| ︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠭᠡᠯᠡᠭᠴᠢ ᠸᠠᠩ ᠰᠢᠦ ᠵᠢᠤᠸᠠᠨ︶ ︽2025 ᠣᠨ ᠤ | ᠰᠤᠷᠭᠠᠨ ᠬᠥᠮᠦᠵᠢᠯ ᠤᠨ ᠣᠨᠴᠠᠭᠠᠢ ᠨᠥᠬᠦᠪᠦᠷᠢ ᠶᠢᠨ ᠪᠡᠯᠡ ᠮᠥᠩᠭᠦ ᠶᠢᠨ ᠲᠥᠰᠥᠪ ᠢ ᠪᠠᠭᠤᠯᠭᠠᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ | ᠲᠢᠩᠬᠢᠮ ᠤᠨ ᠮᠡᠳᠡᠭᠳᠡᠯ︾ ᠢ ᠦᠨᠳᠦᠰᠦᠯᠡᠨ᠂ ᠣᠶᠢᠷ᠎ᠠ ᠳᠤ᠂ ᠬᠥᠬᠡᠬᠤᠲᠠ 2025 ᠣᠨ ᠤ ᠰᠤᠷᠭᠠᠨ ᠬᠥᠮᠦᠵᠢᠯ ᠤᠨ | ᠣᠨᠴᠠᠭᠠᠶ ᠨᠥᠬᠦᠪᠦᠷᠢ ᠶᠢᠨ ᠪᠡᠯᠡ ᠮᠥᠩᠭᠦ ᠶᠢ 241 ᠲᠦᠮᠡᠨ ᠲᠥᠭᠦᠷᠢᠭ ᠪᠠᠭᠤᠯᠭᠠᠪᠠ᠃ | | | ᠰᠤᠷᠭᠠᠨ ᠬᠥᠮᠦᠵᠢᠯ ᠤᠨ ᠣᠨᠴᠠᠭᠠᠢ ᠲᠤᠰᠠᠯᠠᠮᠵᠢ ᠶᠢᠨ ᠲᠤᠰᠬᠠᠢ ᠵᠦᠢᠯ ᠤᠨ ᠪᠡᠯᠡ ᠮᠥᠩᠭᠦ ᠪᠣᠯ ᠲᠥᠪ | ᠪᠣᠯᠣᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠦᠬᠦ ᠣᠷᠣᠨ ᠤ ᠰᠤᠷᠭᠠᠨ ᠬᠥᠮᠦᠵᠢᠯ ᠤᠨ | ᠬᠥᠭᠵᠢᠭᠦᠯᠦᠯᠲᠡ ᠥᠭᠡᠷᠡᠴᠢᠯᠡᠯᠲᠡ ᠳᠤ ᠲᠤᠯᠭᠠᠷᠠᠵᠤ ᠪᠠᠶᠢᠭ᠎ᠠ ᠤᠨᠴᠠᠭᠠᠢ ᠬᠦᠴᠢᠷᠳᠡᠯ ᠪᠣᠯᠣᠨ ᠲᠣᠪᠣᠶᠢᠮ᠎ᠠ | ᠠᠰᠠᠭᠤᠳᠠᠯ ᠢ ᠨᠠᠮᠳᠠᠭᠤᠯᠬᠤ ᠳᠤ ᠬᠡᠷᠡᠭᠯᠡᠬᠦ ᠪᠡᠯᠡ ᠮᠥᠩᠭᠦ ᠪᠣᠯᠣᠨ᠎ᠠ᠃ ᠡᠭᠦᠨ ᠤ ᠲᠤᠯᠠᠳᠠ᠂ ᠬᠥᠬᠡᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ᠂ ᠨᠢᠭᠡᠴᠢ ᠶᠢ ᠪᠡᠯᠡ ᠮᠥᠩᠭᠦ ᠶᠢᠨ | ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠪᠥᠬᠦ ᠶᠠᠪᠤᠴᠠ ᠶᠢᠨ ᠲᠥᠰᠥᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠠᠮᠵᠢᠯᠲᠠ | ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠪᠠ | ᠠᠮᠵᠢᠯᠲᠠ ᠪᠦᠲᠦᠮᠵᠢ ᠳᠤ ᠦᠨᠡᠯᠡᠯᠲᠡ ᠬᠢᠬᠦ ᠶᠢ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ | ᠠᠰᠢᠭ ᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠪᠡᠯᠡ ᠮᠥᠩᠭᠦ ᠶᠢ ᠬᠡᠷᠡᠭᠯᠡᠬᠦ ᠬᠠᠮᠢᠶᠠᠷᠤᠯᠲᠠ ᠶᠢᠨ | ᠲᠣᠭᠲᠠᠭᠠᠯ ᠢ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠥᠰᠥᠪ ᠤᠨ ᠬᠠᠤᠯᠢ︾ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠲᠣᠷᠭᠠᠵᠤ ᠰᠢᠢᠳᠬᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃ |