ᠥᠪᠥᠷ ᠮᠣᠩᠭᠤᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠷᠣᠯᠠᠭᠤᠯᠬᠤ ᠠᠵᠤ ᠠᠬᠤᠶᠢᠯᠠᠯ ︵ᠪᠡᠭᠡᠵᠢᠩ︶ ᠤᠨ ᠬᠠᠮᠲᠤ ᠳᠤ ᠪᠠᠨ ᠠᠰᠢᠭᠯᠠᠬᠤ ᠪᠡᠯᠡᠳᠬᠡᠯ ᠬᠥᠮᠥᠷᠭᠡ ᠶᠢ ᠪᠠᠶᠢᠭᠤᠯᠪᠠ
ᠨᠡᠶᠢᠲᠡᠯᠡᠭᠰᠡᠨ ᠴᠠᠭ᠄
2025/3/27
      3 ᠳ᠋ᠤᠭᠠᠷ ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠷᠣᠯᠠᠭᠤᠯᠬᠤ ᠠᠵᠤ ᠠᠬᠤᠶᠢᠯᠠᠯ ︵ᠪᠡᠭᠡᠵᠢᠩ︶ ᠤᠨ ᠬᠠᠮᠲᠤ ᠳᠤ ᠪᠠᠨ ᠠᠰᠢᠭᠯᠠᠬᠤ ᠪᠡᠯᠡᠳᠬᠡᠯ ᠬᠥᠮᠥᠷᠭᠡ ᠶᠢᠨ ᠨᠡᠭᠡᠭᠡᠯᠲᠡ ᠶᠢᠨ ᠶᠣᠰᠣᠯᠠᠯ ᠪᠡᠭᠡᠵᠢᠩ ᠬᠤᠲᠠ ᠶᠢᠨ ᠱᠦᠨ ᠢ ᠲᠣᠭᠤᠷᠢᠭ ᠲᠤ ᠶᠠᠪᠤᠭᠳᠠᠪᠠ᠂ ᠡᠨᠡ ᠪᠣᠯ ᠵᠡᠭᠦᠨ ᠪᠠᠷᠠᠭᠤᠨ ᠣᠷᠣᠨ ᠬᠠᠮᠵᠢᠯᠴᠠᠭᠰᠠᠨ 18 ᠮᠤᠵᠢ ᠣᠷᠣᠨ ᠬᠤᠲᠠ ᠳᠠᠬᠢ ᠮᠤᠵᠢ ᠶᠢᠨ ᠳᠡᠰ ᠤᠨ ᠠᠩᠬᠠᠳᠠᠭᠴᠢ ᠪᠡᠯᠡᠳᠬᠡᠯ ᠬᠥᠮᠥᠷᠭᠡ ᠪᠣᠯᠣᠨ᠎ᠠ᠃ ᠪᠡᠭᠡᠵᠢᠩ ᠳᠠᠬᠢ ᠪᠡᠯᠡᠳᠬᠡᠯ ᠬᠥᠮᠥᠷᠭᠡ ᠶᠢ ᠲᠤᠰ ᠲᠤᠰ ᠱᠦᠨ ᠢ ᠲᠣᠭᠤᠷᠢᠭ ᠪᠠ ᠹᠠᠩ ᠱᠠᠨ ᠲᠣᠭᠤᠷᠢᠭ ᠬᠤᠶᠠᠷ ᠭᠠᠵᠠᠷ ᠲᠤ ᠲᠣᠬᠢᠷᠠᠭᠤᠯᠵᠤ ᠪᠠᠶᠢᠷᠢᠯᠠᠭᠤᠯᠪᠠ᠂ ᠥᠨᠳᠥᠷ ᠪᠠᠷᠢᠮᠵᠢᠶᠠᠲᠤ ᠬᠥᠮᠥᠷᠭᠡ ᠶᠢᠨ ᠲᠣᠬᠢᠷᠠᠭᠤᠯᠤᠯᠲᠠ ᠶᠢ ᠬᠡᠷᠡᠭᠵᠢᠭᠦᠯᠵᠦ᠂ ᠬᠡᠪ ᠤᠨ ᠳᠤᠯᠠᠭᠠᠨ ᠤ ᠬᠥᠮᠥᠷᠭᠡ ᠪᠠ ᠬᠦᠢᠲᠡᠨ ᠬᠥᠮᠥᠷᠭᠡ ᠶᠢ ᠲᠣᠬᠢᠷᠠᠭᠤᠯᠵᠤ᠂ ᠶᠡᠷᠦᠩᠬᠡᠢ ᠲᠠᠯᠠᠪᠠᠢ ᠨᠢ ᠪᠠᠷᠤᠭ 1 ᠲᠦᠮᠡᠨ ᠺᠦᠸᠠᠳ᠋ ᠮᠧᠲᠷ ᠪᠣᠯᠣᠨ᠎ᠠ᠂ ᠬᠤᠷᠠᠮᠠᠯ ᠣᠶᠤᠨᠴᠢᠯᠠᠭᠰᠠᠨ ᠬᠥᠮᠥᠷᠭᠡ ᠶᠢᠨ ᠬᠠᠮᠢᠶᠠᠷᠤᠯᠲᠠ ᠶᠢᠨ ᠰᠢᠰᠲ᠋ᠧᠮ ᠨᠢ ᠲᠥᠪᠯᠡᠷᠡᠭᠦᠯᠦᠨ ᠬᠥᠮᠥᠷᠭᠡᠯᠡᠨ ᠬᠠᠳᠠᠭᠠᠯᠠᠬᠤ᠂ ᠥᠨᠳᠥᠷ ᠪᠦᠲᠦᠮᠵᠢᠲᠡᠢ ᠪᠠᠷ ᠬᠤᠪᠢᠶᠠᠨ ᠢᠯᠭᠠᠬᠤ᠂ ᠵᠠᠬᠢᠶᠠᠯᠠᠭ᠎ᠠ ᠶᠢᠨ ᠴᠤᠪᠤᠷᠠᠯ ᠢᠶᠠᠷ ᠰᠢᠢᠳᠪᠦᠷᠢᠯᠡᠬᠦ ᠵᠡᠷᠭᠡ ᠴᠢᠳᠠᠮᠵᠢ ᠶᠢ ᠪᠦᠷᠢᠯᠳᠦᠭᠦᠯᠪᠡ᠃ ᠵᠠᠰᠠᠭ ᠤᠨ ᠣᠷᠳᠣᠨ ᠠᠴᠠ ᠨᠥᠬᠦᠪᠦᠷᠢ ᠥᠭᠬᠦ ᠪᠠ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠥᠪᠥᠷ ᠮᠣᠩᠭᠤᠯ ᠵᠢᠴᠢ ᠪᠡᠭᠡᠵᠢᠩ ᠬᠤᠲᠠ ᠳᠤ ᠥᠪᠥᠷ ᠮᠣᠩᠭᠤᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠤᠰᠬᠠᠶᠢᠯᠠᠨ ᠪᠣᠷᠣᠯᠠᠭᠤᠯᠵᠤ ᠪᠠᠶᠢᠭ᠎ᠠ ᠠᠵᠤ ᠠᠬᠤᠶᠢᠯᠠᠯ ᠤᠨ ᠳᠠᠩᠰᠠᠯᠠᠭᠤᠯᠬᠤ ᠶᠢ ᠨᠢ ᠳᠡᠮᠵᠢᠵᠦ᠂ ︽ᠬᠥᠮᠥᠷᠭᠡᠯᠡᠬᠦ᠂ ᠳᠡᠯᠭᠡᠨ ᠦᠵᠡᠭᠦᠯᠬᠦ᠂ ᠪᠣᠷᠣᠯᠠᠭᠤᠯᠬᠤ᠂ ᠲᠣᠬᠢᠷᠠᠭᠤᠯᠬᠤ︾ ᠪᠠᠨ ᠨᠢᠭᠡ ᠴᠣᠭᠴᠠᠵᠢᠭᠤᠯᠤᠨ ᠡᠵᠡᠩᠨᠡᠬᠦ ᠶᠢ ᠪᠡᠶᠡᠯᠡᠭᠦᠯᠦᠨ᠂ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠪᠣᠯᠣᠨ᠎ᠠ᠃ ︵ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号