ᠬᠥᠬᠡᠬᠤᠲᠠ ︽2025 ᠳᠤᠮᠳᠠᠳᠤ ᠤᠯᠤᠰ ᠤᠨ ᠬᠤᠲᠠ ᠶᠢᠨ ᠲᠤᠭ᠎ᠠ ᠪᠠᠷᠢᠮᠲᠠ ᠶᠢᠨ ᠡᠯᠧᠮᠧᠨ᠋ᠲ ᠤᠨ 100 ᠬᠦᠴᠦᠷᠬᠡᠭ︾ ᠲᠤ ᠰᠣᠩᠭᠤᠭᠳᠠᠪᠠ
ᠨᠡᠶᠢᠲᠡᠯᠡᠭᠰᠡᠨ ᠴᠠᠭ᠄
2025/3/28
       ︵ᠰᠤᠷᠪᠤᠯᠵᠢᠯᠠᠭᠴᠢ ᠯᠢᠶᠠᠩ ᠵᠢᠩ ᠱᠥ︶ 3 ᠳ᠋ᠤᠭᠠᠷ ᠰᠠᠷ᠎ᠠ ᠶᠢᠨ 26 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠰᠠᠢ ᠳ᠋ᠢ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠤᠳᠤᠯᠭᠠᠨ ᠤ ᠬᠦᠷᠢᠶᠡᠯᠡᠩ 3 ᠳ᠋ᠤᠭᠠᠷ ᠰᠠᠷ᠎ᠠ ᠶᠢᠨ 24 ᠤ ᠡᠳᠦᠷ ︽2025 ᠳᠤᠮᠳᠠᠳᠤ ᠤᠯᠤᠰ ᠤᠨ ᠬᠤᠲᠠ ᠶᠢᠨ ᠲᠤᠭ᠎ᠠ ᠪᠠᠷᠢᠮᠲᠠ ᠶᠢᠨ ᠡᠯᠧᠮᠧᠨ᠋ᠲ ᠤᠨ 100 ᠬᠦᠴᠦᠷᠬᠡᠭ︾ ᠢ ᠨᠡᠶᠢᠲᠡᠯᠡᠵᠦ᠂ ᠬᠥᠬᠡᠬᠤᠲᠠ 26 ᠳ᠋ᠤᠭᠠᠷ ᠲᠤ ᠵᠢᠭᠰᠠᠭᠠᠭᠳᠠᠵᠤ᠂ ᠪᠡᠭᠡᠵᠢᠩ᠂ ᠱᠠᠩᠬᠠᠢ᠂ ᠱᠧᠨᠵᠧᠨ ᠵᠡᠷᠭᠡ ᠬᠤᠲᠠ ᠲᠠᠢ ᠬᠠᠮᠲᠤ 30 ᠬᠦᠴᠦᠷᠬᠡᠭ ᠲᠤ ᠣᠷᠣᠵᠤ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠬᠢᠷᠢ ᠲᠦᠪᠰᠢᠨ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠠᠢ᠃            ᠣᠶᠢᠷ᠎ᠠ ᠶᠢᠨ ᠵᠢᠯ ᠠᠴᠠ᠂ ᠬᠥᠬᠡᠬᠤᠲᠠ ᠲᠣᠭᠠᠴᠢᠯᠠᠭᠰᠠᠨ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠵᠡᠷᠭᠡ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ᠂ ᠲᠤᠭ᠎ᠠ ᠪᠠᠷᠢᠮᠲᠠ ᠶᠢᠨ ᠥᠨᠳᠥᠷ ᠪᠦᠲᠦᠮᠵᠢᠲᠡᠢ ᠭᠦᠢᠯᠭᠡᠭᠡ᠂ ᠦᠷᠳᠡᠭ ᠢ ᠭᠦᠢᠴᠡᠳ ᠪᠠᠳᠠᠷᠠᠭᠤᠯᠬᠤ ᠵᠡᠷᠭᠡ ᠲᠠᠯ᠎ᠠ ᠪᠠᠷ ᠭᠦᠢᠴᠡᠳ ᠬᠦᠴᠦᠯᠡᠵᠦ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠪᠣᠯᠣᠨ ᠲᠣᠭᠠᠴᠢᠯᠠᠭᠰᠠᠨ ᠵᠦᠭ ᠬᠡᠯᠪᠡᠷᠢ ᠶᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠤᠯᠠᠨ ᠨᠡᠶᠢᠲᠡ ᠶᠢᠨ ᠲᠤᠭ᠎ᠠ ᠪᠠᠷᠢᠮᠲᠠ ᠶᠢ ᠨᠡᠭᠡᠭᠡᠨ ᠠᠰᠢᠭᠯᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠴᠢᠩᠭᠠᠷᠠᠪᠠ᠃ 2024 ᠣᠨ ᠳᠤ᠂ ᠬᠥᠬᠡᠬᠤᠲᠠ ᠶᠢᠨ ᠲᠣᠭᠠᠴᠢᠯᠠᠭᠰᠠᠨ ᠠᠵᠤ ᠠᠬᠤᠢ ᠶᠢᠨ ᠭᠤᠣᠯᠯᠠᠭᠴᠢ ᠠᠵᠤ ᠦᠢᠯᠡᠰ ᠤᠨ ᠨᠡᠮᠡᠭᠳᠡᠯ ᠦᠷᠳᠡᠭ 172 ᠳ᠋ᠦᠩᠰᠢᠭᠤᠷ ᠲᠥᠭᠦᠷᠢᠭ ᠲᠤ ᠬᠦᠷᠴᠦ᠂ GDP ᠳᠠᠬᠢ ᠡᠵᠡᠯᠡᠬᠦ ᠬᠠᠷᠢᠴᠠᠯ 4.2% ᠲᠤ ᠬᠦᠷᠴᠡᠢ᠃ ᠣᠳᠣᠬᠠᠨ ᠪᠣᠯᠲᠠᠯ᠎ᠠ᠂ ᠪᠥᠬᠦ ᠬᠤᠲᠠ ᠶᠢᠨ ᠲᠤᠭ᠎ᠠ ᠪᠠᠷᠢᠮᠲᠠ ᠶᠢᠨ ᠠᠵᠤ ᠦᠢᠯᠡᠰ ᠤᠨ ᠠᠵᠤ ᠠᠬᠤᠶᠢᠯᠠᠯ ᠤᠨ ᠭᠤᠣᠯ ᠴᠣᠭᠴᠠ ᠨᠡᠶᠢᠲᠡ 398 ᠪᠠᠶᠢᠵᠤ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠦᠢᠯᠡᠴᠢᠯᠡᠭᠡᠨ ᠤ ᠲᠥᠪ ᠲᠤ ᠲᠦᠰᠢᠭᠯᠡᠨ 30 ᠭᠠᠷᠤᠢ ᠵᠦᠢᠯ ᠤᠨ ᠲᠤᠭ᠎ᠠ ᠪᠠᠷᠢᠮᠲᠠ ᠶᠢᠨ ᠡᠳ᠋ ᠬᠥᠷᠥᠩᠭᠡ ᠶᠢᠨ ᠬᠦᠰᠦᠨᠦᠭᠲᠦ ᠳᠤ ᠳᠠᠩᠰᠠᠯᠠᠬᠤ ᠠᠵᠢᠯ ᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠠᠩᠭᠠᠯᠭ᠎ᠠ ᠶᠢᠨ ᠰᠢᠰᠲ᠋ᠧᠮᠵᠢ ᠶᠢᠨ ᠰᠠᠭᠤᠷᠢ ᠯᠠᠪᠳᠠᠭᠤᠨ ᠪᠠᠲᠤᠲᠠᠢ ᠪᠣᠯᠵᠠᠢ᠃            2025 ᠣᠨ ᠳᠤ᠂ ᠬᠥᠬᠡᠬᠤᠲᠠ ︽ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠵᠢᠴᠢ ᠬᠢᠮᠡᠯ ᠣᠶᠣᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ ᠤᠳ︾ ᠢ ᠲᠣᠭᠲᠠᠭᠠᠨ ᠨᠡᠶᠢᠲᠡᠯᠡᠵᠦ᠂ ᠵᠢᠯ ᠪᠦᠷᠢ 1.28 ᠳ᠋ᠦᠩᠰᠢᠭᠤᠷ ᠲᠥᠭᠦᠷᠢᠭ ᠤᠨ ᠬᠤᠲᠠ ᠶᠢᠨ ᠲᠣᠰ ᠱᠠᠲᠤᠨ ᠤ ᠲᠥᠰᠥᠪ ᠤᠨ ᠪᠡᠯᠡ ᠮᠥᠩᠭᠦ ᠶᠢ ᠲᠣᠬᠢᠷᠠᠭᠤᠯᠤᠨ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠵᠢᠴᠢ ᠬᠢᠮᠡᠯ ᠣᠶᠣᠨ ᠤ ᠴᠢᠨᠠᠷ ᠰᠠᠶᠢᠲᠠᠢ ᠬᠥᠭᠵᠢᠯᠲᠡ ᠶᠢ ᠳᠡᠮᠵᠢᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号