| | | ᠣᠶᠢᠷ᠎ᠠ ᠳᠤ᠂ ᠵᠧᠵᠢᠶᠠᠩ ᠮᠤᠵᠢ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ | ᠶᠠᠷᠢᠯᠴᠠᠬᠤ ᠬᠤᠷᠠᠯ ᠬᠠᠩᠵᠧᠦ ᠳᠤ ᠬᠤᠷᠠᠯᠳᠤᠪᠠ᠂ ᠬᠤᠷᠠᠯ ᠠᠴᠠ ᠥᠭᠡᠷᠡᠴᠢᠯᠡᠯᠲᠡ ᠶᠢᠨ ᠠᠵᠢᠯ ᠤᠨ ᠲᠤᠷᠰᠢᠯᠭ᠎ᠠ ᠶᠢ | ᠳ᠋ᠦᠩᠨᠡᠨ ᠰᠣᠯᠢᠯᠴᠠᠵᠤ᠂ ᠲᠠᠷᠠᠭᠠᠴᠢ ᠶᠢᠨ ᠠᠯᠬᠤᠮ ᠤᠨ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠠᠵᠢᠯ ᠢ | ᠪᠠᠶᠢᠷᠢᠯᠠᠭᠤᠯᠪᠠ᠃ ᠤᠷᠳᠤ ᠬᠤᠭᠤᠴᠠᠭᠠᠨ ᠤ ᠲᠤᠷᠰᠢ᠂ ᠵᠧᠵᠢᠶᠠᠩ ᠮᠤᠵᠢ ᠶᠢᠨ ᠬᠢᠨ ᠣᠷᠣᠨ ᠰᠠᠭᠤᠴᠠ ᠪᠠ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠥᠭᠡᠷᠡᠴᠢᠯᠡᠯᠲᠡ ᠶᠢᠨ ᠠᠷᠭ᠎ᠠ ᠵᠠᠮ ᠢ ᠢᠳᠡᠪᠬᠢᠲᠡᠢ | ᠰᠦᠪᠡᠭᠴᠢᠯᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠵᠣᠷᠢᠭᠲᠠᠢ ᠪᠠᠷ ᠰᠢᠪᠲᠤᠯᠤᠨ | ᠵᠣᠷᠢᠭᠲᠠᠢ ᠪᠠᠷ ᠲᠤᠷᠰᠢᠵᠤ᠂ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ᠂ ᠳᠡᠯᠭᠡᠷᠡᠭᠦᠯᠬᠦ ᠦᠨ᠎ᠡ | ᠦᠷᠳᠡᠭ ᠲᠠᠢ ᠮᠠᠰᠢ ᠤᠯᠠᠨ ᠥᠭᠡᠷᠡᠴᠢᠯᠡᠯᠲᠡ ᠶᠢᠨ ᠠᠷᠭ᠎ᠠ ᠶᠢ ᠡᠭᠦᠳᠴᠦ᠂ ᠣᠷᠣᠨ ᠰᠠᠭᠤᠴᠠ ᠪᠠ ᠬᠤᠳᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠦᠯᠢᠭᠡᠷ ᠢ ᠰᠠᠶᠢᠲᠤᠷ ᠶᠠᠷᠢᠵᠤ᠂ | ᠥᠭᠡᠷᠡᠴᠢᠯᠡᠯᠲᠡ ᠪᠠᠷ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠠᠮᠢᠳᠤᠯᠢᠭ ᠬᠠᠭᠤᠳᠠᠰᠤ ᠶᠢ ᠳᠡᠯᠭᠡᠨ ᠦᠵᠡᠭᠦᠯᠵᠡᠢ᠃ | | | ᠰᠢᠨ᠎ᠡ ᠴᠠᠭ ᠦᠶ᠎ᠡ ᠰᠢᠨ᠎ᠡ ᠠᠶᠠᠨ ᠳᠤ᠂ ᠥᠭᠡᠷᠡᠴᠢᠯᠡᠯᠲᠡ ᠶᠢᠨ ᠲᠤᠬᠠᠢ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ᠂ ︽ᠣᠲᠣ ᠮᠠᠨ ᠤ ᠤᠯᠤᠰ ᠤᠨ ᠥᠭᠡᠷᠡᠴᠢᠯᠡᠯᠲᠡ | ᠨᠢᠭᠡᠨᠲᠡ ᠪᠣᠭᠤᠮᠲᠠ ᠰᠢᠪᠲᠤᠯᠬᠤ ᠬᠤᠭᠤᠴᠠᠭ᠎ᠠ ᠪᠠ ᠲᠦᠭᠰᠢᠭᠦᠷᠢ ᠶᠢ ᠲᠤᠭᠤᠯᠬᠤ ᠬᠤᠭᠤᠴᠠᠭᠠᠨ ᠳᠤ ᠣᠷᠣᠭᠠᠳ | ᠪᠠᠶᠢᠨ᠎ᠠ᠂ ᠡᠷᠬᠡᠪᠰᠢ ᠨᠠᠩ ᠶᠡᠭᠡ ᠤᠯᠤᠰ ᠲᠥᠷᠥ ᠶᠢᠨ ᠰᠥᠰᠥ ᠵᠣᠷᠢᠭ ᠪᠠ ᠣᠶᠤᠨ ᠤᠬᠠᠭᠠᠨ ᠢᠶᠠᠷ ᠴᠢᠬᠤᠯᠠ | ᠬᠦᠷᠢᠶᠡᠨ ᠳᠠᠬᠢ ᠥᠭᠡᠷᠡᠴᠢᠯᠡᠯᠲᠡ ᠶᠢ ᠴᠠᠭ ᠲᠣᠬᠢᠶᠠᠯ ᠢ ᠠᠯᠳᠠᠯ ᠦᠭᠡᠢ ᠪᠠᠷ ᠭᠦᠨᠵᠡᠭᠡᠶᠢᠷᠡᠭᠦᠯᠬᠦ ᠬᠡᠷᠡᠭᠲᠡᠢ︾ ᠭᠡᠵᠡᠢ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠨᠢ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠭᠤᠣᠯ ᠰᠡᠳᠦᠪ ᠤᠨ ᠲᠣᠭᠤᠷᠢᠨ ᠳᠤ ᠡᠯ᠎ᠡ | ᠬᠦᠷᠢᠶᠡᠨ ᠳᠠᠬᠢ ᠥᠭᠡᠷᠡᠴᠢᠯᠡᠯᠲᠡ ᠶᠢᠨ ᠡᠭᠦᠷᠭᠡ ᠶᠢ ᠪᠠᠶᠢᠷᠢᠯᠠᠭᠤᠯᠵᠤ᠂ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠷᠤᠭᠰᠢᠯᠠᠯᠲᠠ ᠶᠢᠨ ᠪᠦᠷᠢᠶ᠎ᠡ ᠶᠢ ᠬᠠᠩᠭᠢᠨᠠᠭᠤᠯᠤᠭᠰᠠᠨ | ᠪᠠᠶᠢᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠪᠣᠯ ᠨᠠᠮ ᠪᠠ | ᠤᠯᠤᠰ ᠤᠨ ᠠᠵᠢᠯ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠪᠥᠬᠦ ᠤᠯᠤᠰ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠠᠴᠠ ᠠᠯᠢ ᠣᠯᠠᠨ | ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠬᠠᠮᠲᠤ ᠶᠢᠨ ᠲᠠᠨᠢᠯᠲᠠ ᠶᠢ | ᠨᠢᠭᠲᠠᠷᠠᠭᠤᠯᠤᠨ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠵᠤ᠂ ᠥᠭᠡᠷᠡᠴᠢᠯᠡᠯᠲᠡ ᠪᠠᠷ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ | ᠠᠬᠢᠭᠤᠯᠵᠤ᠂ ᠥᠭᠡᠷᠡᠴᠢᠯᠡᠯᠲᠡ ᠶᠢᠨ ᠥᠷᠭᠡᠴᠡ ᠪᠠ ᠭᠦᠨᠵᠡᠭᠡᠶᠢᠷᠡᠯᠲᠡ ᠶᠢ ᠲᠠᠰᠤᠷᠠᠯᠲᠠ ᠦᠭᠡᠢ ᠲᠦᠯᠬᠢᠨ | ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ ᠵᠧᠵᠢᠶᠠᠩ ᠮᠤᠵᠢ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠬᠢᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠬᠥᠭᠵᠢᠯᠲᠡ ᠶᠢᠨ ᠰᠢᠨ᠎ᠡ ᠪᠠᠶᠢᠳᠠᠯ ᠤᠨ ᠡᠮᠦᠨ᠎ᠡ᠂ ᠰᠢᠨ᠎ᠡ ᠨᠢᠭᠡᠨ ᠡᠭᠡᠯᠵᠢ ᠶᠢᠨ | ᠰᠢᠨᠵᠢᠯᠡᠬᠦ ᠤᠬᠠᠭᠠᠨ ᠮᠡᠷᠭᠡᠵᠢᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠡᠮᠦᠨ᠎ᠡ᠂ ᠠᠷᠠᠳ ᠤᠯᠠᠨ ᠤ ᠰᠢᠨ᠎ᠡ | ᠬᠦᠰᠡᠯ ᠡᠷᠡᠮᠡᠯᠵᠡᠯ ᠤᠨ ᠡᠮᠦᠨ᠎ᠡ᠂ ᠬᠤᠳᠠ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ᠂ ᠣᠷᠣᠨ ᠰᠠᠭᠤᠴᠠ᠂ | ᠪᠠᠷᠢᠯᠭ᠎ᠠ ᠶᠢᠨ ᠦᠢᠯᠡᠰ ᠵᠡᠷᠭᠡ ᠬᠦᠷᠢᠶᠡᠨ ᠳᠠᠬᠢ ᠪᠣᠳᠠᠲᠠᠢ ᠥᠭᠡᠷᠡᠴᠢᠯᠡᠯᠲᠡ ᠶᠢᠨ ᠴᠢᠭᠯᠡᠯ ᠢ ᠢᠳᠡᠪᠬᠢᠲᠡᠢ ᠬᠠᠶᠢᠨ | ᠰᠦᠪᠡᠭᠴᠢᠯᠡᠵᠦ᠂ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠤᠯᠤᠰ ᠤᠨ ᠣᠷᠣᠨ | ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠡᠮᠦᠨ᠎ᠡ ᠡᠩᠨᠡᠭᠡᠨ ᠳᠤ | ᠶᠠᠪᠤᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠮᠢᠳᠤᠯᠢᠭ ᠬᠠᠭᠤᠳᠠᠰᠤ ᠶᠢ ᠪᠢᠴᠢᠭᠯᠡᠵᠡᠢ᠃ | | | ᠰᠢᠨ᠎ᠡ ᠵᠢᠮ᠎ᠡ ᠶᠣᠰᠣ ᠰᠢᠨ᠎ᠡ ᠣᠨᠴᠠᠯᠢᠭ ᠢ ᠡᠵᠡᠮᠳᠡᠵᠦ᠂ ᠥᠭᠡᠷᠡᠴᠢᠯᠡᠯᠲᠡ ᠶᠢᠨ ᠠᠷᠭ᠎ᠠ ᠶᠢ ᠴᠢᠳᠠᠮᠠᠭᠠᠢ ᠪᠠᠷ | ᠬᠡᠷᠡᠭᠯᠡᠬᠦ ᠬᠡᠷᠡᠭᠲᠡᠢ᠃ ᠵᠧᠵᠢᠶᠠᠩ ᠮᠤᠵᠢ ᠶᠢᠨ ᠬᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠤ ᠥᠭᠡᠷᠡᠴᠢᠯᠡᠯᠲᠡ ᠶᠢᠨ ᠵᠢᠮ᠎ᠡ ᠶᠣᠰᠣ ᠣᠨᠴᠠᠯᠢᠭ ᠢ ᠭᠦᠨᠵᠡᠭᠡᠢ ᠡᠵᠡᠮᠳᠡᠵᠦ᠂ | ᠰᠢᠨᠵᠢᠯᠡᠬᠦ ᠤᠬᠠᠭᠠᠨᠴᠢ ᠥᠭᠡᠷᠡᠴᠢᠯᠡᠯᠲᠡ ᠶᠢᠨ ᠠᠷᠭ᠎ᠠ ᠶᠢ ᠬᠡᠷᠡᠭᠯᠡᠵᠦ᠂ ᠥᠭᠡᠷᠡᠴᠢᠯᠡᠯᠲᠡ ᠶᠢᠨ ᠲᠦᠷᠭᠡᠨ ᠪᠥᠭᠡᠳ | ᠯᠠᠪᠳᠠᠭᠤᠨ᠂ ᠥᠷᠭᠡᠴᠡ ᠲᠠᠢ ᠭᠦᠨᠵᠡᠭᠡᠶᠢᠷᠡᠬᠦ ᠶᠢ ᠪᠠᠲᠤᠯᠠᠵᠠᠢ᠃ ᠥᠭᠡᠷᠡᠴᠢᠯᠡᠯᠲᠡ ᠶᠢᠨ ᠲᠥᠯᠦᠪᠵᠢᠭᠦᠯᠭᠡ ᠶᠢᠨ | ᠲᠠᠯ᠎ᠠ ᠪᠠᠷ ᠳᠣᠣᠷᠠᠳᠤ ᠳᠠᠪᠬᠤᠷᠭ᠎ᠠ ᠶᠢᠨ ᠯᠣᠭᠢᠭ ᠢ ᠲᠣᠳᠣᠷᠬᠠᠶᠢᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ | ᠶᠣᠰᠣ ᠶᠢ ᠠᠬᠢᠭᠤᠯᠬᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠤᠭ ᠰᠠᠨᠠᠭ᠎ᠠ ᠶᠢ ᠲᠣᠭᠲᠠᠭᠠᠵᠤ᠂ | ᠰᠢᠨᠵᠢᠯᠡᠬᠦ ᠤᠬᠠᠭᠠᠨ ᠢ ᠬᠦᠨᠳᠦᠳᠬᠡᠵᠦ᠂ ᠵᠢᠮ᠎ᠡ ᠶᠣᠰᠣ ᠶᠢ ᠬᠦᠨᠳᠦᠳᠬᠡᠵᠦ᠂ ᠪᠣᠳᠠᠲᠤ ᠪᠠᠶᠢᠳᠠᠯ ᠢ ᠬᠦᠨᠳᠦᠳᠬᠡᠵᠦ᠂ | ᠠᠰᠠᠭᠤᠳᠠᠯ ᠢ ᠣᠨᠣᠪᠴᠢᠲᠠᠢ ᠡᠷᠢᠵᠦ᠂ ᠬᠠᠷᠠᠯᠲᠠ ᠪᠠᠨ ᠣᠨᠢᠯᠠᠵᠤ᠂ ᠣᠨᠣᠪᠴᠢᠲᠠᠢ ᠠᠷᠭᠠᠴᠠᠬᠤ ᠠᠷᠭ᠎ᠠ ᠪᠣᠳᠣᠯᠭ᠎ᠠ | ᠭᠠᠷᠭᠠᠪᠠ᠃ | | | ᠥᠭᠡᠷᠡᠴᠢᠯᠡᠯᠲᠡ ᠶᠢᠨ ᠠᠷᠭ᠎ᠠ ᠵᠠᠮ ᠤᠨ ᠲᠠᠯ᠎ᠠ ᠪᠠᠷ ᠲᠥᠪ ᠭᠤᠣᠯᠴᠢ ᠰᠢᠨ᠎ᠡ ᠶᠢ ᠡᠭᠦᠳᠬᠦ ᠶᠢ ᠪᠠᠷᠢᠮᠲᠠᠯᠠᠵᠤ᠂ | ᠣᠶᠢᠯᠠᠭᠠᠭᠳᠠᠬᠤᠨ ᠤ ᠰᠢᠨ᠎ᠡ ᠶᠢ ᠡᠭᠦᠳᠬᠦ᠂ ᠳᠦᠷᠢᠮ ᠤᠨ ᠰᠢᠨ᠎ᠡ ᠶᠢ ᠡᠭᠦᠳᠬᠦ᠂ ᠦᠢᠯᠡᠳᠦᠯᠭᠡ ᠶᠢᠨ ᠰᠢᠨ᠎ᠡ ᠶᠢ | ᠡᠭᠦᠳᠬᠦ ᠶᠢ ᠠᠬᠢᠭᠤᠯᠵᠤ᠂ ᠪᠦᠬᠦ ᠠᠵᠢᠯ ᠲᠦᠷᠦᠯ ᠤᠨ ᠥᠭᠡᠷᠡᠴᠢᠯᠡᠯᠲᠡ ᠳᠤ ᠳᠠᠭᠤᠷᠢᠶᠠᠵᠤ ᠪᠣᠯᠬᠤ ᠳᠡᠯᠭᠡᠷᠡᠭᠦᠯᠵᠦ | ᠪᠣᠯᠬᠤ ᠠᠰᠢᠭᠲᠠᠢ ᠲᠤᠷᠰᠢᠯᠭ᠎ᠠ ᠶᠢ ᠬᠠᠶᠢᠨ ᠰᠦᠪᠡᠭᠴᠢᠯᠡᠪᠡ᠃ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ | ᠲᠠᠯ᠎ᠠ ᠪᠠᠷ ᠰᠢᠰᠲ᠋ᠧᠮ ᠤᠨ ᠴᠤᠭᠯᠠᠷᠠᠯ ᠢ ᠴᠢᠬᠤᠯᠠᠴᠢᠯᠠᠵᠤ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠬᠦᠷᠢᠶᠡᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠳᠤ ᠬᠦᠴᠦ ᠲᠠᠯᠪᠢᠵᠤ᠂ ᠪᠦᠬᠦᠯᠢ ᠴᠣᠭᠴᠠ ᠪᠠᠷ ᠲᠦᠯᠬᠢᠨ ᠠᠬᠢᠭᠤᠯᠬᠤ᠂ ᠭᠤᠣᠯᠳᠠᠯᠭ᠎ᠠ ᠲᠠᠢ ᠪᠠᠷ | ᠰᠢᠪᠲᠤᠯᠤᠯᠲᠠ ᠬᠢᠬᠦ ᠶᠢ ᠪᠡᠶᠡᠯᠡᠭᠦᠯᠵᠦ᠂ ᠠᠳᠠᠯᠢ ᠪᠤᠰᠤ ᠠᠵᠢᠯ ᠤᠨ ᠥᠭᠡᠷᠡᠴᠢᠯᠡᠯᠲᠡ ᠶᠢ ᠵᠣᠯᠭᠠᠭᠤᠯᠬᠤ ᠶᠢ | ᠴᠢᠬᠤᠯᠠᠴᠢᠯᠠᠵᠤ᠂ ︽ᠠᠷᠪᠠᠨ ᠬᠤᠷᠤᠭᠤ ᠪᠠᠷ ᠲᠡᠭᠦᠯᠳᠡᠷ ᠬᠤᠭᠤᠷ ᠳᠠᠷᠤᠬᠤ︾ ᠪᠦᠬᠦᠯᠢ ᠴᠣᠭᠴᠠ ᠶᠢᠨ ᠦᠢᠯᠡᠳᠦᠯ | ᠴᠢᠳᠠᠪᠤᠷᠢ ᠶᠢ ᠪᠤᠢ ᠪᠣᠯᠭᠠᠪᠠ᠃ ᠥᠭᠡᠷᠡᠴᠢᠯᠡᠯᠲᠡ ᠶᠢᠨ ᠦᠷ᠎ᠡ ᠪᠦᠲᠦᠭᠡᠯ ᠤᠨ ᠲᠠᠯ᠎ᠠ ᠪᠠᠷ ᠪᠣᠳᠠᠲᠠᠢ ᠦᠷ᠎ᠡ | ᠪᠦᠲᠦᠮᠵᠢ ᠶᠢ ᠲᠣᠪᠤᠶᠢᠯᠭᠠᠨ᠂ ᠠᠷᠠᠳ ᠲᠦᠮᠡᠨ ᠳᠤ ᠠᠵᠠ ᠵᠢᠷᠭᠠᠯ ᠣᠯᠭᠤᠬᠤ ᠪᠠᠷ ᠡᠭᠦᠰᠬᠡᠯ ᠲᠡᠭᠦᠰᠬᠡᠯ ᠪᠣᠯᠭᠠᠬᠤ ᠶᠢ | ᠪᠠᠷᠢᠮᠲᠠᠯᠠᠵᠤ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ | ᠠᠰᠢᠭ ᠲᠤᠰᠠ ᠶᠢᠨ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠢᠢᠳᠪᠦᠷᠢᠯᠡᠵᠦ᠂ ᠥᠭᠡᠷᠡᠴᠢᠯᠡᠯᠲᠡ ᠨᠢ | ᠠᠷᠠᠳ ᠲᠦᠮᠡᠨ ᠳᠤ ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ ᠪᠣᠳᠠᠲᠤ ᠠᠰᠢᠭ ᠲᠤᠰᠠ ᠣᠯᠭᠤᠬᠤ ᠶᠢ | ᠦᠨᠡᠨ ᠬᠦ ᠪᠠᠲᠤᠯᠠᠪᠠ᠃ | | | ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ | ᠭᠤᠣᠯᠳᠠᠯᠭ᠎ᠠ ᠶᠢ ᠣᠨᠣᠪᠴᠢᠲᠠᠢ ᠡᠷᠢᠵᠦ ᠣᠯᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ᠂ ᠪᠦᠬᠦ ᠤᠯᠤᠰ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠠᠴᠠ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢ | ᠪᠠᠶᠢᠷᠢᠯᠠᠭᠤᠯᠵᠠᠢ᠂ ᠵᠧᠵᠢᠶᠠᠩ ᠮᠤᠵᠢ ᠶᠢᠨ ᠬᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠭᠤᠣᠯᠳᠠᠯᠭ᠎ᠠ ᠶᠢ ᠴᠢᠩᠭ᠎ᠠ ᠠᠳᠬᠤᠬᠤ᠂ ᠠᠵᠢᠯ ᠲᠦᠷᠦᠯ ᠤᠨ ᠬᠡᠯᠪᠡᠷᠢ ᠬᠤᠪᠢᠷᠠᠭᠤᠯᠬᠤ ᠶᠢ | ᠴᠢᠬᠤᠯᠠᠴᠢᠯᠠᠬᠤ᠂ ᠦᠨᠳᠦᠰᠦᠨ ᠱᠠᠲᠤᠨ ᠤ ᠲᠥᠷᠥᠭᠳᠡᠯ ᠲᠠᠢ ᠪᠠᠶᠢᠬᠤ ᠶᠢ ᠴᠢᠬᠤᠯᠠᠴᠢᠯᠠᠬᠤ ᠭᠤᠷᠪᠠᠨ ᠲᠠᠯ᠎ᠠ ᠠᠴᠠ | ᠬᠦᠴᠦᠯᠡᠵᠦ᠂ ᠡᠯ᠎ᠡ ᠬᠦᠷᠢᠶᠡᠨ ᠤ ᠥᠭᠡᠷᠡᠴᠢᠯᠡᠯᠲᠡ ᠶᠢ ᠰᠢᠰᠲ᠋ᠧᠮ ᠲᠠᠢ ᠪᠠᠷ ᠲᠥᠯᠥᠪᠵᠢᠭᠦᠯᠦᠨ ᠠᠬᠢᠭᠤᠯᠵᠠᠢ᠃ | ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠲᠦᠯᠬᠢᠨ ᠠᠬᠢᠭᠤᠯᠬᠤ ᠲᠠᠯ᠎ᠠ ᠪᠠᠷ᠂ ᠬᠤᠳᠠ ᠶᠢᠨ ᠰᠢᠨᠡᠴᠢᠯᠡᠯᠲᠡ ᠶᠢᠨ ᠦᠷᠭᠦᠯᠵᠢᠯᠡᠬᠦ ᠬᠡᠪ ᠵᠠᠭᠪᠤᠷ ᠢ ᠪᠠᠶᠢᠭᠤᠯᠵᠤ᠂ | ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠨᠢᠭᠡᠳᠦᠯᠲᠡᠢ ᠲᠥᠯᠥᠪᠯᠡᠨ ᠪᠦᠲᠦᠭᠡᠨ ᠪᠠᠶᠢᠭᠤᠯᠵᠤ | ᠰᠢᠨᠡᠴᠢᠯᠡᠬᠦ ᠲᠣᠭᠲᠠᠴᠠ ᠶᠢᠨ ᠥᠭᠡᠷᠡᠴᠢᠯᠡᠯᠲᠡ ᠶᠢ ᠥᠷᠨᠢᠭᠦᠯᠦᠨ᠂ ︽ᠬᠤᠳᠠ ᠶᠢᠨ ᠬᠠᠮᠢᠶᠠᠷᠤᠯᠲᠠ︾ ᠶᠢᠨ ᠨᠢᠭᠡ | ᠰᠦᠯᠵᠢᠶᠡᠨ ᠤ ᠣᠶᠤᠨᠴᠢ ᠵᠠᠰᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠮᠡᠭᠳᠡᠯ ᠤᠨ ᠬᠡᠮᠵᠢᠶ᠎ᠡ ᠶᠢ ᠦᠯᠡᠳᠡᠭᠡᠯ | ᠪᠦᠲᠦᠭᠡᠨ ᠪᠠᠶᠢᠭᠤᠯᠤᠯᠲᠠ ᠪᠣᠯᠭᠠᠨ ᠬᠤᠪᠢᠷᠠᠭᠤᠯᠬᠤ ᠬᠥᠭᠵᠢᠯᠲᠡ ᠶᠢᠨ ᠰᠢᠨ᠎ᠡ ᠬᠡᠷᠡᠭᠴᠡᠭᠡ ᠳᠤ ᠵᠣᠬᠢᠴᠠᠭᠤᠯᠪᠠ᠃ | ᠬᠤᠳᠠ ᠬᠥᠳᠡᠭᠡ ᠶᠢᠨ ᠣᠷᠣᠨ ᠰᠠᠭᠤᠴᠠ ᠶᠢᠨ ᠠᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠲᠦᠯᠬᠢᠨ ᠠᠬᠢᠭᠤᠯᠬᠤ ᠲᠠᠯ᠎ᠠ ᠪᠠᠷ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ | ᠲᠦᠷᠭᠡᠪᠴᠢᠯᠡᠨ ᠪᠠᠶᠢᠭᠤᠯᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠪᠦᠬᠦ ᠠᠮᠢ ᠨᠠᠰᠤᠨ ᠤ ᠦᠶᠡᠯᠡᠯ ᠤᠨ | ᠬᠤᠭᠤᠴᠠᠭᠠᠨ ᠤ ᠬᠠᠮᠢᠶᠠᠷᠤᠯᠲᠠ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠳᠠ ᠪᠠᠯᠭᠠᠰᠤᠨ ᠤ ᠨᠡᠶᠢᠭᠡᠮ | ᠲᠣᠭᠤᠷᠢᠭ ᠤᠨ ᠤᠯᠠᠨ ᠨᠡᠶᠢᠲᠡ ᠶᠢᠨ ᠦᠢᠯᠡᠴᠢᠯᠡᠭᠡ ᠶᠢ ᠲᠥᠪᠯᠡᠷᠡᠭᠦᠯᠦᠨ ᠨᠠᠶᠢᠳᠠᠪᠤᠷᠢᠵᠢᠭᠤᠯᠬᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠷᠠᠳ ᠲᠦᠮᠡᠨ ᠤ ᠴᠢᠨᠠᠷ ᠰᠠᠶᠢᠲᠠᠢ ᠣᠷᠣᠨ ᠰᠠᠭᠤᠴᠠ ᠶᠢᠨ ᠣᠷᠴᠢᠨ ᠨᠥᠬᠦᠴᠡᠯ ᠤᠨ ᠰᠢᠨ᠎ᠡ | ᠱᠠᠭᠠᠷᠳᠠᠯᠭ᠎ᠠ ᠶᠢ ᠬᠠᠩᠭᠠᠪᠠ᠃ ᠪᠠᠷᠢᠯᠭ᠎ᠠ ᠶᠢᠨ ᠦᠢᠯᠡᠰ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠪᠠᠶᠢᠭᠤᠯᠬᠤ ᠲᠠᠯ᠎ᠠ ᠪᠠᠷ᠂ ᠣᠶᠤᠨᠴᠢ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠬᠡᠪᠴᠢᠶ᠎ᠡ ᠶᠢ ᠥᠷᠭᠡᠳᠬᠡᠬᠦ ᠶᠢ | ᠶᠡᠬᠡᠪᠡᠷ ᠠᠬᠢᠭᠤᠯᠵᠤ᠂ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠪᠠᠷᠢᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠰᠢᠨ᠎ᠡ ᠦᠢᠯᠡᠳᠪᠦᠷᠢᠯᠡᠯ ᠤᠨ | ᠬᠦᠴᠦᠨ ᠢ ᠢᠳᠡᠪᠬᠢᠲᠡᠢ ᠪᠣᠶᠢᠵᠢᠭᠤᠯᠪᠠ᠃ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ | ᠪᠣᠯᠭᠠᠬᠤ ᠶᠢ ᠲᠦᠯᠬᠢᠨ ᠠᠬᠢᠭᠤᠯᠬᠤ ᠲᠠᠯ᠎ᠠ ᠪᠠᠷ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠬᠤᠲᠠ ᠶᠢᠨ | ᠶᠠᠪᠤᠳᠠᠯ ᠤᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ | ᠵᠠᠰᠠᠯᠲᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ | ᠲᠦᠷᠦᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠠᠤᠯᠢ ᠪᠠᠷ | ᠵᠠᠰᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠬᠥᠭᠵᠢᠯᠲᠡ ᠶᠢᠨ ᠰᠢᠨ᠎ᠡ | ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠪᠡ᠃ | | | ︽ᠬᠥᠭᠵᠢᠯᠲᠡ ᠪᠠᠷ ᠰᠡᠳᠦᠪᠯᠡᠵᠦ᠂ ᠥᠭᠡᠷᠡᠴᠢᠯᠡᠯᠲᠡ ᠶᠢ ᠪᠣᠳᠠᠲᠠᠶᠢᠵᠢᠭᠤᠯᠤᠨ᠎ᠠ︾᠃ ᠥᠭᠡᠷᠡᠴᠢᠯᠡᠯᠲᠡ ᠪᠣᠯ | ᠬᠥᠭᠵᠢᠯᠲᠡ ᠶᠢᠨ ᠬᠥᠳᠡᠯᠭᠡᠬᠦ ᠬᠦᠴᠦᠨ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ | ᠠᠬᠢᠭᠤᠯᠬᠤ ᠴᠢᠬᠤᠯᠠ ᠡᠷᠳᠡᠨᠢ ᠮᠥᠨ᠃ ᠡᠯ᠎ᠡ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠰᠢᠰᠲ᠋ᠧᠮ ᠤᠨ ᠬᠢᠨ ᠪᠣᠳᠠᠲᠤ ᠪᠠᠶᠢᠳᠠᠯ ᠳᠤ ᠰᠠᠭᠤᠷᠢᠯᠠᠨ᠂ ᠵᠣᠷᠢᠭᠲᠠᠢ ᠪᠠᠷ ᠬᠠᠶᠢᠨ | ᠰᠦᠪᠡᠭᠴᠢᠯᠡᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠥᠭᠡᠷᠡᠴᠢᠯᠡᠯᠲᠡ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠥᠭᠡᠷᠡᠴᠢᠯᠡᠯᠲᠡ ᠶᠢᠨ ᠳᠦᠷᠢᠮ ᠤᠨ ᠦᠷ᠎ᠡ ᠪᠦᠲᠦᠭᠡᠯ ᠪᠠ ᠦᠢᠯᠡᠳᠦᠯᠭᠡ ᠶᠢᠨ | ᠦᠷ᠎ᠡ ᠪᠦᠲᠦᠭᠡᠯ ᠢ ᠨᠠᠩ ᠣᠯᠠᠨ ᠣᠯᠬᠤ ᠪᠠᠷ ᠴᠢᠷᠮᠠᠶᠢᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠯᠤᠲᠤ ᠶᠡᠭᠡ ᠳᠠᠯᠳᠠ ᠬᠦᠴᠦᠨ ᠢ ᠨᠠᠩ ᠭᠦᠢᠴᠡᠳ ᠪᠠᠳᠠᠷᠠᠭᠤᠯᠵᠤ᠂ | ᠠᠷᠠᠳ ᠤᠨ ᠠᠮᠢᠳᠤᠷᠠᠯ ᠢ ᠨᠠᠩ ᠬᠦᠴᠦᠲᠡᠢ ᠪᠠᠲᠤᠯᠠᠨ ᠰᠠᠶᠢᠵᠢᠷᠠᠭᠤᠯᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ | ᠨᠠᠩ ᠰᠢᠰᠲ᠋ᠧᠮ ᠲᠠᠢ ᠪᠠᠷ ᠰᠡᠷᠭᠡᠶᠢᠯᠡᠨ ᠠᠷᠢᠯᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ | | | | | | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ |