| | 3 ᠰᠠᠷ᠎ᠠ ᠶᠢᠨ 22 ᠤᠨ ᠡᠳᠦᠷ᠂ 2025 ᠣᠨ ᠤ ᠠᠩᠬᠠᠳᠠᠭᠴᠢ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯᠲᠠᠨ ᠡᠯᠰᠡᠬᠦ ᠴᠤᠭᠯᠠᠭᠠᠨ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠵᠤ᠂ | 704 ᠲᠥᠪ ︵ᠤᠯᠤᠰ︶ ᠤᠨ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠠᠴᠠ 2 | ᠲᠦᠮᠡ ᠭᠠᠷᠤᠢ ᠠᠵᠢᠯ ᠤᠨ ᠪᠠᠶᠢᠷᠢ ᠬᠠᠩᠭᠠᠵᠤ᠂ ᠰᠢᠨ᠎ᠡ ᠪᠠᠷ ᠮᠠᠨᠳᠤᠭᠰᠠᠨ ᠮᠡᠷᠭᠡᠵᠢᠯ᠂ ᠠᠮᠢᠳᠤ ᠪᠣᠳᠠᠰ ᠤᠨ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ᠂ ᠰᠠᠨᠰᠠᠷ ᠤᠨ ᠠᠶᠠᠯᠠᠯ ᠠᠭᠠᠷ ᠤᠨ ᠠᠶᠠᠯᠠᠯ ᠵᠡᠷᠭᠡ 16 ᠠᠵᠢᠯ ᠲᠦᠷᠦᠯ ᠤᠨ | ᠬᠦᠷᠢᠶ᠎ᠡ ᠶᠢ ᠬᠠᠮᠤᠷᠴᠤ᠂ ᠰᠦᠯᠵᠢᠶᠡᠨ ᠳᠡᠭᠡᠷ᠎ᠡ ᠪᠠ ᠠᠬᠤᠢ ᠳᠠᠯᠠᠪᠠᠢ ᠳᠤ ᠵᠡᠷᠭᠡᠪᠡᠷ ᠤᠷᠢᠵᠤ ᠡᠯᠰᠡᠵᠦ᠂ 1.1 ᠲᠦᠮᠡᠨ | ᠬᠥᠮᠥᠨ ᠤᠳᠠᠭ᠎ᠠ ᠶᠢᠨ ᠠᠵᠢᠯ ᠡᠷᠢᠭᠰᠡᠳ ᠢ ᠲᠠᠲᠠᠪᠠ᠃ | | ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠭᠦᠭᠡᠬᠤᠲᠠ ᠶᠢᠨ ᠠᠷᠠᠳ ᠤᠨ ᠵᠠᠰᠠᠭ ᠤᠨ | ᠣᠷᠳᠣᠨ ᠬᠠᠮᠲᠤᠷᠠᠨ ᠡᠷᠭᠢᠯᠡᠵᠦ᠂ ︽ᠲᠥᠷᠥ ᠶᠢᠨ ᠪᠣᠳᠣᠯᠭ᠎ᠠ ᠪᠠᠷ ᠬᠦᠴᠦᠨ ᠣᠯᠭᠤᠬᠤ + ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠢᠶᠠᠷ ᠬᠦᠴᠦ ᠨᠡᠮᠡᠷᠢᠯᠡᠬᠦ + ᠰᠣᠶᠣᠯ ᠤᠨ ᠠᠭᠤᠰᠤᠯᠴᠠᠯ︾ ᠢᠶᠠᠷ ᠭᠤᠣᠯ ᠪᠤᠯᠭᠠᠵᠤ᠂ | ᠵᠠᠯᠠᠭᠤᠴᠤᠳ ᠤᠨ ᠠᠵᠢᠯ ᠣᠯᠭᠤᠯᠲᠠ ᠶᠢᠨ ᠬᠡᠷᠡᠭᠴᠡᠭᠡ ᠳᠤ ᠪᠦᠭᠦ ᠲᠠᠯ᠎ᠠ ᠪᠠᠷ ᠦᠢᠯᠡᠴᠢᠯᠡᠪᠡ᠃ ᠲᠤᠬᠠᠢ ᠶᠢᠨ | ᠲᠠᠯᠠᠪᠠᠢ ᠳᠤ︽ᠠᠰᠫᠢᠷᠠᠨᠲ ᠳ᠋ᠣᠺᠲ᠋ᠣᠷᠠᠨᠲ ᠤᠨ ᠴᠢᠳᠠᠪᠤᠷᠢᠲᠠᠨ︾᠂ ︽ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠠᠵᠢᠯᠲᠠᠨ ᠡᠯᠰᠡᠬᠦ︾᠂ ︽ᠵᠢᠷᠭᠤᠭᠠᠨ ᠲᠣᠮᠣ ᠠᠵᠤ ᠦᠢᠯᠡᠰ ᠤᠨ ᠪᠦᠯᠦᠭᠯᠡᠯ︾ ᠵᠡᠷᠭᠡ ᠨᠠᠷᠢᠯᠢᠭ | ᠣᠨᠣᠴᠠᠲᠠᠢ ᠪᠠᠷ ᠵᠣᠯᠭᠠᠭᠤᠯᠬᠤ ᠲᠤᠰᠬᠠᠢ ᠲᠣᠭᠤᠷᠢᠭ ᠭᠠᠷᠭᠠᠵᠤ᠂ ᠠᠵᠢᠯ ᠣᠯᠭᠤᠵᠤ ᠦᠢᠯᠡᠰ ᠪᠣᠰᠬᠠᠬᠤ᠂ ᠣᠷᠣᠨ | ᠰᠠᠭᠤᠴᠠ ᠶᠢᠨ ᠪᠠᠲᠤᠯᠠᠭ᠎ᠠ ᠵᠡᠷᠭᠡ ᠲᠥᠷᠥ ᠶᠢᠨ ᠪᠣᠳᠣᠯᠭ᠎ᠠ ᠶᠢ ᠲᠤᠬᠠᠢ ᠶᠢᠨ ᠲᠠᠯᠠᠪᠠᠢ ᠳᠤ ᠲᠠᠶᠢᠯᠤᠮᠵᠢ ᠬᠢᠵᠦ᠂ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠢ 3000 ᠭᠠᠷᠤᠢ ᠬᠤᠪᠢ ᠲᠠᠷᠬᠠᠭᠠᠭᠰᠠᠨ ᠪᠠᠶᠢᠨ᠎ᠠ᠃ | AI ᠲᠣᠭᠠᠴᠢᠯᠠᠭᠰᠠᠨ ᠬᠥᠮᠥᠨ ᠤ ᠬᠠᠷᠢᠭᠤᠯᠲᠠ᠂ ᠲᠣᠪᠴᠢ ᠨᠠᠮᠲᠠᠷ ᠢ ᠣᠶᠤᠨᠲᠤ ᠪᠠᠷ ᠬᠠᠷᠭᠤᠭᠤᠯᠬᠤ᠂ ᠰᠢᠭᠤᠳ | ᠨᠡᠪᠲᠡᠷᠡᠭᠦᠯᠭᠡ ᠪᠠᠷ ᠠᠵᠢᠯᠲᠠᠨ ᠡᠯᠰᠡᠬᠦ ᠵᠡᠷᠭᠡ ᠲᠣᠭᠠᠴᠢᠯᠠᠭᠰᠠᠨ ᠠᠷᠭ᠎ᠠ ᠪᠠᠷᠢᠯ ᠢ ᠪᠦᠭᠦ ᠶᠠᠪᠤᠴᠠ ᠳᠤ | ᠲᠤᠭᠤᠰᠢᠯᠠᠭᠤᠯᠵᠤ᠂ 2 ᠲᠦᠮᠡᠨ ᠬᠥᠮᠥᠨ ᠰᠦᠯᠵᠢᠶᠡᠨ ᠳᠡᠭᠡᠷ᠎ᠡ ᠦᠵᠡᠵᠦ᠂ ᠰᠦᠯᠵᠢᠶᠡᠨ ᠳᠡᠭᠡᠷ᠎ᠡ ᠪᠠ ᠠᠬᠤᠢ | ᠳᠠᠯᠠᠪᠠᠢ ᠳᠤ ᠨᠡᠶᠢᠳᠡ 8000 ᠭᠠᠷᠤᠢ ᠬᠤᠪᠢ ᠲᠣᠪᠴᠢ ᠨᠠᠮᠲᠠᠷ ᠢ ᠭᠥᠯᠢᠶᠡᠨ ᠠᠪᠴᠤ᠂ ᠠᠵᠤ ᠠᠬᠤᠶᠢᠯᠠᠯ AI | ᠣᠶᠤᠨᠲᠤ ᠠᠰᠠᠭᠤᠯᠲᠠ ᠬᠠᠷᠢᠭᠤᠯᠲᠠ ᠶᠢᠨ ᠰᠢᠰᠲ᠋ᠧᠮ ᠢᠶᠠᠷ ᠳᠠᠮᠵᠢᠭᠤᠯᠤᠨ ᠠᠵᠢᠯ ᠡᠷᠢᠬᠦ ᠠᠰᠠᠭᠤᠯᠲᠠ ᠳᠤ ᠴᠠᠭ | ᠲᠤᠬᠠᠢ ᠳᠤᠨᠢ ᠬᠠᠷᠢᠭᠤᠯᠲᠠ ᠥᠭᠴᠦ᠂ ᠠᠵᠢᠯ ᠡᠷᠢᠬᠦ ᠶᠢ ᠵᠣᠯᠭᠠᠭᠤᠯᠬᠤ ᠦᠷ᠎ᠡ ᠠᠰᠢᠭᠯᠠᠮᠵᠢ ᠶᠢ ᠳᠡᠭᠡᠭᠰᠢᠯᠡᠭᠦᠯᠪᠡ᠃ | | | ᠡᠭᠦᠨ ᠠᠴᠠ ᠭᠠᠳᠠᠨ᠎ᠠ᠂ ︽ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠪᠡᠶᠡᠴᠢᠯᠡᠨ ᠣᠶᠢᠯᠠᠭᠠᠬᠤ | ᠲᠣᠭᠤᠷᠢᠭ︾ ᠨᠢ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠬᠤᠷᠰᠢᠯᠴᠠᠭ᠎ᠠ᠂ ᠰᠣᠶᠣᠯ ᠤᠨ | ᠡᠭᠦᠳᠦᠯᠲᠡ ᠶᠢᠨ ᠦᠵᠡᠭᠦᠯᠭᠡ ᠪᠠᠷ ᠵᠠᠯᠠᠭᠤᠴᠤᠳ ᠤᠨ ᠭᠦᠭᠡᠬᠤᠲᠠ ᠳᠤ ᠦᠯᠡᠳᠡᠬᠦ ᠬᠠᠯᠠᠭᠤᠨ ᠰᠡᠳᠬᠢᠯᠭᠡ ᠶᠢ | ᠬᠥᠭᠵᠢᠭᠡᠵᠦ᠂ ᠠᠵᠢᠯ ᠮᠡᠷᠭᠡᠵᠢᠯ ᠤᠨ ᠲᠥᠯᠥᠪᠯᠡᠭᠴᠢ ᠶᠢᠨ ᠦᠢᠯᠡᠴᠢᠯᠡᠭᠡ ᠪᠠ ᠣᠷᠳᠣ ᠬᠤᠭᠤᠴᠠᠭᠠᠨ ᠤ ᠪᠦᠲᠦᠮᠵᠢᠲᠡᠶ | ᠠᠵᠢᠯ ᠣᠯᠭᠤᠯᠲᠠ ᠶᠢᠨ ᠮᠥᠷᠳᠡᠯᠲᠡ ᠶᠢᠨ ᠲᠣᠭᠲᠠᠴᠠ ᠪᠠᠷ ᠲᠡᠭᠦᠰᠦᠭᠰᠡᠳ ᠲᠤ ︽ᠦᠯᠡᠳᠡᠵᠦ ᠳᠡᠶᠢᠯᠭᠦ᠂ ᠦᠨᠳᠦᠰᠦ | ᠬᠠᠳᠬᠤᠬᠤ︾ ᠬᠥᠭᠵᠢᠯᠲᠡ ᠶᠢᠨ ᠵᠠᠮ ᠢ ᠨᠡᠭᠡᠭᠡᠨ ᠥᠭᠴᠡᠢ᠃ | | | ︽ᠪᠢᠳᠡ︿ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ﹀ ᠶᠢ ᠪᠣᠳᠠᠲᠠᠶᠢᠵᠢᠭᠤᠯᠤᠨ ᠨᠠᠷᠢᠯᠢᠭᠵᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ᠂ ᠲᠥᠷᠥ ᠶᠢᠨ ᠪᠣᠳᠣᠯᠭ᠎ᠠ ᠶᠢᠨ | ᠰᠢᠯᠢᠳᠡᠭᠵᠢᠭᠦᠯᠦᠯᠲᠡ ᠪᠠ ᠦᠢᠯᠡᠴᠢᠯᠡᠭᠡ ᠶᠢᠨ ᠨᠠᠶᠢᠳᠠᠪᠤᠷᠢᠵᠢᠭᠤᠯᠤᠯᠲᠠ᠂ ᠠᠵᠢᠯ ᠤᠨ ᠪᠠᠶᠢᠷᠢ ᠶᠢᠨ | ᠨᠠᠶᠢᠳᠠᠪᠤᠷᠢᠵᠢᠭᠤᠯᠤᠯᠲᠠ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠦᠭᠦ ᠣᠷᠣᠨ ᠤ ᠠᠵᠢᠯ ᠣᠯᠭᠤᠯᠲᠠ ᠶᠢᠨ | ᠠᠵᠢᠯ ᠤᠨ ᠲᠤᠭ᠎ᠠ ᠬᠡᠮᠵᠢᠶ᠎ᠡ ᠶᠢᠨ ᠵᠦᠢ ᠵᠣᠬᠢᠰᠲᠠᠢ ᠨᠡᠮᠡᠭᠳᠡᠯ ᠪᠠ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠶᠢ | ᠠᠬᠢᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ | ᠵᠠᠯᠠᠭᠤᠴᠤᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠭᠠᠵᠠᠷ ᠤᠨ ᠳᠠᠷᠤᠭ᠎ᠠ ᠶᠢᠨ ᠰᠢᠶᠣᠣ ᠯᠦᠩ | ᠢᠯᠡᠷᠬᠡᠶᠢᠯᠡᠪᠡ᠃ | |