| ᠤᠯᠤᠰ ᠤᠨ ᠭᠠᠶᠢᠯᠢ ᠶᠢᠨ ᠶᠠᠪᠤᠳᠠᠯ ᠤᠨ ᠲᠥᠷᠥ ᠶᠢᠨ ᠪᠣᠳᠣᠯᠭ᠎ᠠ ᠶᠢ ᠦᠨᠳᠦᠰᠦᠯᠡᠪᠡᠯ᠂ ᠭᠡᠷ ᠪᠠᠶᠢᠰᠢᠩ | ᠬᠤᠳᠠᠯᠳᠤᠨ ᠠᠪᠤᠭᠴᠢ ᠨᠢ ᠬᠡᠷᠪᠡ ᠵᠢᠭᠡᠯᠡᠯᠭᠡ ᠪᠠᠷ ᠠᠩᠬᠠᠨ ᠤ ᠣᠷᠣᠨ ᠰᠠᠭᠤᠴᠠ ᠶᠢ ᠬᠤᠳᠠᠯᠳᠤᠨ ᠠᠪᠤᠭᠰᠠᠨ | ᠪᠠᠶᠢᠪᠠᠯ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠠᠴᠠ ᠰᠠᠭᠤᠯᠭᠠᠨ ᠠᠪᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠣᠨ᠎ᠠ᠂ ᠡᠭᠦᠨ ᠳᠤ ᠰᠠᠷ᠎ᠠ ᠪᠦᠷᠢ 1000 ᠲᠥᠭᠦᠷᠢᠭ ᠤᠨ ᠪᠠᠷᠢᠮᠵᠢᠶ᠎ᠠ ᠪᠠᠷ | ᠰᠠᠭᠤᠯᠭᠠᠨ ᠠᠪᠴᠤ ᠪᠣᠯᠣᠨ᠎ᠠ᠂ ᠰᠠᠭᠤᠯᠭᠠᠨ ᠠᠪᠬᠤ ᠬᠤᠭᠤᠴᠠᠭ᠎ᠠ ᠶᠢ ᠬᠠᠮᠤᠭ ᠣᠷᠳᠣ ᠳᠠᠭᠠᠨ 240 ᠰᠠᠷ᠎ᠠ ᠠᠴᠠ | ᠬᠡᠲᠦᠷᠡᠭᠦᠯᠵᠦ ᠪᠣᠯᠬᠤ ᠦᠭᠡᠢ᠃ ᠵᠠᠷᠢᠮ ᠭᠡᠷ ᠪᠠᠶᠢᠰᠢᠩ ᠬᠤᠳᠠᠯᠳᠤᠨ ᠠᠪᠤᠭᠴᠢ ᠶᠢᠨ ᠲᠤᠰᠬᠠᠭᠰᠠᠨ ᠢᠶᠠᠷ᠂ ᠬᠤᠪᠢ | ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ APP ᠳᠤ ᠵᠢᠭᠡᠯᠡᠯᠭᠡ ᠶᠢᠨ ᠭᠡᠷ᠎ᠡ ᠶᠢᠨ ᠳ᠋ᠤᠭᠠᠷᠯᠠᠯ ᠨᠢ | ᠪᠤᠷᠤᠭᠤᠳᠠᠵᠠᠢ ᠭᠡᠨ᠎ᠡ᠂ ᠡᠭᠦᠨ ᠢ ᠬᠡᠷᠬᠢᠨ ᠰᠢᠢᠳᠪᠦᠷᠢᠯᠡᠬᠦ ᠪᠣᠶ︖ ᠪᠡᠭᠡᠵᠢᠩ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠢᠯᠡᠷᠬᠡᠶᠢᠯᠡᠭᠰᠡᠨ ᠨᠢ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠪᠡᠯ᠂ ᠭᠠᠶᠢᠯᠢ | ᠲᠤᠰᠢᠶᠠᠭᠴᠢ ᠲᠣᠰ ᠬᠥᠮᠥᠨ ᠪᠤᠶᠤ ᠬᠤᠯᠪᠣᠰᠤ ᠨᠢ ᠭᠠᠭᠴᠠᠭᠠᠷ ᠪᠤᠶᠤ ᠬᠠᠮᠲᠤ ᠪᠠᠷ ᠬᠤᠳᠠᠯᠳᠤᠭᠠᠨ ᠤ ᠪᠠᠩᠬᠢ ᠪᠤᠶᠤ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ | ᠰᠠᠭᠤᠴᠠ ᠶᠢᠨ ᠵᠢᠭᠡᠯᠡᠯᠭᠡ ᠶᠢ ᠬᠡᠷᠡᠭᠯᠡᠨ ᠳᠤᠮᠳᠠᠳᠤ ᠤᠯᠤᠰ ᠤᠨ ᠬᠢᠯᠢ ᠶᠢᠨ ᠳᠣᠲᠣᠷᠠᠬᠢ ᠣᠷᠣᠨ ᠰᠠᠭᠤᠴᠠ ᠶᠢ | ᠬᠤᠳᠠᠯᠳᠤᠨ ᠠᠪᠬᠤ ᠳᠤ ᠡᠭᠦᠰᠦᠭᠰᠡᠨ ᠠᠩᠬᠠᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ | ᠵᠠᠷᠤᠯᠭ᠎ᠠ ᠶᠢ ᠪᠣᠳᠠᠲᠠᠢ ᠡᠭᠦᠰᠦᠭᠰᠡᠨ ᠵᠢᠭᠡᠯᠡᠯᠭᠡ ᠶᠢᠨ ᠬᠦᠦ ᠮᠥᠩᠭᠦ ᠶᠢᠨ ᠵᠢᠯ ᠳᠤ ᠰᠠᠷ᠎ᠠ ᠪᠦᠷᠢ 1000 | ᠲᠥᠭᠦᠷᠢᠭ ᠤᠨ ᠪᠠᠷᠢᠮᠵᠢᠶ᠎ᠠ ᠨᠣᠷᠮ᠎ᠠ ᠪᠠᠷ ᠰᠠᠭᠤᠯᠭᠠᠨ ᠠᠪᠤᠨ᠎ᠠ᠂ ᠰᠠᠭᠤᠯᠭᠠᠨ ᠠᠪᠬᠤ ᠬᠤᠭᠤᠴᠠᠭ᠎ᠠ ᠶᠢ ᠬᠠᠮᠤᠭ | ᠣᠷᠳᠣ ᠳᠠᠭᠠᠨ 240 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ ᠭᠡᠵᠦ ᠲᠣᠭᠲᠠᠭᠠᠵᠠᠢ᠃ | | | ᠠᠩᠬᠠᠨ ᠤ ᠣᠷᠣᠨ ᠰᠠᠭᠤᠴᠠ ᠶᠢᠨ ᠵᠢᠭᠡᠯᠡᠯᠭᠡ ᠭᠡᠳᠡᠭ ᠨᠢ ᠣᠷᠣᠨ ᠰᠠᠭᠤᠴᠠ ᠬᠤᠳᠠᠯᠳᠤᠨ ᠠᠪᠬᠤ ᠳᠤ | ᠠᠩᠬᠠᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠡᠳ᠋ᠯᠡᠬᠦ ᠣᠷᠣᠨ ᠰᠠᠭᠤᠴᠠ ᠶᠢᠨ | ᠵᠢᠭᠡᠯᠡᠯᠭᠡ ᠶᠢ ᠵᠢᠭᠠᠵᠤ ᠪᠠᠶᠢᠨ᠎ᠠ᠃ ᠭᠠᠶᠢᠯᠢ ᠲᠤᠰᠢᠶᠠᠭᠴᠢ ᠠᠩᠬᠠᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ | ᠮᠥᠩᠭᠦ ᠶᠢᠨ ᠰᠠᠭᠤᠯᠭᠠᠨ ᠠᠪᠬᠤ ᠶᠢ ᠵᠦᠪᠬᠡᠨ ᠨᠢᠭᠡ ᠯᠡ ᠤᠳᠠᠭ᠎ᠠ ᠡᠳ᠋ᠯᠡᠵᠦ ᠪᠣᠯᠣᠨ᠎ᠠ᠃ | | | ᠭᠡᠪᠡᠴᠦ ᠵᠠᠷᠢᠮ ᠭᠡᠷ ᠪᠠᠶᠢᠰᠢᠩ ᠬᠤᠳᠠᠯᠳᠤᠨ ᠠᠪᠤᠭᠴᠢ ᠶᠢᠨ ᠲᠤᠰᠬᠠᠭᠰᠠᠨ ᠢᠶᠠᠷ᠂ ᠬᠤᠪᠢ ᠬᠥᠮᠥᠨ ᠤ ᠠᠰᠢᠭ | ᠣᠷᠣᠯᠭ᠎ᠠ ᠶᠢᠨ ᠭᠠᠶᠢᠯᠢ ᠶᠢᠨ APP ᠳᠤ ᠵᠢᠭᠡᠯᠡᠯᠭᠡ ᠶᠢᠨ ᠭᠡᠷ᠎ᠡ ᠶᠢᠨ ᠳ᠋ᠤᠭᠠᠷᠯᠠᠯ ᠨᠢ ᠪᠤᠷᠤᠭᠤᠳᠠᠵᠠᠢ ᠭᠡᠵᠡᠢ᠃ | ᠡᠭᠦᠨ ᠤ ᠲᠤᠬᠠᠢ ᠪᠡᠭᠡᠵᠢᠩ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠰᠠᠨᠠᠭᠤᠯᠬᠤ ᠳᠠᠭᠠᠨ᠂ ᠲᠠᠭᠯᠠᠨ | ᠮᠡᠳᠡᠭᠦᠯᠦᠭᠰᠡᠨ ᠪᠣᠶ ᠪᠦᠬᠦᠢ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠳᠤ ᠬᠤᠯᠪᠣᠭᠳᠠᠭᠰᠠᠨ ᠭᠡᠷ | ᠪᠠᠶᠢᠰᠢᠩ ᠢ ᠨᠢᠭᠡ ᠯᠡ ᠢᠵᠢ ᠪᠠᠶᠢᠬᠤ ᠶᠢ ᠨᠤᠲᠠᠯᠠᠬᠤ ᠶᠢᠨ ᠬᠠᠮᠲᠤ ᠡᠭᠦᠨ ᠠᠴᠠ ᠡᠮᠦᠨ᠎ᠡ ᠵᠢᠴᠢ ᠲᠣᠰ ᠤᠳᠠᠭ᠎ᠠ | ᠲᠠᠭᠯᠠᠨ ᠮᠡᠳᠡᠭᠦᠯᠦᠭᠰᠡᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢ ᠰᠠᠭᠤᠯᠭᠠᠨ ᠠᠪᠤᠭᠰᠠᠨ ᠮᠡᠳᠡᠭᠡ | ᠵᠠᠩᠭᠢ ᠳᠤ ᠪᠤᠷᠤᠭᠤ ᠪᠤᠶᠤ ᠨᠢᠭᠡᠳᠦᠯ ᠦᠭᠡᠢ ᠪᠠᠶᠢᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠦᠵᠡᠬᠦ ᠬᠡᠷᠡᠭᠲᠡᠢ | ᠭᠡᠵᠡᠢ᠃ | ᠬᠡᠷᠪᠡ ᠲᠠᠭᠯᠠᠨ ᠮᠡᠳᠡᠭᠦᠯᠦᠭᠰᠡᠨ ᠨᠢ ᠨᠢᠭᠡ ᠢᠵᠢ ᠣᠷᠣᠨ ᠰᠠᠭᠤᠴᠠ ᠪᠠᠶᠢᠪᠠᠯ᠂ 2019 ᠣᠨ ᠠᠴᠠ 2024 | ᠣᠨ ᠬᠦᠷᠲᠡᠯᠡᠬᠢ ᠵᠢᠭᠡᠯᠡᠯᠭᠡ ᠶᠢᠨ ᠭᠡᠷ᠎ᠡ ᠶᠢᠨ ᠳ᠋ᠤᠭᠠᠷᠯᠠᠯ ᠨᠢ ᠪᠦᠷᠢᠮᠦᠰᠦᠨ ᠠᠳᠠᠯᠢ ᠪᠠᠶᠢᠬᠤ ᠡᠰᠡᠬᠦ ᠶᠢ ᠨᠠᠷᠢᠨ | ᠪᠠᠶᠢᠴᠠᠭᠠᠭᠠᠷᠠᠢ᠂ ᠵᠢᠱᠢᠶᠡᠯᠡᠪᠡᠯ ᠬᠢᠲᠠᠳ ᠠᠩᠭ᠍ᠯᠢ ᠬᠡᠯᠡᠨ ᠤ ᠬᠠᠭᠠᠯᠲᠠ ᠶᠢᠨ ᠬᠡᠯᠪᠡᠷᠢ᠂ ᠣᠬᠤᠷ ᠬᠥᠨᠳᠡᠯᠡᠨ ᠵᠢᠷᠤᠭᠠᠰᠤ | ᠵᠡᠷᠭᠡ ᠲᠡᠮᠳᠡᠭ ᠤᠨ ᠵᠠᠭᠪᠤᠷ ᠨᠢ ᠪᠤᠷᠤᠭᠤᠳᠠᠭᠰᠠᠨ ᠡᠰᠡᠬᠦ ᠶᠢ ᠨᠠᠷᠢᠨ ᠪᠠᠶᠢᠴᠠᠭᠠᠭᠠᠷᠠᠢ᠂ ᠬᠡᠷᠪᠡ ᠪᠤᠷᠤᠭᠤᠳᠠᠭᠰᠠᠨ | ᠪᠠᠶᠢᠪᠠᠯ᠂ ᠬᠠᠷᠠᠭᠠᠯᠵᠠᠭᠰᠠᠨ ᠣᠨ ᠤ ᠭᠡᠷ᠎ᠡ ᠶᠢᠨ ᠳ᠋ᠤᠭᠠᠷᠯᠠᠯ ᠢ ᠵᠠᠰᠠᠭᠠᠷᠠᠢ᠃ | | | ᠪᠣᠳᠠᠲᠠᠢ ᠪᠠᠷ ᠬᠡᠷᠬᠢᠨ ᠭᠦᠢᠴᠡᠳᠬᠡᠬᠦ ᠪᠤᠢ︖ ᠬᠡᠷᠪᠡ ᠵᠥᠪᠬᠡᠨ ᠶᠠᠮᠠᠷ ᠨᠢᠭᠡᠨ ᠵᠢᠯ ᠳᠤ ᠲᠠᠭᠯᠠᠭᠰᠠᠨ ᠨᠢ | ᠪᠤᠷᠤᠭᠤᠳᠠᠵᠤ ᠪᠤᠰᠤᠳ ᠵᠢᠯ ᠳᠤ ᠲᠠᠭᠯᠠᠭᠰᠠᠨ ᠨᠢ ᠴᠥᠮ ᠵᠥᠪ ᠪᠠᠶᠢᠪᠠᠯ᠂ ᠪᠤᠷᠤᠭᠤᠳᠠᠭᠰᠠᠨ ᠵᠢᠯ ᠤᠨ ᠲᠠᠭᠯᠠᠭᠰᠠᠨ | ᠨᠠᠷᠢᠨ ᠪᠠᠶᠢᠳᠠᠯ ᠤᠨ ᠬᠠᠭᠤᠳᠠᠰᠤᠨ ᠳᠤ ︽ᠵᠠᠰᠠᠬᠤ︾ - ︽ᠵᠢᠭᠡᠯᠡᠯᠭᠡ ᠶᠢᠨ ᠮᠡᠳᠡᠭᠡ ᠵᠠᠩᠭᠢ ᠳᠤ ᠵᠠᠰᠠᠪᠤᠷᠢ ᠣᠷᠣᠭᠤᠯᠬᠤ︾ | - ︽ᠵᠢᠭᠡᠯᠡᠯᠭᠡ ᠶᠢᠨ ᠭᠡᠷ᠎ᠡ ᠶᠢᠨ ᠳ᠋ᠤᠭᠠᠷᠯᠠᠯ︾ ᠢ ᠲᠣᠪᠴᠢᠳᠠᠬᠤ ᠶᠢᠨ ᠬᠠᠮᠲᠤ ᠵᠢᠭᠡᠯᠡᠯᠭᠡ ᠶᠢᠨ ᠭᠡᠷ᠎ᠡ ᠵᠡᠷᠭᠡ ᠭᠡᠷᠡᠴᠢᠯᠡᠬᠦ | ᠮᠠᠲ᠋ᠧᠷᠢᠶᠠᠯ ᠢ ᠳᠡᠭᠡᠭᠰᠢ ᠳᠠᠮᠵᠢᠭᠤᠯᠤᠨ᠎ᠠ᠃ | | | ᠨᠢᠭᠡᠳᠦᠭᠡᠷ ᠠᠯᠬᠤᠮ ᠳᠤ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ APP ᠶᠢ ᠨᠡᠭᠡᠭᠡᠵᠦ᠂ | ᠲᠦᠷᠦᠭᠦᠸ ᠨᠢᠭᠤᠷ ᠲᠤ ᠮᠢᠨᠤ ᠨᠢᠭᠡᠨᠲᠡ ᠲᠠᠭᠯᠠᠨ ᠮᠡᠳᠡᠭᠦᠯᠦᠭᠰᠡᠨ ᠲᠤᠰᠬᠠᠢ ᠵᠦᠢᠯ ᠤᠨ ᠰᠠᠭᠤᠯᠭᠠᠨ ᠠᠪᠬᠤ ᠶᠢ | ᠲᠣᠪᠴᠢᠳᠠᠵᠤ᠂ ︽ᠪᠠᠶᠢᠴᠠᠭᠠᠨ ᠯᠠᠪᠯᠠᠬᠤ︾ ᠭᠡᠳᠡᠭ ᠲᠤ ᠣᠷᠣᠨ᠎ᠠ᠃ ᠬᠤᠶᠠᠳᠤᠭᠠᠷ ᠠᠯᠬᠤᠮ ᠳᠤ᠂ ᠲᠠᠭᠯᠠᠨ | ᠮᠡᠳᠡᠭᠦᠯᠦᠭᠰᠡᠨ ᠲᠡᠮᠳᠡᠭᠯᠡᠯ ᠢ ᠡᠷᠢᠵᠦ ᠣᠯᠣᠭᠠᠳ᠂ ᠨᠠᠷᠢᠨ ᠪᠠᠶᠢᠳᠠᠯ ᠤᠨ ᠬᠠᠭᠤᠳᠠᠰᠤᠨ ᠳᠤ ᠣᠷᠣᠨ᠎ᠠ᠃ ᠭᠤᠷᠪᠠᠳᠤᠭᠠᠷ | ᠠᠯᠬᠤᠮ ᠳᠤ᠂ ︽ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ︾ ᠶᠢ ᠰᠣᠩᠭᠤᠨ᠎ᠠ᠂ ᠳᠥᠷᠪᠡᠳᠦᠭᠡᠷ | ᠠᠯᠬᠤᠮ ᠳᠤ᠂ ︽ᠵᠠᠰᠠᠪᠤᠷᠢ ᠣᠷᠣᠭᠤᠯᠬᠤ︾ ᠶᠢ ᠲᠣᠪᠴᠢᠳᠠᠨ᠎ᠠ᠂ ᠲᠠᠪᠤᠳᠤᠭᠠᠷ ᠠᠯᠬᠤᠮ ᠳᠤ᠂ ︽ ᠵᠢᠭᠡᠯᠡᠯᠭᠡ ᠶᠢᠨ ᠮᠡᠳᠡᠭᠡ | ᠵᠠᠩᠭᠢ ᠳᠤ ᠵᠠᠰᠠᠪᠤᠷᠢ ᠣᠷᠣᠭᠤᠯᠬᠤ︾ ᠶᠢ ᠲᠣᠪᠴᠢᠳᠠᠨ᠎ᠠ᠂ ᠵᠢᠷᠭᠤᠳᠤᠭᠠᠷ ᠠᠯᠬᠤᠮ ᠳᠤ᠂ ᠵᠥᠪ ᠣᠨᠣᠪᠴᠢᠲᠠᠶ ᠮᠡᠳᠡᠭᠡ | ᠵᠠᠩᠭᠢ ᠶᠢ ᠲᠠᠭᠯᠠᠵᠤ᠂ ︽ᠵᠠᠰᠠᠪᠤᠷᠢ ᠣᠷᠣᠭᠤᠯᠬᠤ ᠶᠢ ᠨᠤᠲᠠᠯᠠᠬᠤ︾ ᠶᠢ ᠲᠣᠪᠴᠢᠳᠠᠬᠤ ᠶᠢᠨ ᠬᠠᠮᠲᠤ ᠵᠢᠭᠡᠯᠡᠯᠭᠡ ᠶᠢᠨ | ᠭᠡᠷ᠎ᠡ ᠵᠡᠷᠭᠡ ᠭᠡᠷᠡᠴᠢᠯᠡᠬᠦ ᠮᠠᠲ᠋ᠧᠷᠢᠶᠠᠯ ᠢ ᠳᠡᠭᠡᠭᠰᠢ ᠳᠠᠮᠵᠢᠭᠤᠯᠤᠨ᠎ᠠ᠃ ᠰᠠᠨᠠᠭᠤᠯᠬᠤ ᠴᠢᠬᠤᠯᠠᠲᠠᠢ ᠵᠦᠢᠯ ᠭᠡᠪᠡᠯ᠂ | ᠬᠡᠷᠪᠡ ᠤᠳᠠᠭ᠎ᠠ ᠪᠦᠷᠢ ᠵᠠᠰᠠᠪᠤᠷᠢ ᠣᠷᠣᠭᠤᠯᠬᠤ ᠦᠶ᠎ᠡ ᠳᠤ᠂ ᠮᠥᠨ ᠯᠡ ᠪᠤᠷᠤᠭᠤᠳᠠᠵᠠᠢ ᠭᠡᠵᠦ ᠢᠯᠡᠷᠡᠵᠦ ᠪᠠᠶᠢᠪᠠᠯ᠂ | ᠪᠤᠷᠤᠭᠤᠳᠠᠭᠰᠠᠨ ᠵᠢᠯ ᠤᠨ ᠮᠡᠳᠡᠭᠡ ᠵᠠᠩᠭᠢ ᠶᠢ ᠬᠦᠴᠦᠨ ᠦᠭᠡᠢ ᠪᠣᠯᠭᠠᠵᠤ ᠳᠠᠭᠢᠵᠤ ᠲᠠᠭᠯᠠᠬᠤ ᠴᠢᠬᠤᠯᠠᠲᠠᠢ᠃ | ᠳᠠᠷᠠᠭᠠᠬᠢ ᠠᠯᠬᠤᠮ ᠳᠠᠷᠠᠭ᠎ᠠ ᠪᠠᠷ ᠭᠦᠢᠴᠡᠳᠬᠡᠵᠦ ᠪᠣᠯᠣᠨ᠎ᠠ᠂ ᠨᠢᠭᠡᠳᠦᠭᠡᠷ ᠠᠯᠬᠤᠮ ᠳᠤ ᠲᠠᠭᠯᠠᠨ ᠮᠡᠳᠡᠭᠦᠯᠦᠭᠰᠡᠨ | ᠲᠡᠮᠳᠡᠭᠯᠡᠯ ᠢ ᠡᠷᠢᠨ ᠣᠯᠵᠤ᠂ ᠨᠠᠷᠢᠨ ᠪᠠᠶᠢᠳᠠᠯ ᠤᠨ ᠬᠠᠭᠤᠳᠠᠰᠤᠨ ᠳᠤ ᠣᠷᠣᠨ᠎ᠠ᠃ ᠬᠤᠶᠠᠳᠤᠭᠠᠷ ᠠᠯᠬᠤᠮ ᠳᠤ᠂ | ︽ᠬᠦᠴᠦᠨ ᠦᠭᠡᠢ ᠪᠣᠯᠭᠠᠬᠤ︾ ᠶᠢ ᠲᠣᠪᠴᠢᠳᠠᠨ᠎ᠠ᠃ | | | ᠬᠡᠷᠪᠡ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠦᠨᠡᠨ ᠬᠦ ᠨᠡᠶᠢᠴᠡᠬᠦ ᠮᠥᠷᠲᠡᠭᠡᠨ ᠪᠠᠩᠬᠢ᠂ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠭᠡᠷ᠎ᠡ ᠳᠤ ᠬᠤᠪᠢᠷᠠᠯᠲᠠ ᠭᠠᠷᠤᠭᠰᠠᠨ ᠠᠴᠠ | ᠪᠣᠯᠵᠤ ᠲᠤᠰᠢᠶᠠᠬᠤ ᠶᠢᠨ ᠠᠷᠭ᠎ᠠ ᠦᠭᠡᠢ ᠪᠣᠯ᠂ ᠬᠤᠯᠪᠣᠭᠳᠠᠯ ᠪᠦᠬᠦᠢ ᠭᠡᠷᠡᠴᠢᠯᠡᠬᠦ ᠮᠠᠲ᠋ᠧᠷᠢᠶᠠᠯ ᠢᠶᠠᠨ ᠠᠪᠴᠤ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ︵ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠭᠠᠵᠠᠷ ᠤᠨ | ᠭᠠᠶᠢᠯᠢ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠪᠠᠶᠢᠭᠤᠯᠭ᠎ᠠ︶ ᠳᠤ ᠬᠦᠷᠴᠦ ᠭᠤᠶᠤᠴᠢᠯᠠᠨ ᠮᠡᠳᠡᠭᠦᠯᠦᠭᠡᠷᠡᠢ᠃ | | | | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠂ ᠪᠡᠭᠡᠵᠢᠩ ᠤᠨ | ᠵᠠᠯᠠᠭᠤᠴᠤᠳ ᠤᠨ ᠰᠣᠨᠢᠨ |