| | | ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ | ᠲᠦᠷᠦᠭᠦᠬᠡᠨ ᠭᠦᠭᠡᠬᠤᠲᠠ︽ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠳᠡᠮᠵᠢᠬᠦ ᠲᠤᠬᠠᠢ ᠭᠦᠭᠡᠬᠤᠲᠠ ᠶᠢᠨ ᠬᠡᠷᠡᠭᠵᠢᠭᠦᠯᠬᠦ ᠰᠠᠨᠠᠯ ᠤᠳ︾ ᠢ ᠵᠢᠩᠬᠢᠨᠢ ᠪᠠᠷ ᠳᠠᠷᠤᠮᠠᠯᠯᠠᠨ ᠲᠠᠷᠬᠠᠭᠠᠵᠤ᠂ 11 | ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ | ᠬᠥᠭᠵᠢᠯᠲᠡ ᠶᠢ ᠬᠦᠴᠦᠯᠡᠨ ᠠᠬᠢᠭᠤᠯᠵᠤ ᠪᠤᠢ᠃ | | | ︽ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ | ᠭᠦᠭᠡᠬᠤᠲᠠ ᠶᠢᠨ ᠬᠡᠷᠡᠭᠵᠢᠭᠦᠯᠬᠦ ᠰᠠᠨᠠᠯ ᠤᠳ︾ ᠲᠤ 2027 ᠣᠨ ᠪᠤᠯᠲᠠᠯ᠎ᠠ ᠨᠡᠶᠢᠯᠡᠮᠡᠯ ᠠᠮᠢᠳᠤ ᠪᠣᠳᠠᠰ ᠤᠨ ᠠᠵᠤ | ᠠᠬᠤᠶᠢᠯᠠᠯ ᠢ 100 ᠠᠴᠠ ᠳᠡᠭᠡᠭᠰᠢ ᠣᠷᠣᠭᠤᠯᠤᠨ ᠠᠪᠴᠢᠷᠠᠵᠤ︵ᠨᠡᠪᠴᠢᠭᠦᠯᠵᠦ︶᠂ ᠨᠢᠭᠡ ᠪᠦᠯᠦᠭ ᠨᠡᠶᠢᠯᠡᠮᠡᠯ ᠠᠮᠢᠳᠤ | ᠪᠣᠳᠠᠰ ᠤᠨ ᠲᠡᠷᠢᠭᠦᠨ ᠤ ᠦᠷ᠎ᠡ ᠪᠦᠲᠦᠭᠡᠯ ᠢ ᠣᠨᠳᠣᠣᠰᠢᠭᠤᠯᠤᠨ ᠨᠠᠶᠢᠳᠠᠪᠤᠷᠢᠵᠢᠭᠤᠯᠵᠤ᠂︽ᠵᠡᠭᠦᠨ ᠬᠡᠰᠡᠭ ᠲᠤ | ᠰᠤᠳᠤᠯᠤᠨ ᠨᠡᠭᠡᠭᠡᠵᠦ᠂ ᠭᠦᠭᠡᠬᠤᠲᠠ ᠳᠤ ᠦᠢᠯᠡᠳᠪᠦᠷᠢᠯᠡᠬᠦ︾ᠪᠦᠭᠦ ᠤᠯᠤᠰ ᠤᠨ ᠠᠵᠤ ᠦᠢᠯᠡᠰ ᠤᠨ ᠬᠤᠯᠪᠤᠭᠠᠯᠠᠨ | ᠬᠥᠳᠡᠯᠦᠯᠴᠡᠵᠦ ᠬᠥᠭᠵᠢᠬᠦ ᠵᠠᠭᠪᠤᠷ ᠢ ᠪᠦᠷᠢᠯᠳᠦᠭᠦᠯᠵᠦ᠂ ᠨᠡᠶᠢᠯᠡᠮᠡᠯ ᠠᠮᠢᠳᠤ ᠪᠣᠳᠠᠰ ᠬᠢᠭᠡᠳ ᠰᠢᠨ᠎ᠡ ᠨᠢᠭᠡ ᠦᠶ᠎ᠡ ᠶᠢᠨ | ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ᠂ ᠪᠣᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ | ᠡᠳ᠋ᠰᠢᠭᠦᠯᠬᠦ ᠠᠵᠤ ᠦᠢᠯᠡᠰ ᠤᠨ ᠡᠪᠦᠴᠡᠯᠳᠦᠨ ᠬᠥᠭᠵᠢᠬᠦ ᠶᠢ ᠠᠬᠢᠭᠤᠯᠵᠤ᠂ ᠠᠮᠢᠳᠤ ᠪᠣᠳᠠᠰ ᠤᠨ ᠣᠶᠤᠨᠴᠢ | ᠦᠢᠯᠡᠳᠬᠡᠯ ᠤᠨ ᠬᠥᠨᠳᠡᠢ᠂ ᠨᠡᠶᠢᠯᠡᠮᠡᠯ ᠠᠮᠢᠳᠤ ᠪᠣᠳᠠᠰ ᠤᠨ ᠵᠣᠬᠢᠶᠠᠮᠠᠯ ᠤᠶᠤᠨ ᠴᠢᠳᠠᠪᠤᠷᠢ ᠶᠢᠨ ᠪᠣᠳᠣᠯᠲᠠ ᠶᠢᠨ | ᠬᠦᠴᠦᠨ ᠤ ᠲᠥᠪ ᠵᠡᠷᠭᠡ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠲᠥᠷᠥᠯ ᠵᠦᠢᠯ ᠢ ᠪᠠᠶᠢᠭᠤᠯᠵᠤ᠂ ᠠᠵᠤ | ᠦᠢᠯᠡᠰ ᠤᠨ ᠦᠢᠯᠡᠳᠬᠦᠨ ᠤ ᠥᠷᠲᠡᠭ ᠢ 500 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ 2030 ᠣᠨ | ᠪᠤᠯᠬᠤ ᠳᠤ ᠭᠦᠭᠡᠬᠤᠲᠠ ᠶᠢ ᠪᠦᠭᠦ ᠤᠯᠤᠰ ᠤᠨ ᠲᠡᠷᠢᠭᠦᠨ ᠤ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰ ᠤᠨ | ᠬᠦᠴᠦᠷᠬᠡᠭ ᠬᠤᠲᠠ ᠪᠣᠯᠭᠠᠨ ᠴᠣᠭᠴᠠᠯᠠᠬᠤ ᠪᠣᠯᠣᠨ᠎ᠠ᠃ |