ᠰᠠᠶᠢᠬᠠᠨ ᠲᠣᠭᠤᠷᠢᠭ ᠤᠨ ᠶᠢᠨ ᠴᠢᠶᠣᠤ ᠪᠠᠭ᠎ᠠ ᠰᠤᠷᠭᠠᠭᠤᠯᠢ ᠴᠠᠭ ᠠᠭᠤᠷ ᠤᠨ ᠨᠢᠭᠤᠴᠠ ᠶᠢ ᠬᠠᠶᠢᠨ ᠰᠢᠨᠵᠢᠯᠡᠵᠦ᠂ ᠰᠤᠷᠤᠭᠴᠢᠳ ᠲᠤ ᠪᠠᠶᠢᠭᠠᠯᠢ ᠶᠢᠨ ᠨᠢᠭᠤᠴᠠ ᠶᠢ ᠬᠠᠶᠢᠬᠤ ᠴᠣᠩᠬᠤ ᠶᠢ ᠨᠡᠭᠡᠭᠡᠵᠦ ᠦᠭᠭᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2025/3/26
      ᠣᠶᠢᠷ᠎ᠠ ᠳᠤ᠂ ᠰᠠᠶᠢᠬᠠᠨ ᠲᠣᠭᠤᠷᠢᠭ ᠤᠨ ᠶᠢᠨ ᠴᠢᠶᠣᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠬᠥᠬᠡᠬᠤᠲᠠ ᠶᠢᠨ ᠴᠠᠭ ᠠᠭᠤᠷ ᠤᠨ ᠲᠣᠪᠴᠢᠶᠠᠨ ᠳᠤ ᠬᠦᠷᠴᠦ᠂ ᠥᠪᠡᠷᠮᠢᠴᠡ ᠴᠠᠭ ᠠᠭᠤᠷ ᠤᠨ ᠰᠢᠨᠵᠢᠯᠡᠬᠦ ᠤᠬᠠᠭᠠᠨ ᠤ ᠦᠢᠯᠡᠳᠦᠯᠭᠡ ᠶᠢᠨ ᠬᠥᠮᠦᠵᠢᠯ ᠤᠨ ᠠᠵᠢᠯᠯᠠᠭ᠎ᠠ ᠦᠷᠨᠢᠭᠦᠯᠪᠠ ᠃    ᠭᠡᠷ ᠤᠨ ᠭᠠᠳᠠᠨᠠᠬᠢ ᠠᠵᠢᠭᠯᠠᠯᠲᠠ ᠶᠢᠨ ᠲᠠᠯᠠᠪᠤᠷ ᠲᠤ᠂ ᠰᠤᠷᠤᠭᠴᠢᠳ ᠵᠠᠭᠤᠨ ᠨᠠᠪᠴᠢᠨ ᠤ ᠬᠠᠶᠢᠷᠴᠠᠭ᠂ ᠰᠠᠯᠬᠢᠨ ᠤ ᠬᠤᠷᠳᠤᠴᠠ ᠶᠢᠨ ᠬᠡᠮᠵᠢᠭᠦᠷ᠂ ᠪᠣᠷᠣᠭᠠᠨ ᠤ ᠬᠡᠮᠵᠢᠶᠡᠨ ᠤ ᠰᠡᠷᠡᠯ ᠳᠠᠮᠵᠢᠭᠤᠯᠤᠭᠤᠷ ᠵᠡᠷᠭᠡ ᠲᠥᠬᠦᠭᠡᠷᠦᠮᠵᠢ ᠶᠢᠨ ᠳᠡᠷᠭᠡᠳᠡ ᠬᠦᠷᠴᠦ᠂ ᠲᠡᠮᠲᠡᠷᠢᠬᠦ ᠬᠡᠮᠵᠢᠭᠦᠷ᠂ ᠠᠵᠢᠭᠯᠠᠯᠲᠠ ᠶᠢᠨ ᠲᠤᠭ᠎ᠠ ᠪᠠᠷᠢᠮᠲᠠ ᠶᠢᠨ ᠬᠤᠪᠢᠷᠠᠯᠲᠠ ᠪᠠᠷ ᠳᠠᠮᠵᠢᠨ᠂ ᠳᠤᠯᠠᠭᠠᠨ ᠤ ᠬᠡᠮᠵᠢᠶ᠎ᠡ᠂ ᠴᠢᠭᠢᠭᠲᠦᠴᠡ᠂ ᠲᠤᠨᠳᠠᠰᠤ ᠵᠡᠷᠭᠡ ᠴᠠᠭ ᠠᠭᠤᠷ ᠤᠨ ᠡᠯᠧᠮᠧᠨ᠋ᠲ ᠢ ᠬᠢᠨᠠᠨ ᠬᠡᠮᠵᠢᠬᠦ ᠤᠭ ᠶᠣᠰᠣ ᠶᠢ ᠣᠶᠢᠯᠠᠭᠠᠵᠤ᠂ ᠰᠢᠨᠵᠢᠯᠡᠬᠦ ᠤᠬᠠᠭᠠᠨᠴᠢ ᠠᠵᠢᠭᠯᠠᠯᠲᠠ ᠶᠢᠨ ᠴᠢᠩᠭ᠎ᠠ ᠨᠢᠮᠪᠠᠢ ᠴᠢᠨᠠᠷ ᠢ ᠣᠶᠢᠯᠠᠭᠠᠪᠠ᠃ ᠳᠠᠷᠠᠭ᠎ᠠ ᠨᠢ᠂ ᠰᠤᠷᠤᠭᠴᠢᠳ ᠨᠡᠪᠲᠡᠷᠡᠭᠦᠯᠭᠡ ᠶᠢᠨ ᠲᠠᠰᠤᠭ ᠲᠤ ᠣᠷᠣᠵᠤ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠦᠢᠯᠡᠳᠬᠦ ᠶᠠᠪᠤᠴᠠ ᠶᠢ ᠰᠤᠷᠤᠯᠴᠠᠵᠤ᠂ ᠬᠥᠲᠥᠯᠥᠭᠴᠢ ᠴᠠᠭ ᠠᠭᠤᠷ ᠤᠨ ᠡᠭᠦᠯᠡᠨ ᠵᠢᠷᠤᠭ ᠢ ᠬᠡᠷᠬᠢᠨ ᠵᠠᠳᠠᠯᠵᠤ᠂ ᠴᠠᠭ ᠲᠤᠬᠠᠢ ᠳᠤᠨᠢ ᠨᠡᠪᠲᠡᠷᠡᠭᠦᠯᠦᠭᠰᠡᠨ ᠲᠤᠭ᠎ᠠ ᠪᠠᠷᠢᠮᠲᠠ ᠶᠢ ᠠᠵᠢᠭᠯᠠᠵᠤ᠂ ᠪᠠᠰᠠ ᠨᠣᠭᠤᠭᠠᠨ ᠬᠥᠰᠢᠭᠡ ᠶᠢᠨ ᠨᠡᠶᠢᠯᠡᠮᠡᠯ ᠮᠡᠷᠭᠡᠵᠢᠯ ᠢ ᠪᠡᠶ᠎ᠡ ᠪᠠᠷ ᠢᠶᠠᠨ ᠪᠡᠶᠡᠴᠢᠯᠡᠨ ᠣᠶᠢᠯᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠵᠠᠭᠤᠴᠢᠯᠠᠭᠤᠷ ᠤᠨ ᠤᠶᠠᠯᠳᠤᠯ ᠢ ᠮᠡᠳᠡᠷᠡᠵᠦ᠂ ᠰᠢᠨᠵᠢᠯᠡᠬᠦ ᠤᠬᠠᠭᠠᠨᠴᠢ ᠬᠠᠶᠢᠨ ᠰᠦᠪᠡᠭᠴᠢᠯᠡᠬᠦ ᠵᠣᠷᠢᠭ ᠰᠠᠨᠠᠭ᠎ᠠ ᠶᠢ ᠬᠥᠮᠥᠵᠢᠭᠦᠯᠵᠡᠢ᠃
图片3.png
      ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠦᠵᠡᠭᠦᠯᠭᠡ ᠶᠢᠨ ᠲᠣᠭᠤᠷᠢᠭ ᠲᠤ᠂ ᠠᠵᠢᠯᠲᠠᠳ ᠬᠥᠬᠡᠬᠤᠲᠠ ᠶᠢᠨ ᠪᠣᠳᠠᠲᠤ ᠬᠡᠷᠡᠭ ᠤᠨ ᠵᠢᠰᠢᠶ᠎ᠡ ᠲᠠᠢ ᠤᠶᠠᠯᠳᠤᠭᠤᠯᠤᠨ᠂ ᠪᠣᠷᠣᠭᠠᠨ ᠣᠷᠣᠭᠤᠯᠵᠤ ᠮᠥᠨᠳᠥᠷ ᠢ ᠰᠡᠷᠭᠡᠶᠢᠯᠡᠬᠦ ᠮᠡᠷᠭᠡᠵᠢᠯ ᠤᠨ ᠰᠢᠨᠵᠢᠯᠡᠬᠦ ᠤᠬᠠᠭᠠᠨᠴᠢ ᠦᠨᠳᠦᠰᠦᠯᠡᠯ ᠢ ᠠᠮᠢᠳᠤᠯᠢᠭ ᠢᠶᠠᠷ ᠲᠠᠶᠢᠯᠪᠤᠷᠢᠯᠠᠵᠤ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ᠂ ᠠᠮᠢ ᠠᠬᠤᠢ ᠶᠢ ᠰᠡᠷᠭᠦᠭᠡᠬᠦ ᠳᠤᠮᠳᠠᠬᠢ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠦᠢᠯᠡᠳᠦᠯ ᠢ ᠳᠡᠯᠭᠡᠨ ᠦᠵᠡᠭᠦᠯᠵᠡᠢ᠃ ᠴᠠᠭ ᠠᠭᠤᠷ ᠤᠨ ᠲᠤᠰᠬᠠᠢ ᠮᠡᠷᠭᠡᠵᠢᠯᠲᠡᠳ ︽ᠠᠭᠤᠷ ᠠᠮᠢᠰᠬᠤᠯ ᠤᠨ ᠬᠤᠪᠢᠷᠠᠯᠲᠠ ᠬᠢᠭᠡᠳ ᠮᠠᠨ ᠤ ᠬᠠᠷᠢᠭᠤᠴᠠᠯᠭ᠎ᠠ︾ ᠶᠢᠨ ᠲᠤᠰᠬᠠᠢ ᠰᠡᠳᠦᠪᠲᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠪᠡ᠃ ᠪᠦᠬᠦ ᠪᠥᠮᠪᠥᠷᠴᠡᠭ ᠤᠨ ᠳᠤᠯᠠᠭᠠᠷᠠᠭᠰᠠᠨ ᠶᠠᠪᠤᠴᠠ ᠶᠢ ᠬᠥᠳᠡᠯᠦᠩᠭᠦᠢ ᠪᠠᠷ ᠳᠠᠭᠤᠷᠢᠶᠠᠬᠤ᠂ ᠣᠨᠴᠠᠭᠠᠶ ᠴᠠᠭ ᠠᠭᠤᠷ ᠤᠨ ᠡᠭᠦᠰᠦᠭᠰᠡᠨ ᠰᠢᠯᠲᠠᠭᠠᠨ ᠤ ᠲᠤᠷᠰᠢᠯᠲᠠ ᠶᠢ ᠦᠵᠡᠭᠦᠯᠬᠦ ᠪᠠᠷ ᠳᠠᠮᠵᠢᠭᠤᠯᠤᠨ᠂ ᠰᠤᠷᠤᠭᠴᠢᠳ ᠬᠥᠮᠥᠨ ᠲᠥᠷᠥᠯᠬᠢᠲᠡᠨ ᠤ ᠠᠵᠢᠯᠯᠠᠭ᠎ᠠ ᠬᠢᠭᠡᠳ ᠠᠭᠤᠷ ᠠᠮᠢᠰᠬᠤᠯ ᠤᠨ ᠬᠤᠪᠢᠷᠠᠯᠲᠠ ᠶᠢᠨ ᠬᠤᠯᠪᠣᠭ᠎ᠠ ᠶᠢ ᠭᠦᠨᠵᠡᠭᠡᠢ ᠲᠠᠨᠢᠵᠤ ᠣᠯᠪᠠ᠃
图片4.png
      ᠡᠨᠡ ᠤᠳᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠳᠦᠯᠭᠡ ᠰᠤᠷᠤᠭᠴᠢᠳ ᠲᠤ ᠪᠠᠶᠢᠭᠠᠯᠢ ᠶᠢᠨ ᠨᠢᠭᠤᠴᠠ ᠶᠢ ᠬᠠᠶᠢᠬᠤ ᠴᠣᠩᠬᠤ ᠶᠢ ᠨᠡᠭᠡᠭᠡᠵᠦ ᠥᠭᠭᠦᠭᠰᠡᠨ ᠢᠶᠠᠷ ᠪᠠᠷᠠᠬᠤ ᠦᠭᠡᠢ ᠲᠡᠳᠡᠨ ᠤ ᠰᠡᠳᠬᠢᠯ ᠳᠤ ᠰᠢᠨᠵᠢᠯᠡᠬᠦ ᠤᠬᠠᠭᠠᠨ ᠤ ᠦᠷ᠎ᠡ ᠶᠢ ᠰᠠᠴᠤᠵᠤ ᠥᠭᠭᠦᠭᠰᠡᠨ ᠪᠠᠶᠢᠨ᠎ᠠ᠃ ᠢᠷᠡᠭᠡᠳᠦᠢ ᠳᠤ᠂ ᠰᠠᠶᠢᠬᠠᠨ ᠲᠣᠭᠤᠷᠢᠭ ᠰᠤᠷᠭᠠᠭᠤᠯᠢ ᠪᠣᠯᠣᠨ ᠨᠡᠶᠢᠭᠡᠮ ᠤᠨ ᠡᠬᠢ ᠪᠠᠶᠠᠯᠢᠭ ᠤᠨ ᠭᠦᠨᠵᠡᠭᠡᠢ ᠠᠭᠤᠰᠤᠯᠴᠠᠯ ᠢ ᠦᠷᠭᠦᠯᠵᠢᠯᠡᠨ ᠰᠦᠪᠡᠭᠴᠢᠯᠡᠵᠦ᠂ ᠰᠤᠷᠭᠠᠨ ᠬᠥᠮᠦᠵᠢᠯ ᠢ ᠥᠷᠭᠡᠨ ᠠᠭᠤᠳᠠᠮ ᠣᠷᠣᠨ ᠵᠠᠢ ᠳᠤ ᠠᠮᠢᠵᠢᠷᠠᠯ ᠤᠨ ᠬᠦᠴᠦᠨ ᠲᠠᠢ ᠪᠣᠯᠭᠠᠵᠤ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠪᠣᠯᠣᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠲᠠᠢ ᠰᠢᠨ᠎ᠡ ᠴᠠᠭ ᠦᠶ᠎ᠡ ᠶᠢᠨ ᠪᠠᠭᠠᠴᠤᠳ ᠢ ᠬᠥᠮᠥᠵᠢᠭᠦᠯᠬᠦ ᠶᠢᠨ ᠲᠥᠯᠥᠭᠡ ᠰᠢᠨ᠎ᠡ ᠬᠠᠭᠤᠳᠠᠰᠤ ᠶᠢ ᠪᠢᠴᠢᠭᠯᠡᠨ᠎ᠡ᠃               ᠢᠷᠡᠯᠲᠡ ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号