ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠨᠠᠢᠮᠠᠨ ᠵᠦᠢᠯ ᠤᠨ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2025/3/26
    ᠬᠥᠬᠡᠬᠤᠲᠠ ᠵᠠᠰᠠᠭ ᠠᠯᠪᠠᠨ ᠲᠠᠷᠬᠠᠭᠠᠭᠰᠠᠨ﹇2024﹈ 47ᠳ᠋ᠤᠭᠠᠷ ᠲᠣᠭᠠᠲᠤ   ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄           ︽ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠨᠠᠢᠮᠠᠨ ᠵᠦᠢᠯ ᠤᠨ ᠠᠷᠭ᠎ᠠ ᠬᠡᠮᠵᠢᠶ᠎ᠡ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ‌ᠠᠳᠬᠤᠲᠤᠭᠠᠢ᠃                                ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                2024 ᠣᠨ ᠤ 12 ᠳ᠋ᠤᠭᠠᠷ ᠰᠠᠷ᠎ᠠ ᠶᠢᠨ 24 ᠤ ᠡᠳᠦᠷ                                ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶   ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠨᠠᠢᠮᠠᠨ ᠵᠦᠢᠯ ᠤᠨ ᠠᠷᠭ᠎ᠠ ᠬᠡᠮᠵᠢᠶ᠎ᠡ             ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠡᠭᠦᠳᠦᠯᠲᠡ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ︵2023-2025 ᠣᠨ︶ ᠶᠢ  ᠬᠡᠷᠡᠭᠵᠢᠭᠦᠯᠬᠦ ᠲᠤᠬᠠᠢ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠮᠡᠳᠡᠭᠳᠡᠯ︾ ︵ᠬᠥᠮᠥᠨ ᠨᠡᠶᠢᠭᠡᠮ ᠶᠠᠮᠤᠨ ᠲᠠᠷᠬᠠᠭᠠᠭᠰᠠᠨ ﹇2022﹈ 83 ᠳ᠋ᠤᠭᠠᠷ ᠲᠣᠭᠠᠲᠤ︶ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠲᠠᠪᠤᠨ ᠰᠠᠯᠠᠭ᠎ᠠ ᠮᠥᠴᠢᠷ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠬᠥᠮᠥᠨ ᠨᠡᠶᠢᠭᠡᠮ ᠲᠠᠷᠬᠠᠭᠠᠭᠰᠠᠨ ﹇2022﹈ 74 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃           ᠨᠢᠭᠡ᠂ ︽ᠨᠢᠭᠡ ᠬᠦᠷᠢᠶᠡᠯᠡᠩ ᠭᠤᠷᠪᠠᠨ ᠲᠣᠭᠤᠷᠢᠭ ᠣᠯᠠᠨ ᠴᠡᠭ︾ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ           ᠪᠥᠬᠦ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢᠶᠠᠷ ᠭᠤᠣᠯ ᠬᠦᠷᠢᠶᠡᠯᠡᠩ ᠲᠣᠭᠤᠷᠢᠭ ᠪᠣᠯᠭᠠᠵᠤ᠂ ᠬᠤᠷᠢᠨᠭᠡᠷ ᠰᠢᠨ᠎ᠡ ᠲᠣᠭᠤᠷᠢᠭ ᠤᠨ ᠡᠭᠦᠯᠡᠨ ᠬᠥᠨᠳᠡᠢ ᠶᠢᠨ ᠲᠣᠭᠠᠴᠢᠯᠠᠭᠰᠠᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠪᠠ ᠰᠠᠶᠢᠬᠠᠨ ᠲᠣᠭᠤᠷᠢᠭ ᠤᠨ ᠥᠪᠥᠷ ᠮᠣᠩᠭᠤᠯ ᠤᠨ ᠤᠮᠠᠷᠠᠲᠤ ᠶᠢᠨ ᠴᠢᠳᠠᠪᠤᠷᠢᠲᠠᠨ ᠢ ᠦᠨᠡᠯᠡᠨ ᠰᠢᠯᠭᠠᠬᠤ ᠦᠢᠯᠡᠴᠢᠯᠡᠭᠡᠨ ᠤ ᠰᠠᠭᠤᠷᠢᠨ ᠭᠠᠵᠠᠷ ᠢᠶᠠᠷ ᠬᠤᠪᠢᠶᠠᠷᠢ ᠬᠦᠷᠢᠶᠡᠯᠡᠩ ᠲᠣᠭᠤᠷᠢᠭ ᠪᠣᠯᠭᠠᠵᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠵᠢᠨᠴᠢᠶᠣᠣ ᠶᠢᠨ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠣᠷᠣᠨ᠂ ᠥᠪᠥᠷ ᠮᠣᠩᠭᠤᠯ ᠤᠨ ᠣᠶᠤᠲᠠᠳ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠵᠡᠷᠭᠡ ᠣᠯᠠᠨ ᠭᠠᠵᠠᠷ ᠪᠠᠶᠢᠷᠢᠰᠢᠭᠤᠯᠤᠭᠰᠠᠨ᠂ ᠬᠠᠷᠢᠯᠴᠠᠨ ᠨᠥᠬᠦᠪᠦᠷᠢᠯᠡᠭᠰᠡᠨ᠂ ᠬᠠᠮᠵᠢᠯᠴᠠᠨ ᠬᠥᠭᠵᠢᠭᠰᠡᠨ ︽ᠨᠢᠭᠡ ᠬᠦᠷᠢᠶᠡᠯᠡᠩ ᠭᠤᠷᠪᠠᠨ ᠲᠣᠭᠤᠷᠢᠭ ᠣᠯᠠᠨ ᠴᠡᠭ︾ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠲᠤᠰ ᠲᠤᠰ 1000 ᠲᠦᠮᠡᠨ ᠲᠥᠭᠦᠷᠢᠭ᠂ 500 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠡᠭᠦᠳᠦᠨ ᠪᠠᠶᠢᠭᠤᠯᠬᠤ ᠨᠥᠬᠦᠪᠦᠷᠢ ᠣᠯᠭᠤᠨ᠎ᠠ᠃ ︵ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶           ᠬᠤᠶᠠᠷ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠦᠨ᠎ᠡ           ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠨ᠂ ᠣᠯᠠᠨ ᠨᠡᠶᠢᠲᠡ ᠶᠢᠨ ᠦᠢᠯᠡᠴᠢᠯᠡᠭᠡ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠳᠠᠯ ᠦᠢᠯᠡᠰ ᠴᠣᠭᠴᠠᠯᠠᠵᠤ ᠨᠡᠪᠴᠢᠭᠦᠯᠬᠦ᠂ ᠥᠪᠡᠷᠮᠢᠴᠡ ᠦᠢᠯᠡᠴᠢᠯᠡᠭᠡ ᠵᠡᠷᠭᠡ ᠶᠢ ᠪᠠᠭᠲᠠᠭᠠᠭᠰᠠᠨ ᠬᠠᠮᠢᠶ᠎ᠠ ᠪᠦᠬᠦᠢ ᠴᠢᠳᠠᠮᠵᠢ ᠶᠢ ᠲᠥᠪᠯᠡᠷᠡᠭᠦᠯᠦᠭᠰᠡᠨ ᠶᠡᠷᠦᠩᠬᠡᠶᠢᠯᠡᠭᠰᠡᠨ ᠴᠢᠨᠠᠷᠲᠠᠢ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠤᠲᠠ ᠶᠢᠨ ᠱᠠᠲᠤᠨ ᠤ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ ᠰᠠᠭᠤᠷᠢᠨ ᠭᠠᠵᠠᠷ ᠢᠶᠠᠷ ᠦᠨᠡᠯᠡᠨ ᠲᠣᠭᠲᠠᠭᠠᠭᠰᠠᠨ ᠬᠦᠷᠢᠶᠡᠯᠡᠩ ᠲᠣᠭᠤᠷᠢᠭ ᠲᠤ ᠬᠠᠨᠳᠤᠭᠤᠯᠵᠤ᠂ ᠰᠢᠯᠢᠳᠡᠭ ᠢ ᠨᠢ ᠰᠣᠩᠭᠤᠵᠤ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ︔ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢᠶᠠᠷ ᠦᠨᠡᠯᠡᠨ ᠲᠣᠭᠲᠠᠭᠠᠭᠰᠠᠨ ᠬᠦᠷᠢᠶᠡᠯᠡᠩ ᠲᠣᠭᠤᠷᠢᠭ ᠲᠤ ᠬᠠᠨᠳᠤᠭᠤᠯᠵᠤ᠂ 100 ᠲᠦᠮᠡᠨ ᠲᠥᠭᠦᠷᠢᠭ ᠠᠴᠠ 500 ᠲᠦᠮᠡᠨ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠣᠯᠭᠤᠨ᠎ᠠ᠃ ︵ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶           ᠭᠤᠷᠪᠠ᠂ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠬᠥᠭᠵᠢᠨ ᠪᠤᠵᠠᠭᠠᠶᠢᠷᠠᠬᠤ ᠶᠢ ᠳᠡᠮᠵᠢᠨ᠎ᠡ           ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠡᠵᠡᠩᠨᠡᠯᠲᠡ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶᠢᠵᠢᠭᠰᠠᠨ ᠭᠤᠷᠪᠠᠳᠠᠭᠢ ᠡᠲᠡᠭᠡᠳ ᠤᠨ ᠡᠵᠡᠩᠨᠡᠯᠲᠡ ᠶᠢᠨ ᠪᠦᠯᠬᠦᠮ ᠢ ᠤᠷᠢᠨ ᠬᠦᠷᠢᠶᠡᠯᠡᠩ ᠲᠣᠭᠤᠷᠢᠭ ᠢ ᠡᠵᠡᠩᠨᠡᠭᠦᠯᠦᠨ᠎ᠡ᠃ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠬᠦᠷᠢᠶᠡᠯᠡᠩ ᠳᠤ ᠣᠷᠣᠵᠤ ᠬᠥᠭᠵᠢᠬᠦ ᠶᠢ ᠵᠣᠷᠢᠭᠵᠢᠭᠤᠯᠵᠤ᠂ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠳᠤ ᠰᠠᠭᠤᠷᠢᠰᠢᠭᠰᠠᠨ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠡᠮᠦᠨ᠎ᠡ ᠭᠤᠷᠪᠠᠨ ᠵᠢᠯ ᠤᠨ ᠲᠦᠷᠢᠶᠡᠰᠦᠨ ᠮᠥᠩᠭᠦ ᠶᠢ ᠪᠦᠬᠦᠨ ᠢ ᠬᠡᠯᠲᠦᠷᠢᠭᠦᠯᠵᠦ᠂ ᠳᠥᠷᠪᠡᠳᠦᠭᠡᠷ ᠵᠢᠯ᠂ ᠲᠠᠪᠤᠳᠤᠭᠠᠷ ᠵᠢᠯ ᠤᠨ ᠲᠦᠷᠢᠶᠡᠰᠦᠨ ᠮᠥᠩᠭᠦ ᠶᠢ ᠬᠠᠭᠠᠰ ᠢᠶᠠᠷ ᠬᠡᠯᠲᠦᠷᠢᠭᠦᠯᠦᠨ᠎ᠡ᠃ ᠠᠵᠤ ᠦᠢᠯᠡᠰ ᠤᠨ ᠬᠦᠷᠢᠶᠡᠯᠡᠩ ᠳᠤ ᠨᠢᠭᠡ ᠥᠷᠲᠡᠭᠡ ᠮᠠᠶ᠋ᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠰᠠᠭᠤᠷᠢᠰᠢᠭᠰᠠᠨ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠬᠦ᠂ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠲᠥᠷᠥᠯ ᠵᠦᠢᠯ ᠢ ᠲᠠᠨᠢᠯᠴᠠᠭᠤᠯᠬᠤ ᠵᠡᠷᠭᠡ ᠪᠥᠬᠦ ᠬᠦᠴᠦᠨ ᠵᠦᠢᠯ᠂ ᠳᠣᠣᠷ᠎ᠠ ᠥᠪᠡᠷ ᠤᠨ ᠥᠷᠲᠡᠭ ᠲᠠᠢ᠂ ᠳᠥᠭᠦᠮ ᠳᠥᠲᠡ ᠦᠢᠯᠡᠴᠢᠯᠡᠭᠡ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶           ᠳᠥᠷᠪᠡ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷ ᠲᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ           ᠬᠠᠮᠲᠤᠷᠠᠨ ᠡᠵᠡᠩᠨᠡᠬᠦ ᠪᠤᠶᠤ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠵᠠᠰᠠᠭ ᠤᠨ ᠣᠷᠳᠣᠨ ᠤ ᠴᠢᠳᠠᠪᠤᠷᠢᠲᠠᠨ ᠤ ᠦᠢᠯᠡᠴᠢᠯᠡᠭᠡᠨ ᠪᠣᠯᠣᠨ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠦᠨ ᠬᠦᠴᠦᠨ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠡᠷᠢᠵᠦ ᠡᠯᠰᠡᠬᠦ᠂ ᠠᠵᠢᠯ ᠣᠯᠭᠤᠬᠤ ᠶᠢ ᠵᠢᠭᠠᠨ ᠵᠢᠯᠤᠭᠤᠳᠬᠤ᠂ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠥᠭᠬᠦ ᠵᠡᠷᠭᠡ ᠦᠢᠯᠡᠴᠢᠯᠡᠭᠡᠨ ᠤ ᠲᠥᠷᠥᠯ ᠵᠦᠢᠯ ᠢ ᠬᠠᠤᠯᠢ ᠲᠣᠭᠲᠠᠭᠠᠯ ᠶᠣᠰᠣᠭᠠᠷ ᠳᠠᠭᠠᠭᠠᠴᠢᠯᠠᠵᠤ ᠠᠪᠬᠤ ᠶᠢ ᠵᠣᠷᠢᠭᠵᠢᠭᠤᠯᠵᠤ ᠬᠥᠲᠥᠯᠥᠨ ᠵᠢᠯᠣᠭᠤᠳᠤᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠠᠴᠠ ᠡᠯ᠎ᠡ ᠲᠥᠷᠥᠯ ᠤᠨ ᠨᠡᠶᠢᠭᠡᠮ ᠤᠨ ᠬᠥᠮᠥᠰ ᠲᠤ ᠠᠵᠢᠯ ᠲᠥᠷᠥᠯ ᠲᠠᠨᠢᠯᠴᠠᠭᠤᠯᠬᠤ᠂ ᠠᠵᠢᠯ ᠣᠯᠵᠤ ᠠᠳᠠᠯ ᠦᠢᠯᠡᠰ ᠪᠣᠰᠬᠠᠬᠤ ᠪᠣᠯᠪᠠᠰᠤᠷᠠᠭᠤᠯᠤᠯ ᠬᠢᠬᠦ ᠵᠡᠷᠭᠡ ᠦᠢᠯᠡᠴᠢᠯᠡᠭᠡ ᠬᠠᠩᠭᠠᠵᠤ᠂ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠪᠡᠯ᠂ ᠠᠵᠢᠯ ᠣᠯᠵᠤ ᠠᠳᠠᠯ ᠦᠢᠯᠡᠰ ᠪᠣᠰᠬᠠᠬᠤ ᠦᠢᠯᠡᠴᠢᠯᠡᠭᠡᠨ ᠤ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶           ᠲᠠᠪᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ                  ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠳᠠᠭᠠᠭᠤᠯᠤᠭᠴᠢ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠤᠨ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ᠂ ᠲᠤᠰᠬᠠᠢ ᠮᠡᠷᠭᠡᠵᠢᠯ ᠤᠨ ᠠᠵᠢᠯᠲᠠᠨ ᠪᠣᠯᠣᠨ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠬᠠᠮᠤᠷᠤᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠥᠮᠥᠷᠭᠡ ᠶᠢ ᠪᠠᠶᠢᠭᠤᠯᠤᠨ᠎ᠠ᠃ ᠵᠢᠯ ᠪᠦᠷᠢ ᠬᠥᠮᠥᠨ ᠤ ᠬᠦᠴᠦᠨ ᠤ ᠡᠬᠢ ᠪᠠᠶᠠᠯᠢᠭ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠩᠭᠢ ᠡᠷᠬᠢᠯᠡᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠠᠵᠢᠯ ᠡᠷᠬᠢᠯᠡᠭᠴᠢᠳ ᠤᠨ ᠲᠤᠰᠬᠠᠢ ᠮᠡᠷᠭᠡᠵᠢᠯ ᠤᠨ ᠴᠣᠯᠠ ᠣᠯᠬᠤ ᠶᠢ ᠵᠣᠷᠢᠭᠵᠢᠭᠤᠯᠤᠨ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠨᠡᠶᠢᠭᠡᠮ ᠤᠨ ᠪᠣᠯᠪᠠᠰᠤᠷᠠᠭᠤᠯᠤᠯ ᠦᠨᠡᠯᠡᠯᠲᠡ ᠶᠢᠨ ᠵᠣᠬᠢᠶᠠᠨ ᠪᠠᠶᠢᠭᠤᠯᠤᠯᠲᠠ ᠠᠴᠠ ᠠᠵᠤ ᠠᠬᠤᠶᠢᠯᠠᠯ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠭᠴᠢ ᠬᠥᠮᠥᠵᠢᠭᠦᠯᠬᠦ ᠶᠢ ᠵᠣᠷᠢᠭᠵᠢᠭᠤᠯᠵᠤ᠂ ᠨᠥᠬᠦᠴᠡᠯ ᠳᠤ ᠨᠡᠶᠢᠴᠡᠭᠰᠡᠨ   ᠨᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠨᠥᠬᠦᠪᠦᠷᠢ ᠪᠠ ᠦᠨᠡᠯᠡᠯᠲᠡ ᠶᠢᠨ ᠨᠥᠬᠦᠪᠦᠷᠢ ᠶᠢ ᠬᠦᠷᠲᠡᠵᠦ ᠪᠣᠯᠣᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶           ᠵᠢᠷᠭᠤᠭ᠎ᠠ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭᠠᠨ ᠤ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ           ᠭᠠᠳᠠᠭᠠᠳᠤ ᠶᠢᠨ ᠴᠢᠨᠠᠷ ᠰᠠᠶᠢᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ᠂ ᠲᠥᠷᠥᠯ ᠵᠦᠢᠯ ᠪᠠ ᠮᠡᠷᠭᠡᠵᠢᠯ ᠢ ᠢᠳᠡᠪᠬᠢᠲᠡᠢ ᠪᠠᠷ ᠣᠷᠣᠭᠤᠯᠵᠤ ᠢᠷᠡᠨ᠂ ᠣᠷᠣᠰ ᠪᠠ ᠮᠣᠩᠭᠤᠯ ᠤᠯᠤᠰ  ᠯᠤᠭ᠎ᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠠᠵᠤ ᠦᠢᠯᠡᠰ ᠤᠨ ᠬᠥᠭᠵᠢᠯᠲᠡ ᠶᠢ ᠳᠤᠮᠳᠠᠳᠤ ᠣᠷᠣᠰ ᠮᠣᠩᠭᠤᠯ ᠤᠨ ᠴᠢᠯᠦᠭᠡᠲᠦ ᠠᠷᠠᠯᠵᠢᠶᠠᠨ ᠤ ᠲᠣᠭᠤᠷᠢᠭ ᠲᠠᠢ ᠣᠷᠭᠠᠨᠢᠭ ᠢᠶᠠᠷ ᠤᠶᠠᠯᠳᠤᠭᠤᠯᠵᠤ᠂ ᠳᠤᠮᠳᠠᠳᠤ ᠣᠷᠣᠰ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠰᠠᠭᠤᠷᠢᠨ ᠭᠠᠵᠠᠷ ᠢ ᠪᠠᠶᠢᠭᠤᠯᠤᠨ᠎ᠠ᠃ ︽ᠨᠢᠭᠡ ᠪᠦᠰᠡ ᠨᠢᠭᠡ ᠵᠠᠮ︾ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ  ᠪᠦᠲᠦᠭᠡᠨ ᠪᠠᠶᠢᠭᠤᠯᠬᠤ ᠤᠯᠤᠰ ᠲᠤ ᠨᠡᠭᠡᠭᠡᠨ ᠰᠤᠳᠤᠯᠬᠤ ᠲᠥᠪ ᠪᠠ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠳᠡᠮᠵᠢᠨ᠎ᠠ᠃ ︵ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠬᠠᠮᠢᠶᠠᠷᠤᠯᠲᠠ ᠶᠢᠨ ᠵᠥᠪᠯᠡᠯ︶           ᠳᠣᠯᠤᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠡᠭᠦᠳᠦᠯᠲᠡ ᠬᠥᠭᠵᠢᠯᠲᠡ ᠶᠢ ᠵᠣᠷᠢᠭᠵᠢᠭᠤᠯᠤᠨ᠎ᠠ           ᠳᠡᠭᠡᠳᠦ ᠮᠡᠷᠭᠡᠵᠢᠯ᠂ ᠥᠨᠳᠥᠷ ᠨᠡᠮᠡᠯᠲᠡ ᠥᠷᠲᠡᠭ ᠪᠦᠬᠦᠢ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠮᠥᠵᠢᠭᠦᠯᠦᠨ ᠬᠥᠭᠵᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠲᠣᠭᠠᠴᠢᠯᠠᠭᠰᠠᠨ᠂ ᠣᠶᠤᠨᠴᠢᠯᠠᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠳᠡᠮᠵᠢᠵᠦ᠂ ᠰᠦᠯᠵᠢᠶᠡᠨ ᠳᠡᠭᠡᠷ᠎ᠡ ᠠᠵᠢᠯᠲᠠᠨ ᠡᠯᠰᠡᠬᠦ᠂ ᠠᠯᠤᠰ ᠠᠴᠠ ᠨᠢᠭᠤᠷᠳᠠᠨ ᠰᠢᠯᠭᠠᠬᠤ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠬᠠᠩᠭᠠᠬᠤ᠂ ᠬᠠᠮᠵᠢᠯᠴᠠᠨ ᠠᠵᠢᠯᠯᠠᠬᠤ᠂ ᠰᠦᠯᠵᠢᠶᠡᠨ ᠳᠡᠭᠡᠷᠡᠬᠢ ᠪᠣᠯᠪᠠᠰᠤᠷᠠᠯ ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠲᠣᠰ ᠵᠢᠯ ᠳᠤ ᠦᠨᠡᠯᠡᠨ ᠲᠣᠭᠲᠠᠭᠠᠭᠰᠠᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ 10 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠤᠨ ᠳᠡᠮᠵᠢᠯᠭᠡ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ᠂ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠯᠡᠨ ᠲᠣᠭᠲᠠᠭᠠᠭᠰᠠᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠠᠬᠤᠶᠢᠯᠠᠯ ᠳᠤ ᠲᠣᠰ ᠲᠣᠰ 50 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶           ᠨᠠᠢᠮᠠ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ           ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠡᠳᠦᠷ ᠲᠤᠲᠤᠮ ᠤᠨ ᠵᠠᠰᠠᠭ ᠵᠠᠬᠢᠷᠭᠠᠨ ᠤ ᠪᠠᠶᠢᠴᠠᠭᠠᠯᠲᠠ ᠶᠢᠨ ᠳᠠᠷᠤᠭᠠᠰᠤ ᠶᠢ ᠬᠥᠩᠭᠡᠷᠡᠭᠦᠯᠦᠨ᠎ᠡ᠃ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ ᠴᠢᠨᠠᠷᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠳᠡᠰ ᠲᠣᠭᠲᠠᠭᠠᠬᠤ ᠳᠦᠷᠢᠮ ᠢ ᠬᠡᠷᠡᠭᠵᠢᠭᠦᠯᠦᠨ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶           ᠲᠣᠰ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠥᠬᠡᠬᠤᠲᠠ ᠶᠢᠨ ᠨᠡᠶᠢᠲᠡᠯᠡᠭᠰᠡᠨ ᠠᠵᠤ ᠠᠬᠤᠶᠢᠯᠠᠯ ᠢ ᠳᠡᠮᠵᠢᠬᠦ ᠪᠤᠰᠤᠳ ᠠᠳᠠᠯᠢ ᠲᠥᠷᠥᠯ ᠤᠨ ᠲᠥᠷᠥ ᠶᠢᠨ ᠪᠣᠳᠣᠯᠭ᠎ᠠ ᠲᠠᠢ ᠬᠠᠮᠲᠤ ᠬᠠᠮᠤᠭ ᠥᠨᠳᠥᠷ ᠢᠶᠠᠷ ᠪᠠᠷᠢᠮᠵᠢᠶᠠᠯᠠᠨ ᠬᠠᠷᠠᠭᠠᠯᠵᠠᠬᠤ᠂ ᠳᠠᠪᠬᠤᠷᠳᠠᠭᠤᠯᠤᠨ ᠭᠥᠷᠳᠡᠬᠦ ᠦᠭᠡᠢ ᠵᠠᠷᠴᠢᠮ ᠶᠣᠰᠣᠭᠠᠷ ᠬᠡᠷᠡᠭᠵᠢᠭᠦᠯᠦᠨ᠎ᠡ᠃ 
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号