ ᠪᠣᠯᠣᠨ᠎ᠠ᠃ | ︵ᠳᠥᠷᠪᠡ︶ ᠭᠠᠯ ᠰᠡᠷᠭᠡᠶᠢᠯᠡᠬᠦ ᠴᠠᠭᠠᠵᠠᠯᠠᠬᠤ ᠬᠤᠭᠤᠴᠠᠭᠠᠨ ᠳᠤ᠂ ᠦᠨᠡᠨ ᠰᠤᠮᠤ ᠶᠢᠨ ᠰᠣᠷᠢᠯᠲᠠ ᠬᠢᠬᠦ᠂ | ᠳᠡᠯᠪᠡᠴᠢᠬᠦ ᠵᠡᠷᠭᠡ ᠠᠵᠢᠯᠯᠠᠭ᠎ᠠ ᠬᠢᠬᠦ ᠴᠢᠬᠤᠯᠠ ᠲᠠᠢ ᠪᠣᠯ ᠡᠷᠬᠡᠪᠰᠢ ᠥᠪᠡᠷᠲᠡᠭᠡᠨ ᠵᠠᠰᠠᠬᠤ ᠣᠷᠣᠨ ᠤ ᠤᠢ ᠰᠢᠭᠤᠢ | ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ | ᠲᠤᠬᠠᠢ ᠶᠢᠨ ᠭᠠᠵᠠᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠤᠭᠤᠳᠬᠤ ᠭᠠᠵᠠᠷ ᠲᠠᠢ ᠬᠠᠮᠵᠢᠯᠴᠠᠨ ᠴᠢᠬᠤᠯᠠ | ᠪᠦᠬᠦᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠷᠭ᠎ᠠ ᠬᠡᠮᠵᠢᠶ᠎ᠡ ᠠᠪᠴᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ | ᠪᠡᠯᠡᠳᠬᠡᠯ ᠠᠵᠢᠯ ᠢ ᠰᠠᠶᠢᠲᠤᠷ ᠬᠢᠭᠰᠡᠨ ᠤ ᠲᠠᠷᠠᠭ᠎ᠠ ᠰᠠᠶ᠋ᠢ ᠬᠡᠷᠡᠭᠵᠢᠭᠦᠯᠵᠦ ᠪᠣᠯᠣᠨ᠎ᠠ᠃ | ︵ᠲᠠᠪᠤ︶ ᠡᠯ᠎ᠡ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠠᠴᠠ ᠴᠠᠭᠠᠵᠠᠯᠠᠬᠤ ᠣᠷᠣᠨ ᠢᠶᠠᠷ ᠥᠩᠭᠡᠷᠡᠬᠦ | ᠲᠡᠷᠭᠡ ᠬᠥᠰᠬᠡ᠂ ᠮᠠᠰᠢᠨ ᠮᠧᠬᠠᠨᠢᠭ ᠲᠤ ᠭᠠᠯ ᠰᠡᠷᠭᠡᠶᠢᠯᠡᠬᠦ ᠠᠶᠤᠯᠭᠦᠢ ᠶᠢᠨ ᠪᠠᠶᠢᠴᠠᠭᠠᠯᠲᠠ ᠬᠢᠬᠦ ᠵᠡᠷᠭᠡ ᠴᠢᠬᠤᠯᠠ | ᠪᠦᠬᠦᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠨᠠᠭᠠᠰᠢ ᠴᠠᠭᠠᠰᠢ ᠵᠣᠷᠴᠢᠬᠤ | ᠠᠶᠠᠨᠴᠢᠳ ᠤᠨ ᠮᠠᠰᠢᠨ ᠲᠡᠷᠭᠡ᠂ ᠵᠢᠯᠣᠭᠤᠴᠢ ᠦᠢᠯᠡᠴᠢᠯᠡᠭᠴᠢ ᠳᠤ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ | ᠬᠥᠮᠦᠵᠢᠯ ᠤᠨ ᠠᠵᠢᠯ ᠢ ᠰᠠᠶᠢᠲᠤᠷ ᠬᠢᠵᠦ᠂ ᠭᠠᠯ ᠲᠠᠢ ᠲᠠᠮᠠᠬᠢ ᠬᠠᠶᠠᠬᠤ ᠵᠡᠷᠭᠡ ᠣᠶ ᠰᠢᠭᠤᠢ ᠨᠤᠲᠤᠭ ᠪᠡᠯᠴᠢᠭᠡᠷ ᠤᠨ | ᠭᠠᠯ ᠤᠨ ᠭᠠᠮᠰᠢᠭ ᠢ ᠡᠭᠦᠰᠬᠡᠵᠦ ᠮᠡᠳᠡᠬᠦ ᠭᠠᠯ ᠤᠨ ᠴᠤᠭ ᠢ ᠭᠠᠳᠠᠭᠰᠢ ᠬᠠᠶᠠᠬᠤ ᠶᠢ ᠴᠢᠩᠭ᠎ᠠ ᠴᠠᠭᠠᠵᠠᠯᠠᠵᠤ᠂ | ᠵᠢᠯᠣᠭᠤᠴᠢ ᠪᠠ ᠲᠡᠷᠭᠡ ᠳᠠᠭᠠᠭᠰᠠᠨ ᠬᠠᠮᠢᠶᠠᠷᠤᠯᠲᠠ ᠶᠢᠨ ᠠᠵᠢᠯᠲᠠᠨ ᠪᠣᠯ ᠭᠠᠯ ᠰᠡᠷᠭᠡᠶᠢᠯᠡᠬᠦ ᠬᠠᠷᠢᠭᠤᠴᠠᠯᠭᠠᠲᠠᠨ | ᠪᠣᠯᠣᠨ᠎ᠠ᠃ | ︵ᠵᠢᠷᠭᠤᠭ᠎ᠠ︶ ᠶᠠᠮᠠᠷᠪᠠ ᠨᠢᠭᠡᠴᠢ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ | ᠪᠠᠶᠢᠳᠠᠯ ᠢ ᠣᠯᠵᠤ ᠮᠡᠳᠡᠪᠡᠯ᠂ ᠲᠤᠬᠠᠢ ᠶᠢᠨ ᠭᠠᠵᠠᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ | ᠵᠢᠯᠤᠭᠤᠳᠬᠤ ᠭᠠᠵᠠᠷ ᠪᠤᠶᠤ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠵᠢᠯᠤᠭᠤᠳᠬᠤ | ᠭᠠᠵᠠᠷ ᠤᠨ ᠠᠯᠪᠠᠨ ᠭᠡᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠶᠠᠮᠠᠷᠪᠠ ᠨᠢᠭᠡᠴᠢ ᠪᠣᠯᠣᠨ ᠬᠤᠪᠢ ᠬᠥᠮᠥᠨ | ᠪᠦᠬᠦᠨ ᠴᠥᠮ ᠲᠦᠭᠰᠢᠭᠦᠷᠢ ᠶᠢ ᠮᠡᠳᠡᠭᠦᠯᠬᠦ ᠳᠤ ᠨᠥᠬᠦᠴᠡᠯ ᠦᠭᠡᠢ ᠪᠠᠷ ᠲᠥᠬᠦᠮ ᠦᠵᠡᠭᠦᠯᠵᠦ᠂ ᠣᠶ ᠰᠢᠭᠤᠢ | ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ ᠶᠢ ᠴᠠᠭᠠᠵᠠᠯᠠᠨ᠎ᠠ᠃ | ᠭᠠᠯ ᠲᠦᠢᠮᠡᠷ ᠤᠨ ᠬᠡᠷᠡᠭ ᠮᠡᠳᠡᠭᠦᠯᠬᠦ ᠤᠲᠠᠰᠤ᠄ 12119᠃ | ︵ᠲᠤᠯᠤᠭ᠎ᠠ︶ ᠴᠠᠭᠠᠵᠠᠯᠠᠬᠤ ᠬᠤᠭᠤᠴᠠᠭᠠᠨ ᠳᠤ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ | ᠣᠷᠳᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ︽ᠠᠭᠤᠯᠠ ᠶᠢ ᠴᠡᠪᠡᠷᠯᠡᠵᠦ ᠭᠤᠤ ᠶᠢ | ᠴᠡᠪᠡᠷᠯᠡᠬᠦ︾ ᠠᠵᠢᠯᠯᠠᠭ᠎ᠠ ᠥᠷᠨᠢᠭᠦᠯᠵᠦ᠂ ᠭᠠᠯ ᠤᠨ ᠠᠶᠤᠯ ᠤᠨ ᠠᠯᠢᠪᠠ ᠲᠠᠯᠳᠠ ᠭᠡᠮ ᠢ ᠴᠢᠷᠮᠠᠶᠢᠨ ᠠᠷᠢᠯᠭᠠᠬᠤ | ᠬᠡᠷᠡᠭᠲᠡᠢ᠃ | ︵ᠨᠠᠢᠮᠠ︶ ᠭᠠᠯ ᠤᠨ ᠠᠶᠤᠯ ᠭᠠᠷᠪᠠᠯ᠂ ᠬᠡᠨ ᠤᠷᠢᠳᠠᠪᠠᠷ ᠣᠯᠵᠤ ᠮᠡᠳᠡᠪᠡᠯ ᠬᠡᠨ ᠤᠷᠢᠳᠠᠪᠠᠷ ᠮᠡᠳᠡᠭᠦᠯᠬᠦ᠂ ᠬᠡᠨ | ᠤᠷᠢᠳᠠᠪᠠᠷ ᠤᠨᠲᠠᠷᠠᠭᠠᠵᠤ ᠠᠪᠤᠷᠠᠨ ᠲᠤᠰᠠᠯᠠᠬᠤ ᠵᠠᠷᠴᠢᠮ ᠢ ᠬᠡᠷᠡᠭᠵᠢᠭᠦᠯᠦᠨ᠎ᠡ᠂ ᠵᠠᠰᠠᠭ ᠵᠠᠬᠢᠷᠭᠠᠨ ᠤ ᠣᠷᠣᠨ ᠪᠤᠶᠤ | ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠵᠠᠭᠠᠭ ᠬᠢᠵᠠᠭᠠᠷ ᠲᠤ ᠬᠢᠵᠠᠭᠠᠷᠯᠠᠭᠳᠠᠬᠤ ᠦᠭᠡᠢ᠃ | ︵ᠶᠢᠰᠦ︶ ᠪᠤᠰᠤᠳ ᠭᠤᠣᠯᠳᠠᠯᠭ᠎ᠠ ᠲᠠᠢ ᠬᠡᠰᠡᠭ᠂ ᠰᠢᠭᠤᠶᠢᠲᠤ ᠣᠷᠣᠨ᠂ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠴᠠᠭᠠᠵᠠᠯᠠᠵᠤ ᠵᠠᠬᠢᠷᠤᠨ ᠬᠠᠮᠢᠶᠠᠷᠬᠤ ᠶᠢ ᠬᠡᠷᠡᠭᠵᠢᠭᠦᠯᠬᠦ ᠪᠤᠶᠤ ᠴᠠᠭᠠᠵᠠᠯᠠᠬᠤ | ᠬᠤᠭᠤᠴᠠᠭ᠎ᠠ ᠶᠢ ᠤᠷᠲᠤᠳᠬᠠᠬᠤ ᠴᠢᠬᠤᠯᠠ ᠲᠠᠢ ᠪᠣᠯ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ | ᠣᠷᠳᠣᠨ ᠠᠴᠠ ᠠᠰ ᠲᠤᠨᠢ ᠴᠠᠭᠠᠵᠠᠯᠠᠬᠤ ᠵᠠᠷᠯᠢᠭ ᠢ ᠨᠡᠶᠢᠲᠡᠯᠡᠨ᠎ᠡ᠃ | | | | | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2025 ᠣᠨ ᠤ 2 ᠳ᠋ᠤᠭᠠᠷ ᠰᠠᠷ᠎ᠠ ᠶᠢᠨ 27 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |