| | -- 2025 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ ᠬᠥᠬᠡᠬᠤᠲᠠ ᠶᠢᠨ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠾᠧ ᠬᠠᠢ ᠳ᠋ᠦᠩ | | | ᠲᠥᠯᠥᠭᠡᠯᠡᠭᠴᠢᠳ ᠠ᠋᠄ | ᠣᠳᠣ ᠪᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | 2024 ᠣᠨ ᠳᠤ᠂ ᠪᠦᠬᠦ ᠬᠤᠳᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠣᠯ ᠰᠢᠵᠢᠮ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ︽ᠬᠠᠮᠤᠭ ᠤᠨ | ᠰᠠᠶᠢᠬᠠᠨ ᠭᠠᠵᠠᠷ︾ ᠢ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠬᠤ ᠶᠢ ᠠᠬᠢᠭᠤᠯᠪᠠ᠃ | ᠵᠢᠱᠢᠯᠲᠡ ᠪᠠᠷ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ | ᠬᠢ ᠠᠴᠠ 6% ᠠᠴᠠ ᠳᠡᠭᠡᠭᠰᠢ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ 8% ᠠᠴᠠ ᠳᠡᠭᠡᠭᠰᠢ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 18% ᠠᠴᠠ | ᠳᠡᠭᠡᠭᠰᠢ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ | 5% ᠠᠴᠠ ᠳᠡᠭᠡᠭᠰᠢ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 7% ᠠᠴᠠ ᠳᠡᠭᠡᠭᠰᠢ | ᠨᠡᠮᠡᠭᠳᠡᠵᠦ᠂ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 5% ᠠᠴᠠ | ᠳᠡᠭᠡᠭᠰᠢ ᠨᠡᠮᠡᠭᠳᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 14% ᠠᠴᠠ | ᠳᠡᠭᠡᠭᠰᠢ ᠨᠡᠮᠡᠭᠳᠡᠵᠦ᠂ ᠭᠤᠣᠯ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠮᠤᠵᠢ ᠶᠢᠨ ᠲᠥᠪ ᠬᠤᠲᠠ | ᠳᠣᠲᠣᠷ᠎ᠠ ᠦᠷᠭᠦᠯᠵᠢᠯᠡᠨ ᠨᠢᠭᠡᠳᠦᠭᠡᠷ ᠵᠢᠭᠰᠠᠭᠠᠯ ᠤᠨ ᠪᠠᠶᠢᠷᠢ ᠪᠠᠨ ᠪᠠᠲᠤᠯᠠᠵᠤ᠂ ᠣᠷᠣᠨ ᠤ ᠲᠥᠪ ᠬᠤᠲᠠ ᠶᠢᠨ | ᠬᠥᠭᠵᠢᠯᠲᠡ ᠶᠢᠨ ᠴᠢᠳᠠᠪᠤᠷᠢ ᠶᠢᠨ ᠳᠡᠰ ᠦᠷᠭᠦᠯᠵᠢᠯᠡᠨ ᠳᠡᠭᠡᠭᠰᠢᠯᠡᠪᠡ᠃ | ︵ᠨᠢᠭᠡ︶ ᠳᠠᠪᠠᠭᠤᠯᠢᠭ ᠠᠵᠤ ᠦᠢᠯᠡᠰ ᠤᠨ ᠲᠤᠭ᠎ᠠ ᠬᠡᠮᠵᠢᠶ᠎ᠡ ᠶᠠᠰᠤ ᠴᠢᠨᠠᠷ ᠵᠡᠷᠭᠡ ᠪᠠᠷ ᠳᠡᠭᠡᠭᠰᠢᠯᠡᠪᠡ᠃ | ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ | ᠪᠥᠭᠡᠮᠨᠡᠷᠡᠯ ᠤᠨ ᠶᠠᠰᠤ ᠴᠢᠨᠠᠷ ᠳᠡᠭᠡᠭᠰᠢᠯᠡᠨ ᠳᠠᠪᠰᠢᠵᠤ᠂ ᠢᠯᠢ ᠶᠢᠨ ᠪᠢᠰᠢᠯᠠᠭ ᠤᠨ ᠬᠤᠶᠠᠳᠤᠭᠠᠷ ᠬᠤᠭᠤᠴᠠᠭ᠎ᠠ ᠶᠢ | ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠳᠡᠭᠡᠳᠦ ᠲᠠᠰ ᠤᠨ ᠰᠢᠷᠠᠰᠤᠨ ᠲᠠᠯᠬ᠎ᠠ ᠶᠢᠨ ᠣᠶᠤᠨᠴᠢ | ᠬᠢᠮᠢ ᠶᠢᠨ ᠦᠢᠯᠡᠳᠪᠦᠷᠢ ᠶᠢ ᠡᠬᠢᠯᠡᠨ ᠪᠠᠶᠢᠭᠤᠯᠪᠠ᠃ ᠮᠧᠩ ᠨᠢᠦ ᠨᠢᠯᠬ᠎ᠠ ᠬᠡᠦᠬᠡᠳ ᠤᠨ ᠣᠨᠴᠠᠭᠠᠶ ᠠᠨᠠᠭᠠᠬᠤ | ᠤᠬᠠᠭᠠᠨ ᠤ ᠰᠢᠮ᠎ᠡ ᠲᠡᠵᠢᠭᠡᠯ ᠤᠨ ᠪᠦᠲᠦᠭᠡᠭᠳᠡᠬᠦᠨ ᠤ ᠲᠥᠷᠥᠯ ᠵᠦᠢᠯ ᠤᠳᠠᠯ ᠦᠭᠡᠢ ᠠᠰᠢᠭᠯᠠᠯᠲᠠ ᠳᠤ ᠣᠷᠣᠨ᠎ᠠ᠃ | ᠵᠧᠩ ᠱᠢ ᠲᠠᠷᠢᠶᠠᠯᠠᠩ᠂ ᠣᠲᠣ ᠦᠶ᠎ᠡ ᠶᠢᠨ ᠡᠪᠡᠰᠦᠨ ᠤ ᠦᠢᠯᠡᠰ ᠵᠡᠷᠭᠡ ᠲᠡᠵᠢᠭᠡᠯ ᠡᠪᠡᠰᠦᠨ ᠤ ᠲᠥᠷᠥᠯ ᠵᠦᠢᠯ ᠢ | ᠪᠠᠶᠢᠭᠤᠯᠤᠨ ᠳᠠᠭᠤᠰᠬᠠᠵᠤ ᠡᠵᠡᠩᠨᠡᠯᠲᠡ ᠳᠤ ᠣᠷᠣᠭᠤᠯᠪᠠ᠃ ᠣᠯᠠᠨ ᠤᠯᠤᠰ ᠤᠨ ᠰᠦ ᠶᠢᠨ ᠦᠢᠯᠡᠰ ᠤᠨ ᠨᠠᠷᠠᠲᠤ | ᠲᠥᠷᠥᠯ ᠲᠡᠮᠳᠡᠭᠲᠦ ᠶᠢᠨ ᠲᠥᠪ ᠪᠠᠶᠢᠭᠤᠯᠤᠭᠳᠠᠨ ᠫᠠᠶᠢᠰᠠ ᠡᠯᠭᠦᠪᠡ᠃ ᠣᠯᠠᠨ ᠤᠯᠤᠰ ᠤᠨ ᠡᠪᠡᠰᠦᠨ ᠤ ᠦᠢᠯᠡᠰ ᠤᠨ | ᠶᠡᠭᠡ ᠬᠤᠷᠠᠯ᠂ ᠣᠯᠠᠨ ᠤᠯᠤᠰ ᠤᠨ ᠰᠦ ᠶᠢᠨ ᠦᠢᠯᠡᠰ ᠤᠨ ᠰᠢᠨ᠎ᠡ ᠶᠢ ᠡᠭᠦᠳᠬᠦ ᠶᠡᠭᠡ ᠬᠤᠷᠠᠯ ᠢ ᠠᠮᠵᠢᠯᠲᠠ ᠲᠠᠢ | ᠡᠷᠭᠢᠯᠡᠪᠡ᠃ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠦᠰᠦᠷᠦᠯᠲᠡ ᠶᠢᠨ | ᠮᠠᠶ᠋ᠢᠭ ᠤᠨ ᠬᠥᠭᠵᠢᠯᠲᠡ ᠲᠠᠢ ᠪᠣᠯᠵᠤ᠂ ᠪᠣᠳᠣᠯᠭ᠎ᠠ ᠶᠢᠨ ᠬᠦᠴᠦᠨ ᠤ ᠬᠡᠪᠴᠢᠶ᠎ᠡ 4.4 ᠲᠦᠮᠡᠨ P ᠬᠦᠷᠴᠦ᠂ | ᠡᠭᠦᠨ ᠳᠤ ᠣᠶᠤᠨᠴᠢ ᠪᠣᠳᠣᠯᠭ᠎ᠠ 4.2 ᠲᠦᠮᠡᠨ P ᠬᠦᠷᠴᠦ᠂ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ | ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠣᠶᠤᠨᠴᠢ ᠪᠣᠳᠣᠯᠭ᠎ᠠ ᠶᠢᠨ ᠲᠥᠪ᠂ ᠬᠤᠸᠠ ᠸᠧᠢ ᠡᠭᠦᠯᠡᠨ ᠤ | ᠬᠤᠷᠢᠨᠭᠡᠷ ᠲᠤᠭ᠎ᠠ ᠪᠠᠷᠢᠮᠲᠠ ᠶᠢᠨ ᠲᠥᠪ᠂ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠠᠷᠠᠯᠵᠢᠶᠠᠨ ᠤ ᠲᠥᠪ᠂ ︽P4︾ | ᠲᠠᠰ ᠤᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢᠨ ᠲᠤᠷᠰᠢᠯᠲᠠ ᠶᠢᠨ ᠲᠠᠰᠤᠭ ᠵᠡᠷᠭᠡ ᠲᠥᠷᠥᠯ ᠵᠦᠢᠯ ᠢ ᠪᠠᠶᠢᠭᠤᠯᠵᠤ | ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠴᠧᠩ ᠮᠠᠢ ᠰᠢᠨ ᠴᠤᠸᠠᠩ ᠺᠣᠮᠫᠢᠦ᠋ᠲ᠋ᠧᠷ ᠤᠨ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠠᠰᠢᠭᠯᠠᠯᠲᠠ ᠳᠤ ᠣᠷᠣᠭᠤᠯᠪᠠ᠃ ᠲᠠᠷᠢᠶᠠᠯᠠᠩ ᠤᠨ ᠪᠠᠩᠬᠢ᠂ ᠪᠦᠲᠦᠭᠡᠨ ᠪᠠᠶᠢᠭᠤᠯᠤᠯᠲᠠ ᠶᠢᠨ | ᠪᠠᠩᠬᠢ᠂ ᠵᠠᠮ ᠬᠠᠷᠢᠯᠴᠠᠭᠠᠨ ᠤ ᠪᠠᠩᠬᠢ ᠵᠡᠷᠭᠡ ᠨᠢᠭᠡ ᠪᠦᠯᠦᠭ ᠲᠤᠭ᠎ᠠ ᠪᠠᠷᠢᠮᠲᠠ ᠶᠢᠨ ᠲᠥᠪ ᠤᠨ ᠲᠥᠷᠥᠯ ᠵᠦᠢᠯ ᠤᠨ | ᠭᠤᠣᠯ ᠴᠣᠭᠴᠠ ᠶᠢᠨ ᠪᠠᠷᠢᠯᠭ᠎ᠠ ᠳᠠᠭᠤᠰᠪᠠ᠃ ᠴᠠᠬᠢᠯᠭᠠᠨ ᠬᠤᠯᠪᠣᠭ᠎ᠠ ᠶᠢᠨ ᠭᠤᠷᠪᠠᠳᠤᠭᠠᠷ ᠬᠤᠭᠤᠴᠠᠭ᠎ᠠ᠂ ᠵᠡᠷᠭᠡᠴᠡᠭᠡ | ᠰᠢᠨᠵᠢᠯᠡᠬᠦ ᠤᠬᠠᠭᠠᠨ ᠮᠡᠷᠭᠡᠵᠢᠯ ᠤᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠪᠠ᠃ ᠰᠢᠶᠦ᠋ᠨ ᠹᠧᠢ ᠰᠢᠩ ᠾᠥᠸᠧ᠂ ᠰᠢᠯᠵᠢᠮᠡᠯ ᠬᠤᠯᠪᠣᠭ᠎ᠠ ᠵᠢᠦ ᠲᠢᠶᠠᠨ ᠵᠡᠷᠭᠡ 11 ᠨᠡᠶᠢᠳᠡᠮ | ᠬᠡᠷᠡᠭᠯᠡᠭᠡᠨ ᠤ ᠲᠣᠮᠣ ᠵᠠᠭᠪᠤᠷ ᠤᠨ ᠪᠣᠯᠪᠠᠰᠤᠷᠠᠯ ᠤᠨ ᠲᠠᠯᠠᠪᠠᠶ ᠶᠢ ᠤᠷᠤᠭᠰᠢᠲᠠᠢ ᠨᠠᠶᠢᠳᠠᠪᠤᠷᠢᠵᠢᠭᠤᠯᠪᠠ᠃ ᠬᠥᠬᠡᠬᠤᠲᠠ- | ᠪᠡᠭᠡᠵᠢᠩ᠂ ᠬᠥᠬᠡᠬᠤᠲᠠ - ᠾᠧᠹᠧᠢ ᠬᠦᠷᠬᠦ ᠬᠤᠶᠠᠷ 400G ᠪᠦᠷᠢᠨ ᠬᠡᠷᠡᠯ ᠰᠢᠷᠬᠡᠭ ᠤᠨ ᠮᠤᠵᠢ ᠶᠢᠨ ᠲᠡᠰ ᠤᠨ | ᠭᠤᠣᠯᠯᠠᠬᠤ ᠲᠣᠣᠷ ᠢ ᠨᠠᠪᠲᠠᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠲᠣᠭᠠᠴᠢᠯᠠᠭᠰᠠᠨ | ᠠᠵᠤ ᠦᠢᠯᠡᠰ ᠤᠨ ᠬᠦᠷᠢᠶᠡᠯᠡᠩ ᠢᠶᠠᠷ ᠵᠥᠪᠰᠢᠶᠡᠷᠡᠭᠳᠡᠪᠡ᠃ ᠳᠤᠮᠳᠠᠳᠤ ᠤᠯᠤᠰ ᠤᠨ ︽ᠪᠣᠳᠣᠯᠭ᠎ᠠ ᠶᠢᠨ ᠠᠵᠤ ᠦᠢᠯᠡᠰ︾ | ᠤᠨ ᠪᠥᠭᠡᠮᠨᠡᠷᠡᠯ ᠤᠨ ᠬᠤᠰᠢᠭᠤᠴᠢ᠂ ︽ᠪᠣᠬᠢᠷᠳᠤᠯ ᠦᠭᠡᠢ ᠪᠣᠳᠣᠯᠭ᠎ᠠ ᠶᠢᠨ ᠬᠦᠴᠦᠨ︾ ᠤ ᠬᠥᠭᠵᠢᠯᠲᠡ ᠶᠢᠨ | ᠬᠤᠰᠢᠭᠤᠴᠢ ᠵᠡᠷᠭᠡ 2 ᠵᠦᠢᠯ ᠤᠨ ᠢᠷᠠᠭᠤ ᠠᠯᠳᠠᠷ ᠢ ᠭᠥᠷᠳᠡᠪᠡ᠃ 2024 ᠳᠤᠮᠳᠠᠳᠤ ᠤᠯᠤᠰ ᠤᠨ ᠪᠣᠬᠢᠷᠳᠤᠯ | ᠦᠭᠡᠢ ᠪᠣᠳᠣᠯᠭ᠎ᠠ ᠶᠢᠨ ᠬᠦᠴᠦᠨ ᠤ ᠶᠡᠭᠡ ᠬᠤᠷᠠᠯ ᠢ ᠠᠮᠵᠢᠯᠲᠠ ᠲᠠᠢ ᠡᠷᠬᠢᠯᠡᠵᠦ᠂ ︽ᠳᠤᠮᠳᠠᠳᠤ ᠤᠯᠤᠰ ᠤᠨ ᠡᠭᠦᠯᠡᠨ | ᠬᠥᠨᠳᠡᠢ︾ ᠶᠢᠨ ᠴᠣᠯᠠ ᠶᠢ ᠭᠥᠷᠳᠡᠪᠡ᠃ ᠰᠢᠨ᠎ᠡ ᠮᠠᠲ᠋ᠧᠷᠢᠶᠠᠯ ᠪᠣᠯᠣᠨ ᠤᠳᠤ ᠦᠶ᠎ᠡ ᠶᠢᠨ ᠲᠣᠨᠣᠭᠯᠠᠯ ᠦᠢᠯᠡᠳᠬᠦ ᠠᠵᠤ | ᠦᠢᠯᠡᠰ ᠤᠨ ᠪᠥᠭᠡᠮᠨᠡᠷᠡᠯ ᠢ ᠪᠦᠬᠦ ᠬᠡᠯᠬᠢᠶ᠎ᠡ ᠪᠠᠷ ᠠᠬᠢᠭᠤᠯᠵᠤ᠂ ᠱᠤᠸᠠᠩ ᠵᠢᠶᠧ ᠨᠢᠭᠡᠳᠦᠭᠡᠷ ᠬᠤᠭᠤᠴᠠᠭ᠎ᠠ᠂ ᠰᠠᠢ ᠱᠧᠩ | ᠨᠡᠭᠦᠷᠡᠰᠦᠳᠦᠷᠦᠭᠴᠢᠲᠦ ᠴᠠᠬᠢᠭᠤᠷ ᠤᠨ ᠨᠢᠭᠡᠳᠦᠭᠡᠷ ᠬᠤᠭᠤᠴᠠᠭ᠎ᠠ᠂ ᠰᠢᠨ ᠬᠤᠸᠠ ᠬᠠᠭᠠᠰ ᠳᠠᠮᠵᠢᠭᠤᠯᠤᠭᠴᠢ ᠲᠡᠰ ᠤᠨ | ᠤᠯᠠᠨ ᠲᠠᠯᠠᠰᠲᠤ ᠴᠠᠬᠢᠭᠤᠷ᠂ ᠳᠤᠮᠳᠠᠳᠤ ᠤᠯᠤᠰ ᠤᠨ ᠯᠢᠲ᠋ᠢ ᠶᠢᠨ ᠭᠤᠷᠪᠠᠳᠤᠭᠠᠷ ᠬᠤᠭᠤᠴᠠᠭ᠎ᠠ᠂ ᠱᠧᠩ ᠹᠠᠨ | ᠳᠥᠷᠪᠡᠳᠦᠭᠡᠷ ᠬᠤᠭᠤᠴᠠᠭ᠎ᠠ᠂ ᠸᠠᠨ ᠪᠠᠩ ᠵᠠᠮ ᠬᠠᠷᠢᠯᠴᠠᠭᠠᠨ ᠤ ᠣᠶᠤᠨᠴᠢ ᠲᠣᠨᠣᠭᠯᠠᠯ ᠦᠢᠯᠡᠳᠬᠦ ᠰᠠᠭᠤᠷᠢᠨ ᠭᠠᠵᠠᠷ | ᠵᠡᠷᠭᠡ ᠲᠦᠷᠦᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠲᠢᠶᠠᠨ ᠬᠤᠤ 60 ᠲᠦᠮᠡᠨ | ᠲᠣᠨ ᠳᠡᠭᠡᠳᠦ ᠴᠢᠳᠠᠪᠬᠢᠲᠤ ᠰᠢᠯ ᠰᠢᠷᠬᠡᠭ ᠤᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ | ᠡᠬᠢᠯᠡᠭᠦᠯᠪᠡ᠃ ᠴᠡᠪᠡᠷ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠯ ᠵᠢᠱᠢᠶ᠎ᠡ ᠦᠵᠡᠭᠦᠯᠦᠨ ᠰᠢᠨ᠎ᠡ ᠵᠠᠮ ᠢᠶᠠᠷ ᠵᠠᠮᠨᠠᠵᠤ᠂ | ᠮᠧᠩ ᠰᠢ ᠶᠢᠨ ᠲᠣᠭᠲᠠᠬᠤ ᠶᠢᠨ ᠴᠠᠬᠢᠯᠭᠠᠨ ᠦᠢᠯᠡᠳᠪᠦᠷᠢ ᠠᠴᠠ ᠭᠠᠳᠠᠭᠰᠢ ᠪᠠᠨ 200 ᠲᠦᠮᠡᠨ ᠺᠢᠯᠣᠸᠠᠲ ᠰᠢᠨ᠎ᠡ | ᠡᠨᠧᠷᠭᠢ ᠬᠠᠩᠭᠠᠬᠤ᠂ ᠬᠥᠬᠡᠬᠤᠲᠠ ᠢᠯᠴᠢ ᠶᠢᠨ ᠴᠠᠬᠢᠯᠭᠠᠨ ᠤ ᠰᠢᠨ᠎ᠡ ᠡᠨᠧᠷᠭᠢ ᠶᠢ ᠰᠢᠩᠭᠡᠭᠡᠬᠦ ᠵᠡᠷᠭᠡ ᠲᠥᠷᠥᠯ | ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠳ᠋ᠠ ᠲᠠᠩ ᠬᠥᠬᠡᠬᠤᠲᠠ ᠶᠢᠨ ᠬᠥᠩᠭᠡᠨᠴᠠᠭᠠᠨ ᠤ ᠴᠠᠬᠢᠯᠭᠠᠨ ᠢ | ᠳᠠᠬᠢᠯᠲᠠ ᠡᠨᠧᠷᠭᠢ ᠪᠠᠷ ᠣᠷᠣᠯᠠᠭᠤᠯᠬᠤ᠂ ᠬᠤᠷᠢᠨᠭᠡᠷ ᠰᠢᠨ᠎ᠡ ᠲᠣᠭᠤᠷᠢᠭ ᠤᠨ ᠨᠣᠭᠤᠭᠠᠨ ᠡᠨᠧᠷᠭᠢ ᠶᠢᠨ | ᠬᠠᠩᠭᠠᠯᠭ᠎ᠠ ᠶᠢᠨ ᠵᠢᠱᠢᠶ᠎ᠡ ᠦᠵᠡᠭᠦᠯᠬᠦ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ | 500 ᠺᠢᠯᠣᠸᠠᠲ ᠤᠨ ︽ᠣᠷᠣᠨ ᠤ ᠲᠥᠪ ᠬᠤᠲᠠ ᠶᠢ ᠲᠣᠭᠤᠷᠢᠭᠰᠠᠨ︾ ᠴᠠᠬᠢᠯᠭᠠᠨ ᠲᠣᠣᠷ ᠤᠨ ᠰᠢᠰᠲ᠋ᠧᠮᠵᠢ ᠶᠢ | ᠲᠦᠷᠭᠡᠳᠬᠡᠨ ᠪᠦᠷᠢᠯᠳᠦᠭᠦᠯᠪᠡ᠃ ᠨᠣᠭᠤᠭᠠᠨ ᠴᠠᠬᠢᠯᠭᠠᠨ ᠨᠣᠭᠤᠭᠠᠨ ᠦᠨᠡᠮᠯᠡᠯ ᠤᠨ ᠠᠷᠠᠯᠵᠢᠶᠠᠨ ᠤ ᠦᠢᠯᠡᠴᠢᠯᠡᠭᠡᠨ ᠤ | ᠪᠠᠶᠢᠭᠤᠯᠤᠮᠵᠢ ᠶᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ | ᠦᠢᠯᠡᠰ ᠤᠨ ᠪᠥᠭᠡᠮᠨᠡᠷᠡᠯ ᠤᠨ ᠤᠯᠠᠨ ᠬᠦᠷᠢᠶ᠎ᠡ ᠴᠠᠷᠠᠭ᠎ᠠ ᠳᠤ ᠰᠢᠨ᠎ᠡ ᠶᠢ ᠡᠭᠦᠳᠬᠦ ᠳᠤ ᠰᠢᠪᠲᠤᠯᠤᠯᠲᠠ ᠭᠠᠷᠭᠠᠵᠤ᠂ ᠺᠧ | ᠲᠦᠸᠧ ᠠᠮᠢᠲᠠᠨ ᠤᠷᠭᠤᠮᠠᠯ ᠤᠨ ᠪᠢᠴᠢᠯ ᠠᠮᠢ ᠠᠬᠤᠢ ᠶᠢᠨ ᠡᠮ ᠦᠢᠯᠡᠳᠬᠦ ᠰᠠᠭᠤᠷᠢᠨ ᠭᠠᠵᠠᠷ᠂ ᠢ ᠳ᠋ᠥᠸᠧ ᠯᠢ | ᠠᠮᠢᠳᠤ ᠪᠣᠳᠠᠰ ᠤᠨ ᠢᠰᠬᠡᠭᠦᠷ᠂ ᠶᠢᠨ ᠾᠧ ᠶᠢᠤ ᠪᠧᠨ ᠠᠮᠢᠲᠠᠨ ᠤ ᠸᠠᠺᠼᠢᠨ᠂ ᠴᠠᠩ ᠱᠧᠦ ᠡᠮ ᠤᠨ ᠦᠢᠯᠡᠰ ᠵᠡᠷᠭᠡ | ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ︔ ᠶᠢᠨ ᠢᠦᠢ ᠠᠮᠢᠳᠤ ᠪᠣᠳᠠᠰ ᠤᠨ | mRNA ᠸᠠᠺᠼᠢᠨ ᠵᠢᠴᠢ ᠪᠥᠭᠡᠮ ᠬᠦᠴᠢᠯ ᠤᠨ ᠡᠮ ᠤᠨ ᠵᠦᠢᠯ ᠤᠨ ᠣᠶᠤᠨᠴᠢ ᠦᠢᠯᠡᠳᠬᠡᠯ ᠤᠨ ᠲᠥᠷᠥᠯ ᠵᠦᠢᠯ | ᠳᠤᠮᠳᠠᠬᠢ ᠲᠤᠷᠰᠢᠯᠲᠠ ᠶᠢᠨ ᠱᠠᠲᠤᠨ ᠳᠤ ᠣᠷᠣᠪᠠ᠃ ᠴᠠᠩ ᠱᠧᠩ ᠡᠮ ᠤᠨ ᠳ᠋ᠧᠩ ᠲᠠ ᠦᠢᠯᠡᠳᠪᠦᠷᠢ᠂ ᠱᠤᠸᠠᠩ ᠴᠢ | ᠡᠮ ᠤᠨ ᠦᠢᠯᠡᠰ ᠤᠨ ᠣᠶᠤᠨᠴᠢ ᠦᠢᠯᠡᠳᠬᠡᠯ ᠤᠨ ᠠᠵᠤ ᠦᠢᠯᠡᠰ ᠤᠨ ᠬᠦᠷᠢᠶᠡᠯᠡᠩ ᠤᠨ ᠭᠤᠣᠯ ᠴᠣᠭᠴᠠ ᠶᠢᠨ | ᠠᠵᠢᠯ ᠳᠠᠭᠤᠰᠪᠠ᠃ ᠣᠯᠠᠨ ᠤᠯᠤᠰ ᠤᠨ ᠠᠮᠢᠲᠠᠨ ᠤ ᠸᠠᠺᠼᠢᠨ ᠤ ᠰᠢᠨ᠎ᠡ ᠶᠢ ᠡᠭᠦᠳᠬᠦ ᠶᠡᠭᠡ ᠬᠤᠷᠠᠯ ᠢ | ᠠᠮᠵᠢᠯᠲᠠ ᠲᠠᠢ ᠡᠷᠬᠢᠯᠡᠪᠡ᠃ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠥᠭᠡᠮᠨᠡᠷᠡᠯ | ᠲᠥᠪᠯᠡᠷᠡᠨ ᠲᠥᠯᠥᠪᠰᠢᠵᠦ᠂ ᠰᠢᠦᠢ ᠶᠠᠩ ᠤᠨ 30 ᠲᠦᠮᠡᠨ ᠲᠣᠨ ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ | ᠮᠠᠲ᠋ᠧᠷᠢᠶᠠᠯ᠂ ᠬᠥᠬᠡᠬᠤᠲᠠ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠵᠢᠯ ᠳᠤ 5 ᠲᠦᠮᠡᠨ ᠲᠣᠨ | ᠫᠷᠣᠫᠠ ᠠᠯᠺᠠᠨ ᠤ ᠤᠰᠤᠲᠥ᠋ᠷᠥᠭᠴᠢ ᠦᠭᠡᠶᠢᠳᠡᠭᠦᠯᠬᠦ᠂ ᠮᠧᠩ ᠯᠢᠶᠠᠨ 30 ᠲᠦᠮᠡᠨ ᠲᠣᠨ ᠰᠢᠩᠭᠡᠵᠢᠭᠦᠯᠦᠭᠰᠡᠨ | ᠬᠡᠢ ᠶᠢᠨ ᠴᠢᠳᠠᠪᠤᠷᠢ ᠶᠢ ᠥᠷᠭᠡᠳᠬᠡᠬᠦ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ | ᠣᠷᠣᠭᠤᠯᠪᠠ᠃ ᠵᠦᠩ ᠴᠤᠸᠠᠨ ᠣᠨᠴᠠᠭᠠᠢ ᠬᠡᠢ ᠶᠢᠨ ᠺᠣᠮᠫᠠᠨᠢ ᠶᠢᠨ ᠣᠨᠴᠠ ᠴᠡᠪᠡᠷ ᠡᠯᠧᠺᠲᠷᠣᠨ ᠬᠡᠢ ᠪᠡᠶᠡᠲᠦ ᠶᠢᠨ | ᠲᠥᠷᠥᠯ ᠵᠦᠢᠯ ᠤᠳᠠᠯ ᠦᠭᠡᠢ ᠠᠰᠢᠭᠯᠠᠯᠲᠠ ᠳᠤ ᠣᠷᠣᠬᠤ ᠪᠠᠷ ᠪᠠᠶᠢᠨ᠎ᠠ᠃ ᠳᠣᠣᠷ᠎ᠠ ᠣᠭᠲᠠᠷᠭᠤᠢ ᠶᠢᠨ ᠠᠵᠤ ᠠᠬᠤᠢ | ᠡᠬᠢᠯᠡᠨ ᠲᠥᠯᠥᠪᠰᠢᠵᠦ᠂ 28 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠳᠣᠣᠷ᠎ᠠ ᠣᠭᠲᠠᠷᠭᠤᠢ ᠶᠢᠨ ᠲᠤᠷᠰᠢᠨ | ᠨᠢᠰᠬᠦ ᠵᠠᠢ ᠵᠥᠪᠰᠢᠶᠡᠷᠡᠭᠳᠡᠪᠡ᠃ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠥᠪᠥᠷ | ᠮᠣᠩᠭᠤᠯ ᠤᠨ ᠳᠣᠣᠷ᠎ᠠ ᠣᠭᠲᠠᠷᠭᠤᠢ ᠶᠢᠨ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ | ᠳᠣᠬᠢᠭᠤᠷ ᠳᠣᠯᠤᠭ᠎ᠠ ᠥᠨᠳᠥᠷ ᠢᠯᠭᠠᠮᠵᠢ ᠶᠢᠨ ᠬᠡᠷᠡᠭᠯᠡᠯᠲᠡ ᠶᠢᠨ ᠠᠵᠤ ᠦᠢᠯᠡᠰ ᠤᠨ ᠬᠦᠷᠢᠶᠡᠯᠡᠩ᠂ ᠳᠣᠣᠷ᠎ᠠ | ᠣᠭᠲᠠᠷᠭᠤᠢ ᠶᠢᠨ ᠲᠣᠨᠣᠭᠯᠠᠯ ᠤᠨ ᠣᠶᠤᠨᠴᠢ ᠦᠢᠯᠡᠳᠬᠡᠯ ᠤᠨ ᠲᠣᠭᠤᠷᠢᠭ ᠵᠡᠷᠭᠡ ᠲᠥᠷᠥᠯ ᠵᠦᠢᠯ ᠢ ᠪᠦᠲᠦᠭᠡᠨ | ᠪᠠᠶᠢᠭᠤᠯᠪᠠ᠃ ᠪᠦᠬᠦ ᠤᠯᠤᠰ ᠤᠨ ᠠᠩᠬᠠᠳᠠᠭᠴᠢ ᠪᠦᠯᠦᠭ ᠳᠣᠬᠢᠭᠤᠷ ᠳᠣᠯᠤᠭ᠎ᠠ ᠶᠢᠨ ᠬᠡᠪᠴᠢᠶᠡᠵᠢᠭᠰᠡᠨ | ᠬᠡᠷᠡᠭᠯᠡᠯᠲᠡ ᠶᠢᠨ ᠲᠤᠷᠰᠢᠯᠲᠠ ᠶᠢᠨ ᠬᠤᠲᠠ ᠪᠣᠯᠪᠠ᠃ ᠣᠶᠢᠷ᠎ᠠ ᠶᠢᠨ ᠬᠡᠳᠦᠨ ᠵᠢᠯ ᠤᠨ ᠲᠠᠰᠤᠷᠠᠯᠲᠠ ᠦᠭᠡᠢ | ᠴᠢᠷᠮᠠᠶᠢᠯᠭ᠎ᠠ ᠪᠠᠷ ᠳᠡᠮᠵᠢᠨ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠬᠡᠯᠬᠢᠶᠡᠵᠢᠨ ᠬᠥᠭᠵᠢᠨ᠂ | ᠬᠠᠷᠢᠯᠴᠠᠨ ᠤᠶᠠᠯᠳᠤᠵᠤ᠂ ᠦᠢᠯᠡᠳᠬᠦᠨ ᠤ ᠥᠷᠲᠡᠭ ᠨᠢ ᠪᠥᠬᠦ ᠬᠤᠲᠠ ᠶᠢᠨ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠢ ᠥᠷᠲᠡᠭ ᠲᠠᠬᠢ ᠡᠵᠡᠯᠡᠬᠦ ᠬᠤᠪᠢ ᠶᠢᠨ ᠵᠢᠩ ᠨᠢ 90% ᠶᠢ ᠳᠠᠪᠠᠵᠤ᠂ ᠣᠷᠣᠨ ᠤ ᠲᠥᠪ | ᠬᠤᠲᠠ ᠶᠢᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠰᠠᠶᠢᠨ ᠬᠠᠨᠳᠤᠰᠢ ᠲᠠᠢ ᠪᠣᠯᠪᠠ᠃ | ︵ᠬᠤᠶᠠᠷ︶ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠥᠭᠡᠮᠨᠡᠷᠡᠨ ᠲᠡᠰ ᠳᠡᠪᠰᠢᠪᠡ᠃ ᠣᠯᠠᠨ | ᠡᠰᠢᠴᠢᠯᠡᠭᠰᠡᠨ ᠬᠡᠷᠡᠭᠯᠡᠭᠡᠨ ᠤ ᠠᠬᠤᠢ ᠲᠠᠰᠤᠷᠠᠯᠲᠠ ᠦᠭᠡᠢ ᠪᠠᠶᠠᠯᠢᠭᠵᠢᠨ᠂ ᠲᠥᠷᠥᠯ ᠲᠡᠮᠳᠡᠭᠲᠦ ᠶᠢᠨ ᠠᠩᠬᠠᠳᠠᠭᠴᠢ | ᠳᠡᠯᠭᠡᠭᠦᠷ᠂ ᠬᠤᠰᠢᠭᠤᠴᠢ ᠳᠡᠯᠭᠡᠭᠦᠷ 32 ᠨᠠᠶᠢᠳᠠᠪᠤᠷᠢᠵᠢᠵᠤ᠂ ︽ᠠᠷᠠᠳ ᠲᠤ ᠲᠥᠬᠦᠮ ᠦᠵᠡᠭᠦᠯᠬᠦ ᠨᠢᠭᠡ ᠮᠥᠴᠡ ᠶᠢᠨ | ᠠᠮᠢᠳᠤᠷᠠᠯ ᠤᠨ ᠲᠣᠭᠤᠷᠢᠭ︾ ᠢ 10 ᠳᠡᠭᠡᠭᠰᠢᠯᠡᠭᠦᠯᠵᠦ᠂ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭ᠎ᠠ ᠶᠢᠨ | ᠳᠡᠯᠭᠡᠭᠦᠷ ᠢ 60 ᠪᠠᠶᠢᠭᠤᠯᠵᠤ᠂ ᠤᠰᠤᠨ ᠤ ᠡᠷᠭᠢ ᠶᠢᠨ ᠵᠡᠭᠡᠯᠢ᠂ ᠥᠷᠭᠡᠨ ᠭᠤᠳᠤᠮᠵᠢ ᠵᠡᠷᠭᠡ ᠨᠢᠭᠡ ᠪᠦᠯᠦᠭ | ᠣᠨᠴᠠᠯᠢᠭᠲᠤ ᠢᠳᠡᠭᠡᠨ ᠤᠮᠳᠠᠭᠠᠨ ᠢ ᠲᠥᠪᠯᠡᠷᠡᠭᠦᠯᠦᠭᠰᠡᠨ ᠵᠡᠭᠡᠯᠢ ᠲᠣᠭᠤᠷᠢᠭ ᠢ ᠪᠣᠶ ᠪᠣᠯᠭᠠᠵᠤ᠂ ᠵᠦᠩ ᠱᠠᠨ | ᠪᠠᠷᠠᠭᠤᠨ ᠵᠠᠮ ᠤᠨ ᠬᠤᠳᠠᠯᠳᠤᠭᠠᠨ ᠤ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ︽ᠣᠨᠴᠠᠯᠢᠭᠲᠤ | ᠬᠤᠳᠠᠯᠳᠤᠭᠠᠨ ᠤ ᠲᠥᠪᠯᠡᠷᠡᠯ ᠤᠨ ᠲᠣᠭᠤᠷᠢᠭ︾ ᠢᠶᠠᠷ ᠦᠨᠡᠯᠡᠭᠳᠡᠪᠡ᠃ ︽ᠨᠢᠭᠡ ᠬᠤᠩᠭᠢᠯ ᠬᠤᠶᠠᠷ ᠲᠡᠩᠭᠡᠯᠢᠭ ᠲᠠᠪᠤᠨ | ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠪᠥᠬᠦ ᠲᠠᠯ᠎ᠠ ᠪᠠᠷ ᠡᠬᠢᠯᠡᠵᠦ ᠂ ᠯᠣᠣ | ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠢ 5A ᠲᠠᠰ ᠤᠨ ᠦᠵᠡᠮᠵᠢ ᠶᠢᠨ ᠣᠷᠣᠨ ᠢᠶᠠᠷ ᠠᠮᠵᠢᠯᠲᠠ ᠲᠠᠢ | ᠡᠭᠦᠳᠦᠨ ᠪᠠᠶᠢᠭᠤᠯᠪᠠ᠃ ᠠᠷᠪᠠᠳᠤᠭᠠᠷ ᠬᠤᠭᠤᠴᠠᠭᠠᠨ ᠤ ︽ᠮᠦᠽᠧᠢ ᠶᠢᠨ ᠦᠵᠡᠰᠬᠦᠯᠡᠩ ᠤᠨ ᠴᠤᠭᠯᠠᠭᠠᠨ︾ ᠢ | ᠠᠮᠵᠢᠯᠲᠠ ᠲᠠᠢ ᠳᠠᠭᠠᠭᠠᠨ ᠡᠷᠬᠢᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠭᠠᠵᠠᠷ ᠢ | ᠪᠠᠶᠢᠭᠤᠯᠵᠤ᠂ ᠤᠯᠤᠰ ᠤᠨ ᠨᠢᠭᠡᠳᠦᠭᠡᠷ ᠳᠡᠰ ᠤᠨ ᠮᠦᠽᠧᠢ ᠶᠢ 3᠂ ᠬᠤᠶᠠᠳᠤᠭᠠᠷ ᠳᠡᠰ ᠤᠨ ᠮᠦᠽᠧᠢ ᠶᠢ 2 ᠡᠭᠦᠳᠦᠨ | ᠪᠠᠶᠢᠭᠤᠯᠵᠤ᠂ ᠤᠷᠲᠤ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠂ ᠤᠮᠠᠷᠠᠲᠤ ᠬᠢᠯᠢ ᠶᠢᠨ ᠰᠠᠭᠤᠭᠳᠠᠯ | ᠰᠣᠶᠣᠯ ᠤᠷᠠᠯᠢᠭ ᠤᠨ ᠲᠥᠪ ᠢ ᠪᠠᠶᠢᠭᠤᠯᠪᠠ᠃ ᠣᠪᠣᠭ᠎ᠠ ᠲᠣᠰᠬᠤᠨ ᠤᠯᠤᠰ ᠤᠨ ᠲᠠᠰ ᠤᠨ ᠰᠥᠨᠢ ᠶᠢᠨ ᠰᠣᠶᠣᠯ ᠪᠠ | ᠵᠢᠭᠤᠯᠴᠢᠯᠠᠯ ᠤᠨ ᠬᠡᠷᠡᠭᠯᠡᠭᠡ ᠲᠥᠪᠯᠡᠷᠡᠭᠰᠡᠨ ᠣᠷᠣᠨ ᠢᠶᠠᠷ ᠦᠨᠡᠯᠡᠭᠳᠡᠵᠦ᠂ ᠳᠡᠯ ᠠᠭᠤᠯᠠ ᠶᠢᠨ ᠴᠡᠨᠡᠯᠡᠯᠲᠡ ᠶᠢᠨ | ᠲᠠᠯᠠᠪᠠᠶ ᠤᠯᠤᠰ ᠤᠨ ᠲᠠᠰ ᠤᠨ ᠴᠡᠨᠡᠯᠡᠯᠲᠡ ᠶᠢᠨ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠢᠶᠠᠷ ᠦᠨᠡᠯᠡᠭᠳᠡᠪᠡ᠃ | ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠲᠣᠮᠣ ᠬᠡᠯᠪᠡᠷᠢ ᠶᠢᠨ ᠳᠠᠭᠤᠯᠠᠯᠭ᠎ᠠ ᠶᠢᠨ ᠲᠤᠭᠯᠠᠯᠲᠠ ᠶᠢ 8 | ᠤᠳᠠᠭ᠎ᠠ ᠵᠣᠬᠢᠶᠠᠨ ᠪᠠᠶᠢᠭᠤᠯᠪᠠ᠃ ᠪᠦᠬᠦ ᠵᠢᠯ ᠳᠤ ᠬᠦᠯᠢᠶᠡᠨ ᠠᠪᠤᠭᠰᠠᠨ ᠵᠢᠭᠤᠯᠴᠢᠯᠠᠭᠴᠢᠳ 5500 ᠲᠦᠮᠡᠨ | ᠬᠥᠮᠥᠨ ᠤᠳᠠᠭ᠎ᠠ ᠶᠢ ᠳᠠᠪᠠᠪᠠ᠃ ᠲᠦᠷᠦᠭᠦᠤ ᠪᠦᠯᠦᠭ ᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ | ᠬᠡᠯᠪᠡᠷᠢ ᠶᠢᠨ ᠤᠯᠤᠰ ᠤᠨ ᠪᠠᠷᠠᠭᠠᠨ ᠭᠦᠢᠯᠭᠡᠭᠡᠨ ᠤ ᠬᠦᠢᠰᠦ ᠶᠢ ᠪᠠᠶᠢᠭᠤᠯᠤᠨ ᠳᠠᠭᠤᠰᠬᠠᠵᠤ᠂ ᠢ ᠱᠦᠨ᠂ ᠶᠤᠸᠠᠨ | ᠲᠦᠩ ᠵᠡᠷᠭᠡ ᠲᠥᠷᠥᠯ ᠵᠦᠢᠯ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ︽ᠲᠢᠶᠠᠨᠵᠢᠨ ᠭᠠᠷᠠᠮ -ᠬᠥᠬᠡᠬᠤᠲᠠ︾ | ᠶᠢᠨ ᠣᠷᠣᠨ ᠭᠠᠷᠠᠮ ᠤᠨ ᠬᠠᠮᠲᠤᠷᠠᠭᠰᠠᠨ ᠵᠢᠰᠢᠶᠠᠨ ᠤ ᠭᠠᠯᠲᠤ ᠲᠡᠷᠭᠡ ᠶᠢ ᠠᠮᠵᠢᠯᠲᠠ ᠲᠠᠢ ᠨᠠᠪᠲᠠᠷᠡᠭᠦᠯᠵᠦ᠂ ᠨᠠᠭᠠᠰᠢ | ᠴᠠᠭᠠᠰᠢ ᠨᠡᠶᠢᠲᠡ 520 ᠴᠢᠩᠭᠡᠯᠢᠭ ᠵᠥᠭᠡᠭᠡᠪᠦᠷᠢᠯᠡᠵᠦ᠂ ᠨᠡᠩ ᠳᠥᠭᠦᠮ ᠳᠥᠲᠡ ᠪᠠᠷᠠᠭᠠᠨ ᠭᠦᠢᠯᠭᠡᠭᠡᠨ ᠤ | ᠰᠢᠰᠲ᠋ᠧᠮᠵᠢ ᠪᠠᠷ ᠣᠷᠣᠨ ᠤ ᠲᠥᠪ ᠬᠤᠲᠠ ᠶᠢᠨ ︽ᠰᠢᠤᠳᠠᠯᠠᠬᠤ ᠶᠢ ᠳᠠᠭᠠᠭᠠᠬᠤ ᠴᠠᠭ ᠦᠶ᠎ᠡ︾ ᠳᠤ ᠪᠦᠬᠦ ᠲᠠᠯ᠎ᠠ ᠪᠠᠷ | ᠣᠷᠣᠬᠤ ᠶᠢ ᠲᠤᠯᠭᠠᠭᠤᠷᠢᠯᠠᠪᠠ᠃ ᠬᠠᠳᠠᠭᠠᠯᠠᠮᠵᠢ᠂ ᠵᠢᠭᠡᠯᠡᠯᠭᠡ ᠶᠢᠨ ᠦᠯᠡᠳᠡᠪᠦᠷᠢ ᠴᠥᠮ ︽ᠲᠦᠮᠡᠨ ᠳ᠋ᠦᠩᠰᠢᠭᠤᠷ︾ ᠢ | ᠳᠠᠪᠠᠵᠤ᠂ ᠬᠤᠶᠠᠷ ᠵᠢᠯ ᠳᠠᠷᠠᠭᠠᠯᠠᠨ ᠨᠡᠶᠢᠳᠡᠮ ᠠᠰᠢᠭ ᠬᠦᠷᠲᠡᠭᠡᠬᠦ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠱᠢᠶ᠎ᠡ | ᠦᠵᠡᠭᠦᠯᠬᠦ ᠣᠷᠣᠨ ᠢᠶᠠᠷ ᠦᠨᠡᠯᠡᠭᠳᠡᠪᠡ᠃ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠰᠠᠭᠤᠷᠢ ᠮᠥᠩᠭᠦ ᠶᠢ | ᠪᠠᠶᠢᠭᠤᠯᠵᠤ ᠨᠡᠶᠢᠭᠡᠮ ᠤᠨ ᠬᠥᠷᠥᠩᠭᠡ ᠮᠥᠩᠭᠦ ᠶᠢ 22 ᠳ᠋ᠦᠩᠰᠢᠭᠤᠷ ᠢᠯᠡᠭᠦᠦ ᠲᠥᠭᠦᠷᠢᠭ ᠳᠠᠶᠢᠴᠢᠯᠠᠪᠠ᠂ ᠵᠠᠰᠠᠭ ᠤᠨ | ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠪᠠᠷ ᠪᠠᠩᠬᠢ ᠠᠴᠠ ᠢᠲᠡᠭᠡᠮᠵᠢ | ᠣᠯᠭᠤᠭᠰᠠᠨ ᠲᠤᠭ᠎ᠠ ᠶᠢ 1800 ᠳ᠋ᠦᠩᠰᠢᠭᠤᠷ ᠲᠥᠭᠦᠷᠢᠭ ᠰᠢᠬᠠᠮ ᠬᠦᠷᠭᠡᠪᠡ᠂ ᠥᠪᠥᠷ ᠮᠣᠩᠭᠤᠯ ᠤᠨ ᠴᠢᠩ | ᠴᠧᠩ ᠰᠦ ᠶᠢᠨ ᠦᠢᠯᠡᠰ ᠤᠨ ᠠᠷᠠᠯᠵᠢᠶᠠᠨ ᠤ ᠲᠥᠪ ᠤᠨ ᠠᠷᠠᠯᠵᠢᠶᠠᠨ ᠤ ᠲᠤᠭ᠎ᠠ ᠨᠡᠶᠢᠲᠡ 6.5 ᠳ᠋ᠦᠩᠰᠢᠭᠤᠷ | ᠲᠥᠭᠦᠷᠢᠭ ᠬᠦᠷᠴᠦ᠂ ᠣᠷᠣᠨ ᠤ ᠲᠥᠪ ᠬᠤᠲᠠ ᠶᠢᠨ ᠨᠥᠯᠥᠭᠡᠯᠡᠬᠦ ᠬᠦᠴᠦᠨ᠂ ᠳᠠᠶᠢᠴᠢᠯᠠᠬᠤ ᠬᠦᠴᠦᠨ ᠲᠠᠰᠤᠷᠠᠯᠲᠠ | ᠦᠭᠡᠢ ᠳᠡᠭᠡᠭᠰᠢᠯᠡᠪᠡ᠃ | ︵ᠭᠤᠷᠪᠠ︶ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠨᠡᠩ ᠴᠢᠩᠭᠠᠷᠠᠪᠠ᠃ ᠤᠯᠤᠰ ᠤᠨ ᠰᠦ ᠶᠢᠨ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ 10 ᠵᠦᠢᠯ ᠤᠨ ᠪᠦᠬᠦ ᠪᠥᠮᠪᠥᠷᠴᠡᠭ ᠤᠨ ᠲᠡᠷᠢᠭᠦᠨ ᠤ ᠦᠷ᠎ᠡ | ᠪᠦᠲᠦᠭᠡᠯ ᠢ ᠣᠯᠣᠭᠰᠠᠨ ᠪᠥᠭᠡᠳ ᠪᠦᠬᠦᠨ ᠢ ᠠᠵᠤ ᠦᠢᠯᠡᠰᠵᠢᠭᠦᠯᠵᠦ᠂ ᠤᠯᠤᠰ ᠤᠨ ᠡᠪᠡᠰᠦᠨ ᠤ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠨᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠶᠠᠮᠤᠨ ᠤ ᠬᠢᠨᠠᠯᠲᠠ ᠶᠢ ᠥᠩᠭᠡᠷᠡᠵᠦ᠂ ᠠᠮᠢᠲᠠᠨ ᠤ ᠸᠠᠺᠼᠢᠨ ᠤ ᠰᠢᠨ᠎ᠡ ᠶᠢ ᠡᠭᠦᠳᠬᠦ ᠲᠥᠪ | ︽ᠤᠯᠤᠰ ᠤᠨ ᠠᠮᠢᠳᠤ ᠭᠠᠭ᠋ᠠᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠥᠪᠥᠷ ᠮᠣᠩᠭᠤᠯ ᠳᠠᠬᠢ | ᠬᠤᠪᠢᠶᠠᠷᠢ ᠲᠥᠪ︾ ᠤᠨ ᠫᠠᠶᠢᠰᠠ ᠡᠯᠭᠦᠵᠦ᠂ ᠠᠵᠤ ᠦᠢᠯᠡᠳᠪᠦᠷᠢ ᠶᠢᠨ ᠵᠥᠭᠡᠯᠡᠨ ᠲᠣᠨᠤᠭ ᠤᠨ ᠠᠵᠤ ᠦᠢᠯᠡᠰ ᠤᠨ | ᠰᠢᠨ᠎ᠡ ᠶᠢ ᠡᠭᠦᠳᠬᠦ ᠲᠥᠪ᠂ ᠰᠢᠨᠬᠤᠸᠠ ᠭᠤᠷᠪᠠᠳᠤᠭᠠᠷ ᠲᠥᠪ ᠲᠤᠷᠰᠢᠯᠲᠠ ᠶᠢᠨ ᠲᠠᠰᠤᠭ᠂ ᠬᠤᠸᠠ ᠸᠧᠢ ᠶᠢᠨ ᠥᠪᠥᠷ | ᠮᠣᠩᠭᠤᠯ ᠤᠨ ᠣᠷᠣᠨ ᠪᠦᠰᠡ ᠶᠢᠨ ᠶᠡᠷᠦᠩᠬᠡᠢ ᠬᠡᠯᠲᠡᠰ ᠵᠡᠷᠭᠡ ᠨᠢᠭᠡ ᠪᠦᠯᠦᠭ ᠵᠠᠬ᠎ᠠ ᠳᠡᠯᠭᠡᠭᠦᠷᠴᠢᠯᠡᠭᠰᠡᠨ ᠰᠤᠳᠤᠯᠤᠨ | ᠨᠡᠭᠡᠭᠡᠬᠦ ᠪᠠᠶᠢᠭᠤᠯᠤᠮᠵᠢ ᠪᠣᠳᠠᠲᠠᠢ ᠠᠵᠢᠯᠯᠠᠪᠠ᠃ ᠨᠢᠭᠡ ᠲᠥᠷᠥᠯ ᠤᠨ ᠦᠷ᠎ᠡ ᠪᠦᠲᠦᠭᠡᠯ ᠨᠢ ᠤᠯᠤᠰ ᠤᠨ ᠮᠡᠷᠭᠡᠵᠢᠯ ᠤᠨ | ᠡᠭᠦᠳᠦᠯᠲᠡ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠲᠡᠵᠦ᠂ ᠬᠤᠶᠠᠷ ᠴᠡᠭ ᠨᠢ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠥᠷᠥᠯ ᠵᠦᠢᠯ ᠢ ᠡᠭᠦᠷᠭᠡᠯᠡᠵᠦ᠂ ᠬᠤᠶᠠᠷ ᠲᠥᠷᠥᠯ ᠵᠦᠢᠯ ᠨᠢ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠬᠦᠷᠲᠡᠵᠦ᠂ ᠭᠤᠷᠪᠠᠨ ᠲᠥᠷᠥᠯ ᠤᠨ ᠮᠡᠷᠭᠡᠵᠢᠯ ᠨᠢ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ | ᠢᠨᠵᠧᠨᠧᠷᠢᠩ ᠳᠤ ᠣᠷᠣᠪᠠ᠃ 167 ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠲᠠᠢ ᠬᠠᠮᠲᠤᠷᠠᠯᠴᠠᠭ᠎ᠠ | ᠥᠷᠨᠢᠭᠦᠯᠵᠦ᠂ ᠠᠺᠠᠳᠧᠮᠢᠴᠢ ᠪᠠ ᠲᠤᠰᠬᠠᠢ ᠮᠡᠷᠭᠡᠵᠢᠯᠲᠡᠨ ᠤ ᠠᠵᠢᠯ ᠤᠨ ᠥᠷᠲᠡᠭᠡ 13 ᠶᠢ ᠰᠢᠨ᠎ᠡ ᠪᠠᠷ ᠪᠠᠶᠢᠭᠤᠯᠵᠤ᠂ | ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 218᠂ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 852᠂ ᠰᠢᠨᠵᠢᠯᠡᠬᠦ ᠤᠬᠠᠭᠠᠨ ᠮᠡᠷᠭᠡᠵᠢᠯ ᠤᠨ | ᠳᠠᠭᠠᠭᠤᠯᠤᠭᠴᠢ ᠠᠵᠤ ᠠᠬᠤᠶᠢᠯᠠᠯ 12 ᠰᠢᠨ᠎ᠡ ᠪᠠᠷ ᠨᠡᠮᠡᠭᠳᠡᠪᠡ᠃ ᠰᠢᠨ᠎ᠡ ᠶᠢ ᠡᠭᠦᠳᠬᠦ ᠲᠠᠪᠴᠠᠩ ᠢᠶᠠᠷ ᠳᠠᠮᠵᠢᠭᠤᠯᠤᠨ | ᠤᠯᠠᠷᠢᠯᠠᠭᠤᠯᠤᠨ ᠪᠣᠳᠠᠲᠠᠶᠢᠵᠢᠭᠤᠯᠤᠭᠰᠠᠨ ᠦᠷ᠎ᠡ ᠪᠦᠲᠦᠭᠡᠯ 100 ᠵᠦᠢᠯ ᠢ ᠳᠠᠪᠠᠵᠤ ᠂ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ 1704 ᠰᠢᠨ᠎ᠡ ᠪᠠᠷ ᠳᠠᠩᠰᠠᠯᠠᠭᠤᠯᠪᠠ᠃ ᠪᠥᠬᠦ ᠤᠯᠤᠰ ᠤᠨ | ᠠᠩᠬᠠᠳᠠᠭᠴᠢ ᠡᠪᠡᠰᠦᠨ ᠤ ᠠᠵᠤ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠮᠣ | ᠳ᠋ᠠᠶᠢᠲ᠋ᠠ ᠶᠢᠨ ᠲᠠᠪᠴᠠᠩ ᠢ ᠡᠬᠢᠯᠡᠭᠦᠯᠦᠨ ᠡᠵᠡᠩᠨᠡᠵᠦ᠂ ᠪᠥᠬᠦ ᠣᠷᠣᠨ ᠤ ᠠᠩᠬᠠᠳᠠᠭᠴᠢ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠢᠭᠦᠬᠦ ᠲᠢᠩᠬᠢᠮ ᠢ ᠪᠠᠶᠢᠭᠤᠯᠬᠤ ᠪᠠᠷ ᠵᠥᠪᠰᠢᠶᠡᠷᠡᠭᠳᠡᠪᠡ᠃ | ︵ᠳᠥᠷᠪᠡ︶ ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠶᠢᠷᠡᠪᠡ᠃ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠶᠢᠨ ᠥᠭᠡᠷᠡᠴᠢᠯᠡᠯᠲᠡ ᠳᠤ ᠨᠠᠩ ᠴᠢᠩᠭ᠎ᠠ ᠬᠥᠳᠡᠯᠭᠡᠬᠦ ᠬᠦᠴᠦᠨ ᠡᠷᠴᠢᠯᠡᠭᠳᠡᠵᠦ᠂ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ︽4.0︾ ᠬᠡᠪ ᠤᠨ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠢ | ᠳᠠᠩᠰᠠᠯᠠᠬᠤ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠪᠣᠯᠪᠠ᠃ ᠬᠤᠲᠠ ᠶᠢᠨ ᠲᠣᠰ ᠱᠠᠲᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ 1296 ᠵᠦᠢᠯ ᠪᠠᠶᠢᠭᠰᠠᠨ ᠠᠴᠠ 405 ᠵᠦᠢᠯ ᠪᠣᠯᠭᠠᠨ | ᠴᠣᠮᠬᠠᠳᠬᠠᠵᠤ᠂ ᠪᠥᠬᠦ ᠤᠯᠤᠰ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢᠶᠠᠷ ᠬᠠᠮᠤᠭ ᠤᠨ ᠴᠥᠭᠡᠨ | ᠬᠤᠲᠠ ᠶᠢᠨ ᠡᠩᠨᠡᠭᠡᠨ ᠳᠤ ᠣᠷᠣᠪᠠ᠃ ᠰᠢᠨ᠎ᠡ ᠪᠠᠷ ᠳᠠᠩᠰᠠᠯᠠᠭᠤᠯᠤᠭᠰᠠᠨ ᠡᠵᠡᠩᠨᠡᠯᠲᠡ ᠶᠢᠨ ᠭᠤᠣᠯ ᠴᠣᠭᠴᠠ 7.8 | ᠲᠦᠮᠡ ᠬᠦᠷᠴᠦ᠂ 8.9% ᠪᠠᠷ ᠨᠡᠮᠡᠭᠳᠡᠪᠡ︔ 2024 ᠣᠨ ᠤ ᠬᠠᠮᠤᠭ ᠤᠨ ᠶᠡᠭᠡ ᠪᠡᠯᠡ ᠣᠷᠣᠭᠤᠯᠤᠯᠲᠠ ᠶᠢᠨ | ᠥᠷᠲᠡᠭ ᠲᠠᠢ ᠬᠤᠳᠠ᠂ 2024 ᠣᠨ ᠤ ᠴᠢᠨᠠᠷ ᠰᠠᠶᠢᠲᠠᠢ ᠬᠥᠭᠵᠢᠯᠲᠡ ᠶᠢᠨ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠬᠠᠮᠤᠭ ᠤᠨ ᠰᠠᠶᠢᠨ ᠬᠤᠲᠠ ᠪᠠᠷ ᠦᠨᠡᠯᠡᠭᠳᠡᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠬᠥᠷᠥᠩᠭᠡ ᠶᠢᠨ ᠠᠰᠢᠭ ᠣᠷᠣᠯᠭ᠎ᠠ 4.5 ᠳ᠋ᠦᠩᠰᠢᠭᠤᠷ ᠲᠥᠭᠦᠷᠢᠭ | ᠰᠢᠨ᠎ᠡ ᠪᠠᠷ ᠨᠡᠮᠡᠭᠳᠡᠵᠦ᠂ ᠡᠵᠡᠩᠨᠡᠯᠲᠡ ᠶᠢᠨ ᠣᠷᠣᠯᠭ᠎ᠠ 3 3ᠵᠢᠯ ᠳᠠᠷᠠᠭᠠᠯᠠᠨ ᠬᠤᠶᠠᠷ ᠣᠷᠣᠨᠲᠤ ᠲᠣᠭᠠᠨ ᠤ ᠨᠡᠮᠡᠭᠳᠡᠯ ᠢ | ᠪᠠᠲᠤᠯᠠᠪᠠ᠃ ᠭᠠᠳᠠᠭᠠᠳᠤ ᠨᠡᠭᠡᠭᠡᠯᠲᠡ ᠨᠢ ᠠᠮᠢᠵᠢᠷᠠᠯ ᠤᠨ ᠬᠦᠴᠦᠨ ᠢ ᠨᠡᠩ ᠬᠥᠭᠵᠢᠭᠡᠵᠦ᠂ TIR ᠣᠯᠠᠨ ᠤᠯᠤᠰ ᠤᠨ | ᠠᠴᠢᠶᠠᠨ ᠤ ᠮᠠᠰᠢᠨ ᠲᠡᠷᠭᠡ ᠶᠢᠨ ᠵᠢᠰᠢᠶᠠᠨ ᠤ ᠲᠡᠷᠭᠡ᠂ ᠪᠥᠬᠦ ᠣᠷᠣᠨ ᠤ JSQ ᠶᠢᠨ ᠲᠠᠸᠠᠷ ᠤᠨ ᠮᠠᠰᠢᠨ | ᠲᠡᠷᠭᠡ ᠶᠢᠨ ᠵᠢᠰᠢᠶᠠᠨ ᠤ ᠲᠡᠷᠭᠡ ᠶᠢ ᠠᠩᠬ᠎ᠠ ᠤᠳᠠᠭ᠎ᠠ ᠨᠠᠪᠲᠠᠷᠡᠭᠦᠯᠵᠦ᠂ ᠳᠤᠮᠳᠠᠳᠤ ᠡᠸᠦ᠋ᠷᠦᠫᠡ ᠳᠤᠮᠳᠠᠳᠤ | ᠠᠽᠢᠶ᠎ᠠ ᠶᠢᠨ ᠵᠢᠰᠢᠶᠠᠨ ᠤ ᠭᠠᠯᠲᠤ ᠲᠡᠷᠭᠡ ᠶᠢ 120 ᠤᠳᠠᠭ᠎ᠠ ᠠᠶᠠᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ | 140% ᠪᠠᠷ ᠨᠡᠮᠡᠭᠳᠡᠪᠡ᠃ 211 ᠠᠭᠠᠷ ᠤᠨ ᠠᠶᠠᠯᠠᠯ ᠤᠨ ᠱᠤᠭᠤᠮ ᠢ 93 ᠬᠤᠲᠠ ᠳᠤ ᠨᠡᠪᠲᠡᠷᠡᠭᠦᠯᠦᠨ᠂ | ᠠᠶᠠᠨᠴᠢᠳ ᠢ ᠠᠴᠢᠵᠤ ᠪᠠᠭᠤᠯᠭᠠᠭᠰᠠᠨ ᠲᠤᠭ᠎ᠠ 1300 ᠲᠦᠮᠡᠨ ᠬᠥᠮᠥᠨ ᠤᠳᠠᠭ᠎ᠠ ᠶᠢ ᠳᠠᠪᠠᠪᠠ᠃ | ︽ᠬᠥᠬᠡᠬᠤᠲᠠ-ᠮᠣᠰᠺᠸᠠ︾ ᠪᠠᠷᠠᠭᠠᠨ ᠤ ᠲᠡᠭᠡᠭᠡᠪᠦᠷᠢ ᠶᠢᠨ ᠠᠭᠠᠷ ᠠᠶᠠᠯᠠᠯ ᠤᠨ ᠱᠤᠭᠤᠮ ᠨᠡᠪᠲᠡᠷᠡᠵᠦ᠂ ᠴᠠᠭᠠᠨ | ᠰᠤᠪᠤᠷᠭ᠎ᠠ ᠠᠭᠠᠷ ᠠᠶᠠᠯᠠᠯ ᠤᠨ ᠪᠣᠭᠤᠮᠲᠠ ᠶᠢᠨ ᠬᠥᠯᠳᠡᠭᠡᠭᠰᠡᠨ ᠰᠣᠷᠭᠤᠭ ᠤᠰᠤᠨ ᠭᠠᠷᠤᠯᠲᠠ ᠶᠢᠨ ᠦᠢᠯᠡᠳᠬᠦᠨ ᠤ | ᠲᠣᠭᠲᠠᠭᠰᠠᠨ ᠬᠢᠨᠠᠨ ᠬᠠᠮᠢᠶᠠᠷᠬᠤ ᠲᠠᠯᠠᠪᠠᠢ ᠶᠢ ᠠᠰᠢᠭᠯᠠᠯᠲᠠ ᠳᠤ ᠣᠷᠣᠭᠤᠯᠪᠠ᠃ ᠠᠯᠠᠭ ᠠᠭᠤᠯᠠ ᠶᠢᠨ ᠠᠮᠠ᠂ | ᠬᠤᠷᠭᠤᠰ ᠤᠨ ᠬᠠᠭᠤᠷᠠᠢ ᠵᠠᠮ ᠤᠨ ᠪᠣᠭᠤᠮᠲᠠ ᠯᠤᠭ᠎ᠠ ᠪᠥᠬᠦ ᠲᠠᠯ᠎ᠠ ᠪᠠᠷ ᠬᠠᠮᠲᠤᠷᠠᠯᠴᠠᠵᠤ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ ᠠᠩᠬ᠎ᠠ ᠤᠳᠠᠭ᠎ᠠ 200 ᠳ᠋ᠦᠩᠰᠢᠭᠤᠷ ᠲᠥᠭᠦᠷᠢᠭ ᠢ | ᠳᠠᠪᠠᠪᠠ᠃ ᠣᠯᠠᠨ ᠤᠯᠤᠰ ᠤᠨ ᠨᠥᠬᠦᠷᠰᠡᠭ ᠬᠤᠲᠠ ᠶᠢᠨ ᠭᠠᠷᠮᠠᠭᠠᠢ ᠬᠤᠪᠢ ᠨᠡᠮᠡᠷᠢ ᠶᠢᠨ ᠱᠠᠩᠨᠠᠯ ᠢ ᠬᠦᠷᠲᠡᠪᠡ᠃ | ᠪᠡᠭᠡᠵᠢᠩ ᠤᠨ ᠬᠠᠢ ᠳ᠋ᠢᠶᠠᠨ ᠲᠣᠭᠤᠷᠢᠭ ᠲᠠᠢ ︽ᠬᠤᠶᠠᠷ ᠴᠠᠭ ᠤᠨ ᠰᠢᠨ᠎ᠡ ᠶᠢ ᠡᠭᠦᠳᠬᠦ ᠲᠣᠭᠤᠷᠢᠭ︾ ᠤᠨ | ᠬᠠᠮᠲᠤᠷᠠᠯᠴᠠᠭ᠎ᠠ ᠪᠠᠶᠢᠭᠤᠯᠵᠤ᠂ ᠪᠡᠭᠡᠵᠢᠩ ᠲᠢᠶᠠᠨᠵᠢᠨ ᠾᠧᠪᠧᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠤᠨ ᠬᠥᠬᠡᠬᠤᠲᠠ ᠶᠢᠨ ᠰᠤᠳᠤᠯᠭᠠᠨ ᠤ ᠲᠥᠪ ᠵᠢᠩᠬᠢᠨᠢ ᠪᠠᠷ ᠪᠠᠶᠢᠭᠤᠯᠤᠭᠳᠠᠪᠠ᠃ ︽ᠬᠥᠬᠡᠬᠤᠲᠠ ᠪᠤᠭᠤᠲᠤ | ᠣᠷᠳᠣᠰ ᠤᠯᠠᠭᠠᠨᠴᠠᠪ︾ ᠳᠥᠷᠪᠡᠨ ᠬᠤᠲᠠ ᠳᠤ ᠨᠡᠶᠢᠳᠡᠮ ᠭᠦᠢᠴᠡᠳᠬᠡᠬᠦ ᠵᠦᠢᠯᠡᠰ 337 ᠵᠦᠢᠯ ᠬᠦᠷᠪᠡ᠃ | ︵ᠲᠠᠪᠤ ︶ ᠬᠤᠲᠠ ᠬᠥᠳᠡᠭᠡ ᠶᠢᠨ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ ︽ᠬᠥᠬᠡᠬᠤᠲᠠ ᠶᠢᠨ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021-2035 ᠣᠨ︶︾ | ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ ᠶᠢ ᠣᠯᠵᠤ᠂ ︽ᠤᠮᠠᠷᠠᠲᠤ ᠣᠷᠣᠨ ᠤ ᠴᠢᠬᠤᠯᠠ ᠲᠥᠪ ᠬᠤᠲᠠ︾ | ︽ᠤᠯᠤᠰ ᠤᠨ ᠲᠡᠦᠬᠡ ᠰᠣᠶᠣᠯ ᠤᠨ ᠨᠠᠷᠠᠲᠤ ᠬᠤᠲᠠ︾ ︽ᠪᠥᠬᠦ ᠤᠯᠤᠰ ᠤᠨ ᠴᠢᠨᠠᠷᠲᠠᠢ ᠶᠡᠷᠦᠩᠬᠡᠶᠢᠯᠡᠭᠰᠡᠨ ᠵᠠᠮ | ᠬᠠᠷᠢᠯᠴᠠᠭᠠᠨ ᠤ ᠬᠦᠢᠰᠦᠬᠤᠲᠠ︾ ︽ᠣᠷᠣᠨ ᠪᠦᠰᠡ ᠶᠢᠨ ᠴᠢᠨᠠᠷᠲᠠᠢ ᠲᠡᠷᠢᠭᠦᠨ ᠤ ᠦᠢᠯᠡᠳᠬᠦ ᠦᠢᠯᠡᠰ ᠤᠨ | ᠰᠠᠭᠤᠷᠢᠨ ᠭᠠᠵᠠᠷ︾ ᠵᠡᠷᠭᠡ ᠭᠤᠣᠯ ᠪᠠᠶᠢᠷᠢ ᠲᠣᠭᠲᠠᠭᠠᠯᠲᠠ ᠨᠢ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ | ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠪᠠ᠃ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ | ᠦᠨᠳᠦᠰᠦᠨ ᠳᠤ ᠪᠠᠨ ᠪᠠᠷᠢᠯᠭ᠎ᠠ ᠳᠠᠭᠤᠰᠴᠤ᠂ ᠯᠣᠣ ᠨᠢᠦ ᠸᠠᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ | ᠵᠢᠩᠬᠢᠨᠢ ᠪᠠᠷ ᠠᠶᠠᠯᠠᠯ ᠨᠡᠪᠲᠡᠷᠡᠪᠡ᠃ S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠮ ᠲᠡᠷᠭᠡ ᠨᠡᠪᠲᠡᠷᠡᠬᠦ | ᠨᠥᠬᠦᠴᠡᠯ ᠢ ᠪᠦᠷᠢᠯᠳᠦᠭᠦᠯᠵᠦ᠂ S311 ᠦᠴᠦᠸᠠᠨ ᠠᠴᠠ ᠶᠠᠩ ᠱᠤ᠋ ᠪᠠ ᠬᠦᠷᠬᠦ ᠵᠠᠰᠠᠮᠠᠯ ᠵᠠᠮ᠂ S29 | ᠬᠥᠬᠡᠬᠤᠲᠠ ᠠᠴᠠ ᠯᠢᠶᠡᠩᠴᠧᠩ ᠬᠦᠷᠬᠦ ᠲᠦᠷᠭᠡᠨ ᠤ ᠵᠠᠮ ᠵᠡᠷᠭᠡ ᠲᠥᠷᠥᠯ ᠵᠦᠢᠯ ᠤᠨ ᠭᠤᠣᠯ ᠴᠣᠭᠴᠠ ᠶᠢᠨ | ᠪᠠᠷᠢᠯᠭ᠎ᠠ ᠶᠢ ᠳᠠᠭᠤᠰᠬᠠᠪᠠ᠃ ᠣᠷᠣᠨ ᠤ ᠲᠥᠪ ᠬᠤᠲᠠ ᠶᠢᠨ ᠢᠷᠡᠭᠡᠳᠦᠢ ᠶᠢᠨ ᠬᠥᠭᠵᠢᠯᠲᠡ ᠳᠤ ᠬᠤᠯᠪᠣᠭᠳᠠᠬᠤ | ᠬᠠᠲᠤᠨ ᠭᠤᠣᠯ ᠤᠨ ᠤᠰᠤ ᠶᠢ ᠬᠥᠬᠡᠬᠤᠲᠠ ᠳᠤ ᠲᠠᠲᠠᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ | ᠡᠬᠢᠯᠡᠭᠦᠯᠪᠡ᠃ ︽ᠬᠠᠯᠠᠭᠤᠨ ᠳᠤᠯᠠᠭᠠᠨ ᠤ ᠢᠨᠵᠧᠨᠧᠷᠢᠩ︾ ᠢ ᠲᠡᠭᠦᠰ ᠠᠮᠵᠢᠯᠲᠠ ᠲᠠᠢ ᠲᠡᠭᠦᠰᠬᠡᠨ᠂ ᠢᠯᠴᠢ ᠬᠠᠩᠭᠠᠬᠤ | ᠴᠢᠳᠠᠪᠤᠷᠢ ᠰᠢᠨ᠎ᠡ ᠪᠠᠷ 3800 3800ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠵᠦ᠂ 209 ᠺᠢᠯᠣᠮᠧᠲᠷ | ᠬᠤᠭᠤᠯᠠᠢ ᠲᠣᠣᠷ ᠢ ᠰᠢᠨ᠎ᠡ ᠪᠠᠷ ᠪᠤᠶᠤ ᠥᠭᠡᠷᠡᠴᠢᠯᠡᠨ ᠪᠠᠶᠢᠭᠤᠯᠵᠤ᠂ ᠬᠤᠲᠠ ᠶᠢᠨ ᠢᠯᠴᠢ ᠬᠠᠩᠭᠠᠬᠤ ︽O︾ | ᠬᠡᠯᠪᠡᠷᠢ ᠶᠢᠨ ᠪᠢᠲᠡᠭᠦᠦ ᠴᠠᠭᠠᠷᠢᠭ ᠢ ᠪᠥᠬᠦ ᠲᠠᠯ᠎ᠠ ᠪᠠᠷ ᠪᠦᠷᠢᠯᠳᠦᠭᠦᠯᠪᠡ᠃ ᠬᠠᠶᠢᠮᠢᠶᠠᠨ ᠬᠤᠲᠠ ᠶᠢᠨ 54 ᠵᠢᠱᠢᠶ᠎ᠡ | ᠦᠵᠡᠭᠦᠯᠬᠦ ᠲᠥᠷᠥᠯ ᠵᠦᠢᠯ ᠢ ᠪᠡᠶᠡᠯᠡᠭᠦᠯᠵᠦ᠂ 229 ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠵᠤ᠂ 502 | ᠬᠤᠷᠢᠶᠠᠯᠠᠯ ᠤᠨ ︽ᠤᠰᠤ ᠬᠡᠷᠡᠭᠯᠡᠬᠦ ᠳᠤ ᠬᠦᠴᠢᠷ︾ ᠠᠰᠠᠭᠤᠳᠠᠯ ᠢ ᠰᠢᠢᠳᠪᠦᠷᠢᠯᠡᠪᠡ᠃ 209 ᠺᠢᠯᠣᠮᠧᠲᠷ ᠬᠤᠲᠠ ᠶᠢᠨ | ᠨᠣᠭᠤᠭᠠᠨ ᠵᠠᠮ᠂ 215 ᠬᠠᠷᠮᠠᠨ ᠴᠡᠴᠡᠷᠯᠢᠭ ᠢ ᠬᠠᠮᠠᠭᠠᠯᠠᠨ ᠳᠡᠭᠡᠭᠰᠢᠯᠡᠭᠦᠯᠵᠦ᠂ ᠶᠡᠭᠡ ᠪᠠᠭ᠎ᠠ ᠴᠡᠴᠡᠷᠯᠢᠭ ᠤᠨ ᠶᠡᠷᠦᠩᠬᠡᠢ | ᠲᠤᠭ᠎ᠠ 1009 ᠬᠦᠷᠪᠡ᠃ ᠠᠮᠤ ᠪᠤᠳᠠᠭᠠᠨ ᠤ ᠤᠨᠠᠯᠲᠠ 38.98 ᠳ᠋ᠦᠩᠰᠢᠭᠤᠷ ᠵᠢᠩ ᠬᠦᠷᠴᠦ᠂ ︽ᠬᠤᠷᠢᠨ ᠨᠢᠭᠡᠨ | ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠵᠦ᠂ 14.5 ᠲᠦᠮᠡᠨ ᠮᠦ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠪᠡᠯᠡᠳᠬᠡᠮᠵᠢᠲᠦ ᠲᠠᠷᠢᠶᠠᠯᠠᠩ 1 ᠲᠦᠮᠡᠨ ᠮᠦ᠂ ᠵᠠᠳᠠᠭᠠᠢ ᠭᠠᠵᠠᠷ ᠤᠨ | ᠢᠳᠡᠰᠢᠨ ᠨᠣᠭᠤᠭ᠎ᠠ ᠶᠢᠨ ᠲᠠᠷᠢᠶ᠎ᠠ ᠶᠢ 3.6 ᠲᠦᠮᠡᠨ ᠮᠦ ᠰᠢᠨ᠎ᠡ ᠪᠠᠷ ᠨᠡᠮᠡᠭᠳᠡᠭᠦᠯᠪᠡ᠃ ᠵᠣᠯᠭᠠᠭᠤᠯᠬᠤ ᠪᠡᠯᠡ | ᠮᠥᠩᠭᠦ ᠳᠤ 7.4 ᠳ᠋ᠦᠩᠰᠢᠭᠤᠷ ᠲᠥᠭᠦᠷᠢᠭ ᠣᠷᠣᠭᠤᠯᠵᠤ᠂ 254 ᠬᠠᠪᠰᠤᠷᠤᠨ ᠲᠡᠳᠬᠦᠬᠦ ᠲᠥᠷᠥᠯ ᠵᠦᠢᠯ ᠢ | ᠬᠡᠷᠡᠭᠵᠢᠭᠦᠯᠪᠡ᠃ ᠡᠪ ᠵᠣᠬᠢᠴᠠᠯ ᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢᠶᠠᠷ 4 ᠵᠥᠪᠰᠢᠶᠡᠷᠡᠭᠳᠡᠪᠡ᠃ ︽ ᠭᠤᠷᠪᠠᠨ ᠬᠤᠪᠢᠷᠠᠯ︾ ᠥᠭᠡᠷᠡᠴᠢᠯᠡᠯᠲᠡ ᠶᠢᠨ ᠲᠤᠷᠰᠢᠯᠲᠠ ᠶᠢᠨ ᠲᠣᠰᠬᠤᠨ | 100 ᠬᠦᠷᠪᠡ᠃ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠡᠭᠦᠳᠦᠨ ᠪᠠᠶᠢᠭᠤᠯᠵᠤ ᠶᠠᠰᠤ ᠴᠢᠨᠠᠷ ᠢ | ᠳᠡᠭᠡᠭᠰᠢᠯᠡᠭᠦᠯᠦᠨ ᠥᠷᠭᠡᠳᠬᠡᠵᠦ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ 112 ᠬᠡᠷᠡᠭᠵᠢᠭᠦᠯᠪᠡ᠃ | 319 ᠲᠦᠮᠡᠨ ᠮᠦ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ | ᠨᠢᠭᠡ ᠵᠢᠯ ᠤᠷᠢᠳᠴᠢᠯᠠᠨ ᠪᠡᠶᠡᠯᠡᠭᠦᠯᠪᠡ ᠃ | ︵ᠵᠢᠷᠭᠤᠭ᠎ᠠ︶ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠠᠮᠠᠭᠠᠯᠠᠯᠲᠠ ᠶᠢᠨ ᠦᠷ᠎ᠡ ᠪᠦᠲᠦᠭᠡᠯ ᠢᠯᠡᠳᠲᠡ | ᠪᠣᠯᠪᠠ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠪᠦᠲᠦᠭᠡᠨ | ᠪᠠᠶᠢᠭᠤᠯᠤᠯᠲᠠ ᠶᠢᠨ ᠡᠭᠦᠷᠭᠡ ᠶᠢ ᠵᠢᠷᠭᠤᠭᠠᠨ ᠵᠢᠯ ᠤᠷᠢᠳᠴᠢᠯᠠᠨ ᠪᠡᠶᠡᠯᠡᠭᠦᠯᠵᠦ᠂ ᠣᠶ ᠰᠢᠭᠤᠢ ᠡᠪᠡᠰᠦ ᠪᠡᠯᠴᠢᠭᠡᠷ | ᠨᠤᠭᠤ ᠭᠠᠵᠠᠷ ᠤᠨ ᠨᠡᠭᠦᠷᠡᠰᠦᠲᠥ᠋ᠷᠥᠭᠴᠢ ᠶᠢᠨ ᠨᠥᠭᠡᠴᠡ ᠶᠢᠨ ᠦᠨᠳᠦᠰᠦᠨ ᠲᠤᠭ᠎ᠠ ᠪᠠᠷᠢᠮᠲᠠ ᠶᠢᠨ ᠬᠥᠮᠥᠷᠭᠡ ᠶᠢ | ᠪᠠᠶᠢᠭᠤᠯᠤᠨ᠂ ᠨᠡᠭᠦᠷᠡᠰᠦᠲᠥ᠋ᠷᠥᠭᠴᠢ ᠶᠢ ᠤᠬᠢᠶᠠᠵᠤ ᠨᠡᠭᠡᠭᠡᠨ ᠬᠥᠭᠵᠢᠭᠦᠯᠬᠦ ᠳᠤ 45 ᠲᠦᠮᠡᠨ ᠮᠦ ᠣᠶᠢᠵᠢᠭᠤᠯᠵᠤ | ᠨᠥᠭᠡᠴᠡᠯᠡᠪᠡ᠃ ᠯᠠᠮᠠ ᠶᠢᠨ ᠠᠶᠢᠯ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠡᠬᠢᠯᠡᠨ ᠪᠠᠶᠢᠭᠤᠯᠵᠤ᠂ ᠠᠵᠤ | ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠬᠤᠶᠠᠳᠤᠭᠠᠷ ᠬᠤᠭᠤᠴᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢᠨ ᠭᠤᠣᠯ ᠴᠣᠭᠴᠠ ᠶᠢᠨ ᠪᠠᠷᠢᠯᠭ᠎ᠠ ᠳᠠᠭᠤᠰᠪᠠ᠃ ᠲᠣᠭᠲᠠᠬᠤ ᠴᠢᠩ ᠱᠦᠢ ᠾᠧ ᠬᠦᠷᠢᠶᠡᠯᠡᠩ | ᠲᠣᠭᠤᠷᠢᠭ ᠤᠨ ᠳᠠᠬᠢᠯᠲᠠ ᠤᠰᠤ ᠶᠢ ᠬᠤᠯᠠ ᠳᠠᠮᠵᠢᠭᠤᠯᠬᠤ ᠬᠤᠭᠤᠯᠠᠢ ᠲᠣᠣᠷ ᠤᠨ ᠪᠠᠷᠢᠯᠭ᠎ᠠ᠂ ᠶᠢᠨ ᠴᠢᠶᠣᠣ ᠶᠢᠨ | ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ | ᠣᠷᠣᠭᠤᠯᠪᠠ᠃ ᠬᠠᠲᠤᠨ ᠭᠤᠣᠯ ᠤᠨ ᠭᠤᠣᠯ ᠤᠷᠤᠰᠬᠠᠯ᠂ ᠭᠤᠣᠯ ᠰᠠᠯᠪᠤᠷᠢ ᠤᠷᠤᠰᠬᠠᠯ ᠤᠨ ᠮᠠᠭᠤ V ᠲᠥᠷᠥᠯ ᠤᠨ | ᠤᠰᠤᠨ ᠴᠣᠭᠴᠠ ᠶᠢ ᠪᠦᠬᠦᠨ ᠢ ᠠᠷᠢᠯᠭᠠᠪᠠ᠃ ᠬᠤᠲᠠ ᠲᠣᠭᠤᠷᠢᠭ ᠪᠠ ᠰᠢᠶᠠᠨ ᠴᠡᠪᠡᠷ ᠳᠤᠯᠠᠭᠠᠯᠠᠭ᠎ᠠ ᠪᠠᠷ ᠪᠦᠷᠢᠨ | ᠪᠦᠷᠬᠦᠭᠦᠯᠪᠡ᠃ ᠣᠷᠴᠢᠨ ᠲᠣᠭᠤᠷᠢᠨ ᠤ ᠠᠭᠠᠷ ᠤᠨ 6 ᠵᠦᠢᠯ ᠤᠨ ᠭᠦᠢᠴᠡᠳᠬᠡᠯ ᠲᠤᠭ᠎ᠠ ᠶᠢ ᠪᠦᠬᠦᠨ ᠢ | ᠪᠠᠷᠢᠮᠵᠢᠶ᠎ᠠ ᠳᠤ ᠬᠦᠷᠭᠡᠵᠦ᠂ ᠠᠭᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ 312 312ᠡᠳᠦᠷ ᠬᠦᠷᠴᠦ᠂ ᠳᠡᠭᠡᠷ᠎ᠡ | ᠵᠢᠯ ᠤᠨ ᠬᠢ ᠠᠴᠠ 20 ᠡᠳᠦᠷ ᠨᠡᠮᠡᠭᠳᠡᠵᠦ᠂ 5.2 ᠵᠠᠭᠤᠨ ᠤ ᠬᠤᠪᠢ ᠳᠡᠭᠡᠭᠰᠢᠯᠡᠪᠡ᠃ ᠮᠣᠯᠣᠭᠲᠠᠢ ᠶᠢᠨ | ᠪᠠᠷᠢᠯᠭ᠎ᠠ ᠶᠢᠨ ᠬᠤᠭ ᠨᠣᠪᠰᠢ ᠶᠢ ᠳᠠᠬᠢᠨ ᠠᠰᠢᠭᠯᠠᠬᠤ ᠲᠠᠯᠠᠪᠠᠶ᠂ ᠪᠠᠷᠢᠯᠭ᠎ᠠ ᠶᠢᠨ ᠵᠠᠰᠠᠯᠭ᠎ᠠ ᠶᠢᠨ ᠬᠤᠭ ᠨᠣᠪᠰᠢ ᠶᠢ | ᠢᠯᠭᠠᠨ ᠬᠤᠪᠢᠶᠠᠬᠤ 6 ᠲᠥᠪ ᠢ ᠪᠦᠲᠦᠭᠡᠨ ᠪᠠᠶᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠵᠦ ᠠᠰᠢᠭᠯᠠᠬᠤ | ᠵᠢᠷᠤᠮᠵᠢᠯ ᠦᠭᠡᠢ ᠠᠰᠠᠭᠤᠳᠠᠯ ᠢ ᠰᠢᠢᠳᠪᠦᠷᠢᠯᠡᠪᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ | ᠪᠥᠬᠦ ᠤᠯᠤᠰ ᠤᠨ ᠦᠨᠡᠯᠡᠯᠲᠡ ᠵᠢᠱᠢᠯᠲᠡ ᠳᠤ 80 ᠬᠤᠲᠠ ᠶᠢᠨ ᠳᠤᠮᠳᠠ 10 ᠳ᠋ᠤᠭᠠᠷ ᠲᠤ ᠣᠷᠣᠪᠠ᠃ | ︵ᠳᠤᠯᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠦᠷᠭᠦᠯᠵᠢᠯᠡᠨ ᠨᠡᠮᠡᠭᠳᠡᠪᠡ᠃ ᠭᠤᠷᠪᠠᠨ ᠵᠢᠯ ᠤᠨ | ᠴᠥᠬᠦᠷᠡᠰᠢ ᠦᠭᠡᠢ ᠴᠢᠷᠮᠠᠶᠢᠯᠭ᠎ᠠ ᠪᠠᠷ ᠳᠡᠮᠵᠢᠨ᠂ ᠪᠥᠬᠦ ᠤᠯᠤᠰ ᠤᠨ ᠪᠣᠯᠪᠠᠰᠤᠨ ᠬᠤᠲᠠ ᠶᠢᠨ ᠪᠠᠶᠢᠭᠤᠯᠤᠯᠲᠠ ᠶᠢᠨ | ᠣᠨ ᠤ ᠦᠨᠡᠯᠡᠯᠲᠡ ᠶᠢ ᠲᠣᠭᠲᠠᠭᠰᠠᠨ ᠬᠤᠭᠤᠴᠠᠭᠠᠨ ᠳᠤ ᠪᠠᠨ ᠬᠦᠯᠢᠶᠡᠪᠡ᠃ ︽ᠭᠤᠷᠪᠠᠨ ᠵᠢᠯ ᠠᠷᠪᠠᠨ ᠲᠦᠮᠡᠨ | ᠣᠶᠤᠲᠠᠨ ᠢ ᠬᠥᠬᠡᠬᠤᠲᠠ ᠳᠤ ᠦᠯᠡᠳᠡᠭᠡᠬᠦ︾ ᠬᠠᠷᠠᠯᠲᠠ ᠶᠢ ᠬᠠᠭᠠᠰ ᠵᠢᠯ ᠤᠷᠢᠳᠴᠢᠯᠠᠨ ᠪᠡᠶᠡᠯᠡᠭᠦᠯᠵᠦ᠂ ︽ | ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ 25 ᠵᠤᠷᠪᠤᠰ︾ ᠢ ᠨᠡᠶᠢᠲᠡᠯᠡᠵᠦ᠂ ᠤᠯᠤᠰ ᠤᠨ ᠣᠯᠠᠨ | ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠬᠢᠨᠠᠯᠲᠠ | ᠰᠢᠯᠭᠠᠯᠲᠠ ᠳᠤ ᠬᠢᠷᠢ ᠲᠡᠩᠴᠡᠵᠦ᠂ ᠤᠯᠤᠰ ᠤᠨ ᠲᠠᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠦᠨᠡᠯᠡᠯᠲᠡ ᠳᠤ ᠬᠢᠷᠢ ᠲᠡᠩᠴᠡᠪᠡ᠃ ᠣᠷᠣᠨ ᠬᠤᠲᠠ ᠬᠠᠮᠲᠤᠷᠠᠨ | ᠪᠠᠶᠢᠭᠤᠯᠤᠭᠰᠠᠨ ᠣᠶᠤᠨᠴᠢ ᠠᠵᠢᠯ ᠣᠯᠭᠤᠯᠲᠠ ᠶᠢᠨ ᠦᠢᠯᠡᠴᠢᠯᠡᠭᠡᠨ ᠤ ᠡᠭᠦᠯᠡᠨ ᠲᠠᠪᠴᠠᠩ ᠠᠰᠢᠭᠯᠠᠯᠲᠠ ᠳᠤ | ᠣᠷᠣᠪᠠ᠃ ᠪᠦᠬᠦ ᠣᠷᠣᠨ ᠤ ᠠᠩᠬᠠᠳᠠᠭᠴᠢ ᠲᠣᠬᠢᠷᠠᠭᠤᠯᠬᠤ ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ | ᠣᠷᠣᠨ ᠰᠠᠭᠤᠴᠠ ᠶᠢᠨ ᠲᠥᠷᠥᠯ ᠵᠦᠢᠯ ᠪᠣᠯᠬᠤ ︽ᠵᠠᠯᠠᠭᠤᠴᠤᠳ ᠤᠨ ᠨᠡᠶᠢᠭᠡᠮ ᠲᠣᠭᠤᠷᠢᠭ︾ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠪᠠ᠃ ᠪᠥᠬᠦ ᠤᠯᠤᠰ ᠤᠨ ᠴᠢᠳᠠᠪᠤᠷᠢᠲᠠᠨ ᠤ ᠬᠥᠭᠵᠢᠯᠲᠡ ᠶᠢᠨ ᠠᠮᠢ ᠠᠬᠤᠢ ᠶᠢᠨ ᠬᠤᠲᠠ ᠶᠢᠨ | 50 ᠬᠦᠴᠦᠷᠬᠡᠭ ᠲᠤ ᠰᠣᠩᠭᠤᠭᠳᠠᠵᠤ᠂ ᠪᠥᠬᠦ ᠬᠤᠲᠠ ᠶᠢᠨ ᠬᠤᠲᠠ ᠪᠠᠯᠭᠠᠰᠤᠨ ᠤ 6.2 ᠲᠦᠮᠡᠨ ᠬᠥᠮᠥᠨ | ᠰᠢᠨ᠎ᠡ ᠪᠠᠷ ᠠᠵᠢᠯ ᠣᠯᠵᠤ᠂ ᠬᠥᠳᠡᠭᠡ ᠲᠣᠰᠬᠤᠨ ᠤ ᠬᠥᠳᠡᠯᠮᠦᠷᠢ ᠬᠦᠴᠦ 36.7 ᠲᠦᠮᠡᠨ ᠬᠥᠮᠥᠨ ᠢ ᠰᠢᠯᠵᠢᠭᠦᠯᠦᠨ | ᠠᠵᠢᠯ ᠣᠯᠭᠤᠪᠠ᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ 5555 ᠶᠢ ᠰᠢᠨ᠎ᠡ ᠪᠠᠷ ᠪᠤᠶᠤ | ᠥᠭᠡᠷᠡᠴᠢᠯᠡᠵᠦ ᠥᠷᠭᠡᠳᠬᠡᠨ ᠪᠠᠶᠢᠭᠤᠯᠵᠤ᠂ 20 ᠶᠢ ᠠᠰᠢᠭᠯᠠᠯᠲᠠ ᠳᠤ ᠣᠷᠣᠭᠤᠯᠤᠨ᠂ ᠰᠤᠷᠤᠭᠴᠢ ᠶᠢᠨ ᠣᠷᠣᠨ | ᠲᠤᠭ᠎ᠠ ᠶᠢ 2.4 ᠲᠦᠮᠡ ᠰᠢᠨ᠎ᠡ ᠪᠠᠷ ᠨᠡᠮᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ | ᠲᠣᠭᠤᠷᠢᠭ ᠤᠨ ᠨᠢᠭᠡᠳᠦᠭᠡᠷ ᠬᠤᠭᠤᠴᠠᠭ᠎ᠠ ᠠᠰᠢᠭᠯᠠᠯᠲᠠ ᠳᠤ ᠣᠷᠣᠬᠤ ᠨᠥᠬᠦᠴᠡᠯ ᠢ ᠪᠦᠷᠢᠯᠳᠦᠭᠦᠯᠪᠡ᠃ ︽ᠳᠥᠷᠪᠡᠨ | ᠨᠢᠭᠡ︾ ᠶᠢᠨ ᠢᠨᠵᠧᠨᠧᠷᠢᠩ ᠤᠨ ᠰᠤᠷᠭᠠᠭᠤᠯᠢ ᠶᠢ 66 ᠪᠠᠶᠢᠭᠤᠯᠵᠤ᠂ ︽ᠨᠠᠷᠠᠲᠤ ᠰᠤᠷᠭᠠᠭᠤᠯᠢ +︾ ᠶᠢᠨ ᠰᠤᠷᠭᠠᠨ | ᠬᠥᠮᠦᠵᠢᠯ ᠤᠨ ᠪᠦᠯᠦᠭᠯᠡᠯ ᠢ 87 ᠵᠣᠬᠢᠶᠠᠨ ᠪᠠᠶᠢᠭᠤᠯᠵᠤ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠂ | ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠶᠢᠨ ᠶᠢᠨ ᠴᠢᠦ ᠪᠦᠯᠦᠭᠯᠡᠯ᠂ | ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠪᠡᠭᠡᠵᠢᠩ ᠬᠤᠲᠠ ᠶᠢᠨ | ᠵᠠᠭᠤ ᠪᠥᠭᠡᠳ ᠨᠢᠭᠡᠳᠦᠭᠡᠷ ᠳᠤᠮᠳᠠᠳᠤ ᠰᠤᠷᠭᠠᠭᠤᠯᠢ ᠵᠡᠷᠭᠡ 16 ᠣᠷᠣᠨ ᠤ ᠭᠠᠳᠠᠨᠠᠬᠢ ᠨᠠᠷᠠᠲᠤ ᠰᠤᠷᠭᠠᠭᠤᠯᠢ ᠲᠠᠢ | ᠬᠠᠮᠲᠤᠷᠠᠨ ᠰᠤᠷᠭᠠᠭᠤᠯᠢ ᠡᠷᠭᠢᠯᠡᠪᠡ᠃ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠪᠦᠬᠦ ᠣᠷᠣᠨ ᠤ | ᠠᠩᠬᠠᠳᠠᠭᠴᠢ ᠳᠥᠷᠪᠡᠨ ᠣᠳᠣᠨ ᠳᠡᠰ ᠤᠨ ︽ᠪᠡᠭᠡᠵᠢᠩ ᠶᠡᠭᠡ ᠰᠤᠷᠭᠠᠭᠤᠯᠢ ᠶᠢᠨ ᠪᠦᠸᠧ ᠶᠠ ᠴᠢᠳᠠᠪᠤᠷᠢᠲᠠᠨ ᠢ | ᠬᠠᠮᠲᠤ ᠪᠠᠷ ᠬᠥᠮᠥᠵᠢᠭᠦᠯᠬᠦ ᠰᠠᠭᠤᠷᠢᠨ ᠭᠠᠵᠠᠷ︾ ᠢᠶᠠᠷ ᠦᠨᠡᠯᠡᠭᠳᠡᠪᠡ᠃ ᠤᠯᠤᠰ ᠤᠨ ᠳᠡᠰ ᠤᠨ ᠠᠨᠠᠭᠠᠬᠤ ᠤᠬᠠᠭᠠᠨ ᠤ | ᠬᠤᠪᠢᠶᠠᠷᠢ ᠲᠥᠪ ᠢ 5 ᠪᠠᠶᠢᠭᠤᠯᠵᠤ ᠂ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠢ 3 | ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ 57 ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠪᠦᠬᠦᠨ ᠢ ᠪᠠᠶᠢᠭᠤᠯᠵᠤ ᠳᠠᠭᠤᠰᠬᠠᠪᠠ᠃ ᠬᠤᠶᠠᠳᠤᠭᠠᠷ | ︽ᠨᠡᠶᠢᠰᠯᠡᠯ ᠬᠤᠲᠠ ᠲᠥᠪ ᠬᠤᠲᠠ ᠶᠢᠨ ᠡᠷᠡᠭᠦᠯ ᠮᠡᠨᠳᠦ ᠶᠢᠨ ᠭᠤᠷᠪᠠᠨ ᠵᠢᠯ ᠤᠨ ᠠᠵᠢᠯᠯᠠᠭ᠎ᠠ︾ ᠶᠢ ᠡᠬᠢᠯᠡᠭᠦᠯᠪᠡ᠃ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠤᠨ ᠭᠤᠣᠯ ᠴᠣᠭᠴᠠ ᠶᠢᠨ | ᠠᠵᠢᠯ ᠳᠠᠭᠤᠰᠴᠤ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠥᠪᠥᠷ | ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ᠂ ᠬᠤᠲᠠ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ | ᠲᠥᠪ ᠠᠰᠢᠭᠯᠠᠯᠲᠠ ᠳᠤ ᠣᠷᠣᠬᠤ ᠨᠥᠬᠦᠴᠡᠯ ᠢ ᠪᠦᠷᠢᠯᠳᠦᠭᠦᠯᠪᠡ᠃ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠡᠵᠡᠯᠡᠬᠦ ᠬᠠᠷᠢᠴᠠᠯ ᠢ ᠲᠣᠰ ᠲᠣᠰ 15.9᠂ 15. | 7 ᠵᠠᠭᠤᠨ ᠤ ᠴᠡᠭ ᠳᠡᠭᠡᠭᠰᠢᠯᠡᠭᠦᠯᠵᠦ᠂ ᠦᠨ᠎ᠡ ᠬᠠᠩᠰᠢ ᠨᠢ ᠳᠤᠮᠳᠠᠴᠢ ᠪᠠᠷ 50% ᠠᠴᠠ ᠳᠡᠭᠡᠭᠰᠢ ᠪᠠᠭᠤᠷᠠᠭᠤᠯᠪᠠ᠃ | 12345 ᠬᠠᠯᠠᠮᠰᠢᠯ ᠤᠲᠠᠰᠤ ︽ᠠᠷᠠᠳ ᠲᠤ ᠦᠢᠯᠡᠴᠢᠯᠡᠵᠦ ᠠᠵᠤ ᠠᠬᠤᠶᠢᠯᠠᠯ ᠳᠤ ᠲᠤᠰᠠ ᠬᠦᠷᠭᠡᠬᠦ ᠠᠷᠪᠠᠨ | ᠰᠢᠯᠢᠳᠡᠭ ᠳᠠᠭᠤᠷᠢᠶᠠᠯ︾ ᠢᠶᠠᠷ ᠦᠨᠡᠯᠡᠭᠳᠡᠪᠡ᠃ 2024 ᠣᠨ ᠤ ᠢᠲᠡᠭᠡᠮᠵᠢ ᠶᠢᠨ ᠪᠠᠶᠢᠭᠤᠯᠤᠯᠲᠠ ᠶᠢᠨ ᠨᠥᠯᠥᠭᠡᠯᠡᠬᠦ | ᠬᠦᠴᠦᠨ ᠲᠠᠢ ᠬᠤᠲᠠ ᠳᠤ ᠵᠢᠭᠰᠠᠭᠠᠭᠳᠠᠪᠠ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ | ᠬᠦᠴᠢᠷ ᠰᠡᠳᠦᠪ ᠢ ᠰᠢᠢᠳᠪᠦᠷᠢᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠡᠡ᠊ᠨᠳᠡᠯ ᠭᠠᠷᠤᠭᠰᠠᠨ ᠲᠤᠭ᠎ᠠ᠂ | ᠠᠳᠡᠭᠰᠡᠨ ᠬᠥᠮᠥᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 7.5% ᠪᠠ 5.4% ᠪᠠᠷ ᠪᠠᠭᠤᠷᠠᠪᠠ᠃ | ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ ᠭᠦᠨᠵᠡᠭᠡᠢ ᠠᠬᠢᠭᠤᠯᠵᠤ᠂ ᠵᠠᠬᠢᠳᠠᠯ | ᠰᠣᠷᠪᠤᠯᠵᠢᠯᠠᠭ᠎ᠠ ᠶᠢᠨ ᠶᠡᠷᠦᠩᠬᠡᠢ ᠲᠤᠭ᠎ᠠ ᠠᠳᠠᠯᠢ ᠬᠤᠭᠤᠴᠠᠭᠠᠨ ᠤ ᠬᠢ ᠠᠴᠠ 24.7% ᠪᠠᠷ ᠪᠠᠭᠤᠷᠠᠪᠠ᠃ | ᠥᠷᠢᠲᠦᠵᠦ ᠬᠤᠶᠢᠰᠢᠯᠠᠭᠤᠯᠬᠤ ᠶᠢ ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠠᠰᠠᠭᠤᠳᠠᠯ ᠲᠠᠢ ᠡᠳ᠋ ᠬᠥᠷᠥᠩᠭᠡ ᠶᠢ | ᠴᠡᠪᠡᠷᠯᠡᠨ ᠬᠤᠷᠢᠶᠠᠬᠤ ᠪᠠ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢ ᠠᠷᠢᠯᠭᠠᠬᠤ ᠣᠨ ᠤ | ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠪᠡ᠃ ᠦᠨᠳᠦᠰᠦᠨ ᠱᠠᠲᠤᠨ ᠤ ᠵᠠᠰᠠᠯᠲᠠ ᠶᠢᠨ ᠨᠢᠭᠡᠴᠢ ᠶᠢ | ᠰᠢᠯᠢᠳᠡᠭᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠭᠰᠡᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ ᠂ | ᠬᠠᠷ᠎ᠠ ᠪᠦᠯᠦᠭᠲᠡᠨ ᠬᠠᠷᠭᠢᠰ ᠬᠦᠴᠦᠨ᠂ ᠬᠤᠯᠠᠭᠠᠢ ᠳᠡᠭᠡᠷᠡᠮ ᠮᠡᠬᠡᠯᠡᠯ᠂ ᠬᠠᠤᠯᠢ ᠪᠤᠰᠤ ᠪᠠᠷ ᠪᠡᠯᠡ ᠮᠥᠩᠭᠦ | ᠴᠤᠭᠯᠠᠭᠤᠯᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠭᠦᠦ ᠶᠢᠨ | ᠬᠡᠷᠡᠭ ᠡᠭᠦᠰᠬᠦ ᠨᠤᠷᠮ᠎ᠠ ᠠᠳᠠᠯᠢ ᠬᠤᠭᠤᠴᠠᠭᠠᠨ ᠤ ᠬᠢ ᠠᠴᠠ 33.9% ᠪᠠᠷ ᠪᠠᠭᠤᠷᠠᠵᠤ᠂ ᠠᠷᠪᠠᠨ ᠵᠢᠯ ᠳᠠᠷᠠᠭᠠᠯᠠᠨ | ᠠᠮᠢᠨ ᠬᠡᠷᠡᠭ ᠢ ᠪᠦᠬᠦᠨ ᠢ ᠲᠣᠳᠣᠷᠠᠭᠤᠯᠵᠤ᠂ ᠣᠷᠣᠨ ᠤ ᠲᠥᠪ ᠬᠤᠲᠠ ᠶᠢᠨ ᠡᠶ᠎ᠡ ᠵᠣᠬᠢᠴᠠᠩᠭᠤᠢ ᠲᠣᠭᠲᠠᠭᠤᠨ ᠤ | ᠶᠡᠭᠡ ᠲᠠᠯ᠎ᠠ ᠶᠢ ᠬᠦᠴᠦᠲᠡᠢ ᠬᠠᠮᠠᠭᠠᠯᠠᠪᠠ᠃ | | ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠳᠤ ᠪᠢᠳᠠᠨ ᠬᠠᠤᠯᠢ ᠶᠣᠰᠣᠭᠠᠷ ᠵᠠᠰᠠᠭ ᠪᠠᠷᠢᠬᠤ ᠶᠢ | ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ | ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ ᠭᠦᠢᠴᠡᠳᠬᠡᠨ ᠬᠠᠷᠢᠭᠤᠯᠪᠠ᠃ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠷᠢᠨ | ᠬᠢᠨᠠᠮᠠᠭᠠᠢ ᠭᠦᠢᠴᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠭᠦᠨᠵᠡᠭᠡᠢ | ᠲᠥᠪᠯᠡᠷᠡᠭᠦᠯᠦᠨ ᠴᠡᠭᠴᠡᠯᠡᠵᠦ᠂ ᠥᠷᠭᠡᠨ ᠣᠯᠠᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠂ ᠪᠣᠳᠠᠲᠠᠢ | ᠠᠵᠢᠯᠯᠠᠬᠤ ᠵᠣᠷᠢᠭ ᠰᠠᠨᠠᠭ᠎ᠠ ᠰᠢᠨ᠎ᠡ ᠳᠡᠭᠡᠭᠰᠢᠯᠡᠯᠲᠡ ᠲᠠᠢ ᠪᠣᠯᠪᠠ᠃ | ᠨᠢᠭᠡ ᠵᠢᠯ ᠤᠨ ᠲᠤᠷᠰᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ | ᠠᠰᠠᠷᠠᠨ ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ ᠵᠡᠷᠭᠡ ᠠᠵᠢᠯ ᠳᠤ ᠴᠥᠮ ᠰᠢᠨ᠎ᠡ ᠠᠮᠵᠢᠯᠲᠠ ᠣᠯᠵᠤ᠂ | ᠲᠤᠭ᠎ᠠ ᠪᠦᠷᠢᠳᠬᠡᠯ ᠤᠨ ᠪᠠᠶᠢᠴᠠᠭᠠᠯᠲᠠ᠂ ᠲᠡᠦᠬᠡ ᠣᠶᠢᠯᠠᠯᠭ᠎ᠠ ᠶᠢᠨ ᠲᠠᠩᠰᠠ ᠡᠪᠬᠡᠮᠡᠯ᠂ ᠬᠠᠩᠭᠠᠨ ᠪᠣᠷᠣᠯᠠᠭᠤᠯᠬᠤ | ᠬᠠᠮᠲᠤᠷᠠᠯᠴᠠᠭ᠎ᠠ ᠵᠡᠷᠭᠡ ᠠᠵᠢᠯ ᠦᠢᠯᠡᠰ ᠴᠥᠮ ᠰᠢᠨ᠎ᠡ ᠠᠬᠢᠴᠠ ᠲᠠᠢ ᠪᠣᠯᠵᠤ᠂ ᠠᠵᠢᠯᠴᠢᠨ ᠤ ᠡᠪᠯᠡᠯ ᠂ ᠨᠡᠶᠢᠭᠡᠮ ᠤᠨ | ᠰᠢᠨᠵᠢᠯᠡᠬᠦ ᠤᠬᠠᠭᠠᠨ ᠤ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠡᠪᠯᠡᠯ ᠤᠨ ᠬᠤᠷᠢᠶ᠎ᠠ᠂ | ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ | ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠷᠠᠯᠵᠢᠶ᠎ᠠ ᠶᠢ ᠠᠬᠢᠭᠤᠯᠬᠤ | ᠨᠡᠶᠢᠭᠡᠮᠯᠢᠭ᠂ ᠨᠠᠰᠤᠲᠠᠶᠢᠴᠤᠳ ᠤᠨ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠴᠥᠮ ᠰᠢᠨ᠎ᠡ ᠵᠢᠳᠬᠦᠯ ᠴᠢᠷᠮᠠᠶᠢᠯᠭ᠎ᠠ | ᠭᠠᠷᠭᠠᠪᠠ᠃ | | ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ᠂ ᠳᠠᠪᠰᠢᠯᠲᠠ | ᠨᠢᠭᠡᠪᠦᠷᠢ ᠶᠢ ᠡᠷᠭᠢᠴᠡᠭᠦᠯᠬᠦ ᠳᠤ ᠴᠥᠮ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶᠠᠨ ᠤ | ᠳᠣᠲᠣᠨᠣ ᠬᠠᠯᠠᠮᠵᠢᠯᠠᠯ ᠬᠤᠷᠠᠮᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠠᠭᠤᠯᠵᠤ᠂ ᠬᠤᠳᠠ ᠶᠢᠨ ᠨᠠᠮ ᠤᠨ ᠬᠤᠷᠢᠶ᠎ᠠ ᠪᠦᠬᠦ ᠬᠤᠳᠠ ᠶᠢᠨ ᠠᠷᠠᠳ | ᠲᠦᠮᠡᠨ ᠢ ᠳᠠᠭᠠᠭᠤᠯᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ | ᠳ᠋ᠦᠩ ᠮᠥᠨ᠂ ᠡᠯ᠎ᠡ ᠠᠵᠢᠯ ᠲᠦᠷᠦᠯ ᠤᠨ ᠪᠦᠲᠦᠭᠡᠨ ᠪᠠᠶᠢᠭᠤᠯᠤᠭᠴᠢ᠂ ᠡᠷᠭᠦᠨ ᠵᠣᠷᠢᠭᠤᠯᠤᠭᠴᠢᠳ ᠬᠠᠮᠲᠤ ᠪᠠᠷ | ᠬᠦᠴᠦ ᠬᠥᠯᠥᠰᠦ ᠪᠠᠨ ᠤᠷᠤᠰᠬᠠᠨ᠂ ᠬᠠᠮᠲᠤ ᠪᠠᠷ ᠡᠷᠡᠯᠬᠡᠭᠯᠡᠨ ᠤᠷᠤᠭᠰᠢᠯᠠᠭᠰᠠᠨ ᠤ ᠦᠷ᠎ᠡ ᠳ᠋ᠦᠩ ᠮᠥᠨ᠃ ᠠᠳᠡ ᠪᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠲᠠ ᠶᠢᠨ ᠠᠷᠠᠳ ᠲᠦᠮᠡᠨ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠯ᠎ᠡ | ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠥᠰ ᠪᠠ ᠡᠯ᠎ᠡ ᠠᠷᠠᠳ ᠤᠨ ᠪᠦᠯᠬᠦᠮ᠂ ᠣᠷᠣᠨ ᠤ | ᠲᠥᠪ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ ᠡᠲᠡᠭᠡᠳ ᠤᠨ | ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠦᠶ᠎ᠡ︕ | ᠡᠭᠦᠨ ᠤ ᠬᠠᠮᠲᠤ᠂ ᠪᠢᠳᠡ ᠪᠠᠰᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠥᠨ ᠬᠦ ᠴᠥᠭᠡᠨ ᠪᠤᠰᠤ | ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠬᠤ ᠶᠢ ᠣᠯᠵᠤ ᠬᠠᠷᠠᠪᠠ᠄ ᠨᠢᠭᠡ ᠳᠤ ᠠᠵᠤ ᠠᠬᠤᠢ ᠶᠢᠨ | ᠪᠠᠭᠲᠠᠭᠠᠮᠵᠢ ᠶᠡᠭᠡ ᠪᠢᠰᠢ᠂ ᠡᠷᠬᠢᠨ ᠲᠣᠭᠤᠷᠢᠨ ᠢᠶᠠᠨ ᠨᠥᠯᠥᠭᠡᠯᠡᠬᠦ᠂ ᠬᠥᠭᠵᠢᠯᠲᠡ ᠶᠢ ᠳᠠᠶᠢᠴᠢᠯᠠᠬᠤ ᠣᠷᠣᠨ ᠤ ᠲᠥᠪ | ᠬᠤᠲᠠ ᠶᠢᠨ ᠳᠠᠪᠠᠭᠤᠯᠢᠭ ᠪᠠᠰᠠ ᠢᠯᠡᠷᠬᠡᠢ ᠪᠣᠯᠣᠭᠠᠳᠤᠢ᠃ ᠬᠤᠶᠠᠷ ᠲᠤ ᠠᠵᠤ ᠦᠢᠯᠡᠰ ᠤᠨ ᠰᠠᠭᠤᠷᠢ ᠪᠠᠲᠤ ᠪᠠᠬᠢ | ᠪᠢᠰᠢ᠂ ᠨᠢᠭᠡᠳᠦᠭᠡᠷ ᠠᠵᠤ ᠦᠢᠯᠡᠰ ᠤᠨ ᠬᠡᠪᠴᠢᠶ᠎ᠡ ᠨᠡᠯᠢᠶᠡᠳ ᠪᠠᠭ᠎ᠠ᠂ ᠬᠤᠶᠠᠳᠤᠭᠠᠷ ᠠᠵᠤ ᠦᠢᠯᠡᠰ ᠤᠨ ᠪᠦᠲᠦᠴᠡ | ᠳᠠᠩ ᠴᠤᠯᠭᠤᠢ᠂ ᠭᠤᠷᠪᠠᠳᠤᠭᠠᠷ ᠠᠵᠤ ᠦᠢᠯᠡᠰ ᠤᠨ ᠳᠠᠪᠠᠭᠤᠯᠢᠭ ᠰᠢᠯᠢᠳᠡᠭ ᠪᠤᠰᠤ ᠪᠠᠶᠢᠵᠤ᠂ ᠠᠵᠤ | ᠦᠢᠯᠡᠳᠪᠦᠷᠢ ᠶᠢᠨ ᠬᠡᠰᠡᠭ ᠬᠦᠷᠢᠶ᠎ᠡ ᠴᠠᠷᠠᠭ᠎ᠠ ᠨᠢ ᠵᠠᠬ᠎ᠠ ᠳᠡᠯᠭᠡᠭᠦᠷ ᠤᠨ ᠶᠠᠳᠠᠷᠠᠯ ᠤᠨ ᠨᠥᠯᠥᠭᠡ ᠶᠢ ᠬᠦᠷᠲᠡᠵᠦ᠂ | ᠪᠦᠬᠦᠯᠢ ᠴᠣᠭᠴᠠ ᠶᠢᠨ ᠠᠵᠤ ᠦᠢᠯᠡᠳᠪᠦᠷᠢ ᠶᠢᠨ ᠳᠡᠭᠡᠭᠰᠢᠯᠡᠬᠦ ᠬᠠᠨᠳᠤᠰᠢ ᠶᠢ ᠤᠳᠠᠭᠠᠰᠢᠷᠠᠭᠤᠯᠵᠤ᠂ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠪᠠᠶᠢᠳᠠᠯ ᠲᠡᠶᠢᠮᠦ ᠪᠠᠶᠠᠯᠢᠭ | ᠪᠢᠰᠢ ᠪᠠᠶᠢᠵᠤ᠂ ᠪᠠᠰᠠ ᠪᠦᠲᠦᠮᠵᠢᠲᠡᠶ ᠲᠠᠲᠠᠬᠤ ᠬᠦᠴᠦᠨ ᠢ ᠪᠦᠷᠢᠯᠳᠦᠭᠦᠯᠦᠭᠡᠳᠦᠢ᠃ ᠭᠤᠷᠪᠠ ᠳᠤ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠴᠢᠩᠭ᠎ᠠ ᠪᠢᠰᠢ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢᠨ ᠠᠭᠤᠰᠤᠯᠴᠠᠯ | ᠨᠢᠭᠲᠠ ᠦᠭᠡᠢ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠤᠨ ᠴᠢᠳᠠᠪᠤᠷᠢ ᠣᠷᠣᠨ ᠤ ᠲᠥᠪ ᠬᠤᠲᠠ ᠶᠢᠨ | ᠪᠠᠶᠢᠷᠢ ᠰᠠᠭᠤᠷᠢ ᠲᠠᠢ ᠵᠣᠬᠢᠴᠠᠬᠤ ᠦᠭᠡᠢ ᠪᠠᠶᠢᠨ᠎ᠠ᠃ ᠳᠥᠷᠪᠡ ᠳᠤ ᠰᠤᠷᠭᠠᠨ ᠬᠥᠮᠦᠵᠢᠯ᠂ ᠡᠮ ᠡᠮᠨᠡᠯᠭᠡ᠂ ᠵᠠᠮ | ᠬᠠᠷᠢᠯᠴᠠᠭ᠎ᠠ᠂ ᠨᠠᠰᠤᠵᠢᠯ ᠤᠨ ᠠᠰᠠᠷᠠᠮᠵᠢ ᠵᠡᠷᠭᠡ ᠦᠢᠯᠡᠰ ᠨᠢ ᠬᠥᠮᠥᠨ ᠠᠮᠠ ᠶᠢᠨ ᠲᠦᠷᠭᠡᠨ ᠲᠥᠪᠯᠡᠷᠡᠯ ᠲᠠᠢ | ᠵᠡᠷᠭᠡᠴᠡᠵᠦ ᠳᠡᠶᠢᠯᠬᠦ ᠦᠭᠡᠢ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠪᠠᠰᠠ | ᠤᠯᠠᠮ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ᠃ ᠡᠭᠦᠨ ᠠᠴᠠ ᠭᠠᠳᠠᠨ᠎ᠠ᠂ ᠵᠠᠷᠢᠮ ᠤᠳᠤᠷᠢᠳᠬᠤ ᠺᠠᠳ᠋ᠷ ᠤᠨ | ᠰᠢᠨ᠎ᠡ ᠶᠢ ᠡᠭᠦᠳᠬᠦ ᠤᠬᠠᠮᠰᠠᠷ ᠴᠢᠩᠭ᠎ᠠ ᠪᠢᠰᠢ᠂ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠨᠢ | ᠬᠦᠷᠦᠯᠴᠡᠬᠦ ᠦᠭᠡᠢ᠂ ᠵᠠᠷᠢᠮ ᠨᠢ ᠪᠣᠳᠣᠬᠤ ᠵᠣᠷᠢᠭ ᠦᠭᠡᠢ᠂ ᠵᠠᠷᠢᠮ ᠨᠢ ᠬᠢᠬᠦ ᠳᠤᠷ᠎ᠠ ᠦᠭᠡᠢ᠂ ᠵᠠᠷᠢᠮ ᠨᠢ ᠬᠢᠵᠦ | ᠴᠢᠳᠠᠬᠤ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠠᠰᠠᠭᠤᠳᠠᠯ ᠴᠥᠭᠡᠨ ᠪᠤᠰᠤ ᠂ ᠬᠦᠴᠢᠷᠳᠡᠯ ᠮᠠᠰᠢ ᠣᠯᠠᠨ | ᠪᠠᠶᠢᠨ᠎ᠠ᠂ ᠪᠢᠳᠡ ᠵᠠᠪᠠᠯ ᠠᠰᠠᠭᠤᠳᠠᠯ ᠳᠤ ᠰᠢᠭᠤᠳ ᠬᠠᠨᠳᠤᠵᠤ᠂ ᠬᠦᠴᠢᠷ ᠠᠰᠠᠭᠤᠳᠠᠯ ᠳᠤ ᠰᠢᠭᠤᠳ ᠬᠠᠨᠳᠤᠵᠤ᠂ ᠨᠠᠩ | ᠬᠠᠨᠳᠤᠯᠭᠠᠲᠤ ᠴᠢᠨᠠᠷᠲᠠᠢ᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠵᠦᠢᠯ ᠳᠠᠷᠠᠭᠠᠯᠠᠨ ᠠᠬᠢᠭᠤᠯᠵᠤ᠂ ᠪᠥᠬᠦ | ᠲᠠᠯ᠎ᠠ ᠪᠠᠷ ᠰᠢᠢᠳᠪᠦᠷᠢᠯᠡᠨ᠎ᠡ᠃ | | | | | ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ | 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ | ᠵᠢᠯ ᠮᠥᠷᠲᠡᠭᠡᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠡᠬᠢᠯᠡᠯᠲᠡ ᠶᠢᠨ | ᠵᠢᠯ ᠮᠥᠨ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ | ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ ᠨᠢᠭᠡ ᠭᠤᠣᠯ | ᠰᠢᠵᠢᠮ︾ ᠢ ᠲᠤᠭᠤᠰᠢᠯᠠᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠤᠨ᠂ ︽ᠵᠢᠷᠭᠤᠭᠠᠨ ᠢᠨᠵᠧᠨᠧᠷᠢᠩ︾ ︽ᠵᠢᠷᠭᠤᠭᠠᠨ ᠠᠵᠢᠯᠯᠠᠭ᠎ᠠ︾ ᠶᠢ ᠠᠬᠢᠭᠤᠯᠵᠤ᠂ ᠬᠤᠲᠠ ᠶᠢᠨ | ᠨᠠᠮ ᠤᠨ ᠬᠤᠷᠢᠶᠠᠨ ᠤ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠪᠥᠬᠦ ᠬᠦᠴᠦᠨ ᠢᠶᠠᠷ ᠢᠶᠠᠨ ᠬᠡᠷᠡᠭᠵᠢᠭᠦᠯᠦᠯᠲᠡ ᠶᠢ | ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠪᠥᠬᠦ ᠵᠢᠯ ᠤᠨ ᠡᠯ᠎ᠡ ᠵᠦᠢᠯ ᠤᠨ ᠡᠭᠦᠷᠭᠡ ᠬᠠᠷᠠᠯᠲᠠ ᠲᠡᠭᠦᠰ | ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠳᠤ ᠪᠠᠲᠤ ᠰᠠᠭᠤᠷᠢ ᠲᠠᠯᠪᠢᠵᠤ ᠥᠭᠭᠦᠨ᠎ᠡ᠃ ᠪᠦᠬᠦ ᠬᠤᠲᠠ ᠶᠢᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7.5% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 15% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠪᠦᠬᠦ ᠲᠤᠭ᠎ᠠ ᠶᠢ 6% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ ᠶᠢ 5% ᠣᠷᠴᠢᠮ ᠨᠡᠮᠡᠭᠳᠡᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠦᠬᠦ | ᠲᠤᠭ᠎ᠠ ᠶᠢ 12% ᠣᠷᠴᠢᠮ ᠨᠡᠮᠡᠭᠳᠡᠭᠦᠯᠵᠦ᠂ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠠᠳᠠᠯᠢ ᠪᠣᠯᠭᠠᠨ᠎ᠠ᠃ | ᠭᠤᠣᠯᠳᠠᠯᠭ᠎ᠠ ᠲᠠᠢ ᠲᠥᠷᠥᠯ ᠵᠦᠢᠯ ᠢ 1200 ᠠᠴᠠ ᠳᠡᠭᠡᠭᠰᠢ ᠬᠡᠷᠡᠭᠵᠢᠭᠦᠯᠵᠦ᠂ ᠣᠨ ᠤ ᠲᠥᠯᠥᠪᠯᠡᠭᠡ ᠶᠢᠨ ᠪᠡᠯᠡ | ᠣᠷᠣᠭᠤᠯᠤᠯᠲᠠ ᠶᠢ 1700 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠵᠤ᠂ ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠲᠥᠷᠥᠯ ᠵᠦᠢᠯ ᠢ 400 ᠠᠴᠠ ᠳᠡᠭᠡᠭᠰᠢ ᠲᠠᠲᠠᠨ ᠠᠪᠴᠢᠷᠠᠵᠤ᠂ ᠪᠣᠳᠠᠲᠠᠶᠢᠵᠢᠭᠤᠯᠤᠭᠰᠠᠨ ᠪᠡᠯᠡ | ᠮᠥᠩᠭᠦ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ | | | ︵ᠨᠢᠭᠡ︶ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠢ ᠦᠷᠭᠦᠯᠵᠢᠯᠡᠨ ᠪᠤᠵᠠᠭᠠᠶᠢᠷᠠᠭᠤᠯᠤᠨ | ᠬᠦᠴᠦᠷᠬᠡᠭᠵᠢᠭᠦᠯᠦᠨ᠎ᠡ | ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠲᠠᠢ ᠨᠢᠭᠲᠠ | ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ︽ᠵᠢᠷᠭᠤᠭᠠᠨ ᠶᠡᠭᠡ ᠠᠵᠤ ᠦᠢᠯᠡᠰ ᠤᠨ | ᠪᠥᠭᠡᠮᠨᠡᠷᠡᠯ︾ ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠬᠤᠯᠪᠣᠯᠳᠤᠨ ᠬᠡᠯᠬᠢᠶᠡᠵᠢᠬᠦ ᠶᠢ ᠵᠡᠷᠭᠡᠪᠡᠷ ᠠᠬᠢᠭᠤᠯᠤᠨ᠂ | ᠥᠪᠡᠷᠲᠡᠭᠡᠨ ᠵᠠᠰᠠᠬᠤ ᠣᠷᠣᠨ ᠤ ︽ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ︾ ︽ | ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢᠨ ᠱᠠᠭᠠᠷᠳᠠᠯᠭ᠎ᠠ ᠶᠣᠰᠣᠭᠠᠷ᠂ ︽ᠵᠢᠷᠭᠤᠭᠠᠨ ᠶᠡᠭᠡ ᠠᠵᠤ | ᠦᠢᠯᠡᠰ ᠤᠨ ᠪᠥᠭᠡᠮᠨᠡᠷᠡᠯ︾ ᠤᠨ ᠲᠥᠷᠥᠯ ᠵᠦᠢᠯ 490 ᠶᠢ ᠬᠡᠷᠡᠭᠵᠢᠭᠦᠯᠵᠦ᠂ 900 ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠨ᠎ᠡ᠃ ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ | ᠳᠠᠭᠠᠭᠤᠯᠤᠭᠴᠢ ᠪᠣᠯᠭᠠᠭᠰᠠᠨ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠢᠯᠢ ᠶᠢᠨ ᠰᠦᠨ | ᠲᠠᠯᠬ᠎ᠠ ᠶᠢᠨ ᠭᠤᠷᠪᠠᠳᠤᠭᠠᠷ ᠬᠤᠭᠤᠴᠠᠭ᠎ᠠ᠂ ᠪᠢᠰᠢᠯᠠᠭ ᠤᠨ ᠭᠤᠷᠪᠠᠳᠤᠭᠠᠷ ᠬᠤᠭᠤᠴᠠᠭ᠎ᠠ᠂ ᠮᠧᠩ ᠨᠢᠦ ᠰᠦᠨ ᠤ ᠲᠡᠮᠦᠷ | ᠤᠭᠤᠷᠠᠭ ᠢ ᠡᠳ᠋ᠰᠢᠭᠦᠯᠬᠦ᠂ ᠶᠢᠰᠦᠳᠦᠭᠡᠷ ᠬᠤᠭᠤᠴᠠᠭᠠᠨ ᠤ ᠰᠦᠨ ᠲᠠᠯᠬ᠎ᠠ᠂ ᠱᠧᠩ ᠮᠦ ᠳᠣᠣᠷ᠎ᠠ ᠳᠤᠯᠠᠭᠠᠨ ᠳᠤ | ᠡᠳᠦᠷ ᠲᠤ 500 ᠲᠣᠨ ᠰᠦᠨ ᠲᠠᠯᠬ᠎ᠠ ᠦᠢᠯᠡᠳᠪᠦᠷᠢᠯᠡᠬᠦ ᠦᠢᠯᠡᠳᠪᠦᠷᠢ ᠵᠡᠷᠭᠡ ᠲᠥᠷᠥᠯ ᠵᠦᠢᠯ ᠢ ᠪᠠᠶᠢᠭᠤᠯᠵᠤ | ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ ᠃ ᠰᠦᠨ ᠲᠠᠯᠬ᠎ᠠ ᠶᠢᠨ ᠤᠯᠤᠰ ᠤᠨ ᠨᠥᠭᠡᠴᠡ ᠶᠢ ᠲᠣᠬᠢᠷᠠᠭᠤᠯᠬᠤ | ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ ᠳ᠋ᠢ ᠰᠧ ᠮᠠᠨ - ᠹᠧᠨ ᠮᠧᠶ ᠢ ᠺᠣᠮᠫᠠᠨᠢ ᠶᠢᠨ ᠠᠰᠢᠭᠲᠠᠢ | ᠪᠠᠺᠲ᠋ᠧᠷᠢ ᠶᠢᠨ ᠲᠥᠷᠥᠯ ᠵᠦᠢᠯ ᠢ ᠲᠠᠲᠠᠨ ᠰᠠᠭᠤᠷᠢᠰᠢᠭᠤᠯᠤᠨ᠎ᠠ᠃ ᠶᠢᠦ ᠷᠠᠨ ᠮᠠᠯ ᠠᠵᠤ ᠠᠬᠤᠢ᠂ ᠮᠧᠩ ᠼᠤᠤ | ᠪᠦᠯᠦᠭᠯᠡᠯ ᠤᠨ ᠲᠡᠵᠢᠭᠡᠯ ᠡᠪᠡᠰᠦᠨ ᠤ ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠵᠦ ᠪᠠᠶᠢᠭᠤᠯᠤᠨ᠎ᠠ᠃ ᠢᠦᠢ | ᠴᠢᠤᠸᠠᠨ ᠲᠣᠭᠤᠷᠢᠭ ᠤᠨ ᠢᠳᠡᠭᠡᠨ ᠤ ᠠᠵᠤ ᠦᠢᠯᠡᠰ ᠤᠨ ᠬᠦᠷᠢᠶᠡᠯᠡᠩ᠂ ᠦᠴᠦᠸᠠᠨ ᠰᠢᠶᠠᠨ ᠤ ᠥᠨᠳᠦᠷᠯᠢᠭ ᠤᠨ | ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠲᠣᠭᠤᠷᠢᠭ ᠢ ᠳᠡᠰ | ᠳᠡᠪᠰᠢᠭᠦᠯᠵᠦ᠂ ᠪᠥᠭᠡᠮᠨᠡᠷᠡᠯ ᠤᠨ ᠦᠢᠯᠡᠳᠬᠦᠨ ᠤ ᠥᠷᠲᠡᠭ ᠢ 500 ᠳ᠋ᠦᠩᠰᠢᠭᠤᠷ ᠲᠥᠭᠦᠷᠢᠭ ᠬᠦᠷᠭᠡᠨ᠂ ︽ᠳᠤᠮᠳᠠᠳᠤ | ᠤᠯᠤᠰ ᠤᠨ ᠰᠦ ᠶᠢᠨ ᠬᠤᠲᠠ︾ ᠶᠢᠨ ᠨᠡᠷ᠎ᠡ ᠶᠢᠨ ᠬᠠᠭᠤᠳᠠᠰᠤ ᠶᠢ ᠨᠠᠩ ᠭᠡᠷᠡᠯᠲᠦᠭᠦᠯᠵᠦ᠂ ᠪᠥᠬᠦ ᠬᠦᠴᠦᠨ ᠢᠶᠠᠷ ᠢᠶᠠᠨ | ︽ᠳᠡᠯᠡᠬᠡᠢ ᠶᠢᠨ ᠰᠦ ᠶᠢᠨ ᠬᠤᠲᠠ︾ ᠲᠡᠶᠢᠰᠢ ᠤᠷᠤᠭᠰᠢᠯᠠᠨ᠎ᠠ᠃ ᠪᠣᠬᠢᠷᠲᠤᠯ ᠦᠭᠡᠢ ᠴᠠᠬᠢᠯᠭᠠᠨ ᠬᠦᠴᠦᠨ ᠢᠶᠠᠷ | ᠤᠳᠤᠷᠢᠳᠤᠮᠵᠢ ᠪᠣᠯᠭᠠᠭᠰᠠᠨ ᠰᠢᠨ᠎ᠡ ᠡᠨᠧᠷᠭᠢ ᠶᠢᠨ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ | ᠠᠬᠢᠭᠤᠯᠤᠨ᠎ᠠ᠃ ᠶᠢᠨ ᠱᠠᠨ ᠴᠠᠬᠢᠯᠭᠠᠨ ᠦᠢᠯᠡᠳᠪᠦᠷᠢ ᠶᠢᠨ ᠭᠤᠷᠪᠠᠳᠤᠭᠠᠷ ᠬᠤᠭᠤᠴᠠᠭ᠎ᠠ᠂ ᠲᠣᠭᠲᠠᠬᠤ ᠴᠢᠩ ᠱᠦᠢ | ᠾᠧ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠣᠭᠤᠭᠠᠨ ᠴᠠᠬᠢᠯᠭᠠᠨ ᠤ ᠬᠠᠩᠭᠠᠯᠭ᠎ᠠ ᠵᠡᠷᠭᠡ | ᠲᠦᠷᠦᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ᠃ 140 ᠲᠦᠮᠡᠨ ᠺᠢᠯᠣᠸᠠᠲ ᠤᠨ | ᠤᠰᠤ ᠲᠠᠲᠠᠵᠤ ᠡᠨᠧᠷᠭᠢ ᠬᠠᠳᠠᠭᠠᠯᠠᠬᠤ ᠬᠤᠶᠠᠳᠤᠭᠠᠷ ᠬᠤᠭᠤᠴᠠᠭ᠎ᠠ᠂ ᠬᠤᠩ ᠱᠧᠩ 500 ᠺᠢᠯᠣᠸᠠᠲ ᠤᠨ | ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠂ ᠯᠦᠩ ᠵᠢᠢ ᠰᠠᠯᠬᠢ ᠭᠡᠷᠡᠯ ᠤᠰᠤᠲᠥ᠋ᠷᠥᠭᠴᠢ ᠰᠢᠪᠲᠦᠷ | ᠠᠯᠺᠣᠣᠯ ᠢ ᠨᠢᠭᠡ ᠴᠣᠭᠴᠠᠵᠢᠭᠤᠯᠬᠤ᠂ ᠲᠢᠶᠠᠨ ᠬᠤᠤ ᠰᠤᠷᠪᠤᠯᠵᠢ ᠲᠣᠣᠷ ᠳᠠᠭᠠᠭᠠᠴᠠ ᠨᠥᠭᠡᠴᠡ ᠶᠢ ᠨᠢᠭᠡ | ᠴᠣᠭᠴᠠᠵᠢᠭᠤᠯᠬᠤ᠂ ᠶᠤᠸᠠᠨ ᠵᠢᠩ 100 ᠲᠦᠮᠡᠨ ᠺᠢᠯᠣᠸᠠᠲ ᠤᠨ ᠲᠤᠰᠠᠭᠠᠷ ᠡᠨᠧᠷᠭᠢ ᠬᠠᠳᠠᠭᠠᠯᠠᠬᠤ ᠴᠠᠬᠢᠯᠭᠠᠨ | ᠦᠷᠳᠡᠭᠡ᠂ ᠰᠢᠨ ᠶᠤᠸᠠᠨ ᠵᠢᠩ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠵᠡᠷᠭᠡ ᠲᠦᠷᠦᠯ ᠵᠦᠢᠯ ᠢ ᠠᠵᠢᠯ | ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠴᠢᠩ ᠱᠦᠢ ᠾᠧ ᠶᠢᠨ 100 ᠲᠦᠮᠡᠨ ᠺᠢᠯᠣᠸᠠᠲ ᠤᠨ ᠤᠰᠤ ᠲᠠᠲᠠᠵᠤ | ᠡᠨᠧᠷᠭᠢ ᠬᠠᠳᠠᠭᠠᠯᠠᠬᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ | ᠪᠥᠭᠡᠮᠨᠡᠷᠡᠯ ᠤᠨ ᠦᠢᠯᠡᠳᠬᠦᠨ ᠤ ᠦᠷᠳᠡᠭ ᠢ 880 ᠳ᠋ᠦᠩᠰᠢᠭᠤᠷ ᠲᠥᠭᠦᠷᠢᠭ ᠬᠦᠷᠭᠡᠨ᠎ᠡ᠃ ᠨᠡᠭᠦᠷᠡᠰᠦᠲᠥ᠋ᠷᠥᠭᠴᠢ | ᠰᠠᠭᠤᠷᠢ᠂ ᠴᠠᠬᠢᠭᠤᠷ ᠰᠠᠭᠤᠷᠢ ᠮᠠᠲ᠋ᠧᠷᠢᠶᠠᠯ ᠢᠶᠠᠷ ᠰᠠᠭᠤᠷᠢᠯᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠲ᠋ᠧᠰ ᠰᠢᠨ᠎ᠡ ᠡᠨᠧᠷᠭᠢ ᠶᠢᠨ ᠭᠡᠷᠡᠯ ᠴᠡᠨᠡᠭ ᠤᠨ ᠪᠥᠬᠦ | ᠠᠵᠤ ᠦᠢᠯᠡᠰ ᠤᠨ ᠬᠡᠯᠬᠢᠶ᠎ᠡ ᠶᠢᠨ ᠨᠢᠭᠡᠳᠦᠭᠡᠷ ᠬᠤᠭᠤᠴᠠᠭ᠎ᠠ᠂ ᠰᠢᠨ ᠶᠤᠸᠠᠨ 5GW᠂ ᠬᠤᠸᠠᠨ ᠱᠧᠩ | 10GW ᠶᠢᠨ ᠥᠨᠳᠥᠷ ᠪᠦᠲᠦᠮᠵᠢᠲᠦ ᠨᠡᠷᠡᠨ ᠡᠨᠧᠷᠭᠢ ᠶᠢᠨ ᠲᠣᠨᠤᠭ ᠲᠥᠬᠦᠭᠡᠷᠦᠮᠵᠢ ᠵᠡᠷᠭᠡ ᠲᠥᠷᠥᠯ ᠵᠦᠢᠯ ᠢ | ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ᠃ ᠴᠠᠩ ᠷᠦᠢ ᠬᠠᠭᠠᠰ ᠳᠠᠮᠵᠢᠭᠤᠯᠤᠭᠴᠢ᠂ ᠵᠢᠦᠢ ᠼᠢ | ᠳᠡᠭᠡᠳᠦ ᠴᠡᠪᠡᠷ ᠨᠢᠲᠷᠢᠳ᠋ ᠶᠢᠨ ᠡᠯᠧᠺᠲᠷᠣᠨ ᠱᠠᠭᠠᠵᠠᠩ ᠮᠠᠲ᠋ᠧᠷᠢᠶᠠᠯ ᠵᠡᠷᠭᠡ ᠲᠥᠷᠥᠯ ᠵᠦᠢᠯ ᠢ ᠲᠦᠷᠭᠡᠳᠬᠡᠨ | ᠪᠠᠶᠢᠭᠤᠯᠤᠨ᠎ᠠ᠃ ᠰᠠᠢ ᠱᠧᠩ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠰᠢᠶᠧ ᠰᠢᠨ ᠨᠠᠨᠤ᠋ ᠴᠠᠬᠢᠭᠤᠷ᠂ | ᠰᠢᠦᠢ ᠶᠠᠩ 360 ᠲᠦᠮᠡᠨ ᠲᠣᠨ ᠬᠡᠦᠷᠰᠢᠭᠦᠯᠬᠦ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠨ ᠠᠰᠢᠭᠯᠠᠬᠤ᠂ | ᠳᠤᠮᠳᠠᠳᠤ ᠤᠯᠤᠰ ᠤᠨ ᠣᠩᠭᠤᠴᠠᠨ ᠤ ᠣᠨᠴᠠ ᠲᠥᠷᠥᠯ ᠤᠨ ᠬᠡᠢ ᠪᠡᠶᠡᠲᠦ ᠶᠢᠨ ᠳᠡᠭᠡᠳᠦ ᠴᠡᠪᠡᠷ ᠡᠯᠧᠺᠲᠷᠣᠨ ᠬᠡᠢ | ᠪᠡᠶᠡᠲᠦ ᠶᠢᠨ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ | ᠠᠮᠢᠳᠤ ᠪᠣᠳᠠᠰ ᠤᠨ ᠸᠠᠺᠼᠢᠨ᠂ ᠨᠡᠶᠢᠯᠡᠮᠡᠯ ᠠᠮᠢᠳᠤ ᠪᠣᠳᠠᠰ ᠢᠶᠠᠷ ᠣᠨᠴᠠᠯᠢᠭ ᠪᠣᠯᠭᠠᠭᠰᠠᠨ ᠠᠮᠢᠳᠤ ᠪᠣᠳᠠᠰ ᠤᠨ | ᠡᠮ ᠡᠮᠨᠡᠯᠭᠡ ᠶᠢᠨ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠴᠠᠩ ᠱᠧᠩ ᠡᠮ | ᠦᠢᠯᠡᠳᠬᠦ ᠳᠠᠭᠠᠭᠤᠯᠤᠭᠴᠢ ᠦᠢᠯᠡᠳᠪᠦᠷᠢ᠂ ᠶᠢᠨ ᠢᠦᠢ ᠭᠦᠩ ᠯᠢ ᠶᠢᠨ ᠡᠩᠬᠦᠷᠡᠢ ᠠᠮᠢᠲᠠᠨ ᠤ ᠸᠠᠺᠼᠢᠨ᠂ ᠱᠧᠨ ᠺᠠᠩ | ᠡᠮ ᠡᠮᠨᠡᠯᠭᠡ ᠶᠢᠨ ᠲᠠᠷᠢᠬᠢ ᠮᠠᠰᠢᠨ ᠤ ᠵᠠᠯᠭᠠᠭᠤᠷ ᠤᠨ ᠳᠡᠭᠡᠳᠦ ᠲᠠᠰ ᠤᠨ ᠦᠢᠯᠡᠳᠬᠡᠯ ᠵᠡᠷᠭᠡ ᠲᠥᠷᠥᠯ ᠵᠦᠢᠯ ᠢ | ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ᠃ ᠺᠧ ᠲᠦᠸᠧ ᠢᠳᠡᠭᠡᠨ ᠤ ᠠᠰᠢᠭᠲᠠᠢ ᠪᠠᠺᠲ᠋ᠧᠷᠢ ᠶᠢᠨ | ᠨᠡᠶᠢᠲᠡᠯᠢᠭ ᠮᠡᠷᠭᠡᠵᠢᠯ᠂ ᠤᠤ ᠫᠦ᠋ ᠰᠠᠢ ᠠᠮᠢᠲᠠᠨ ᠤ ᠴᠢᠰᠤᠨ ᠤ ᠴᠠᠶᠢᠪᠠᠩ᠂ ᠶᠢᠨ ᠳ᠋ᠠ ᠸᠧᠢ ᠵᠡᠷᠭᠡ ᠰᠤᠳᠤᠯᠤᠨ ᠨᠡᠭᠡᠭᠡᠬᠦ | ᠲᠥᠪ ᠢ ᠵᠢᠩᠬᠢᠨᠢ ᠪᠠᠷ ᠠᠵᠢᠯᠯᠠᠭᠤᠯᠤᠨ᠎ᠠ᠃ ᠷᠦᠢ ᠫᠦ᠋ ᠮᠢᠺᠷᠣᠪ ᠤᠨ ᠤᠭᠤᠷᠠᠭ ᠤᠨ ᠦᠢᠯᠡᠳᠪᠦᠷᠢᠯᠡᠯᠲᠡ᠂ ᠬᠤᠸᠠ ᠰᠦ᠋ | ᠠᠮᠢᠳᠤ ᠪᠣᠳᠠᠰ ᠤᠨ ᠬᠦᠴᠦᠯᠢᠭ ᠬᠦᠬᠡᠴᠦᠰᠦ᠂ ᠬᠤᠸᠠ ᠷᠦᠨ ᠱᠤᠸᠠᠩ ᠾᠧ ᠨᠡᠶᠢᠯᠡᠮᠡᠯ ᠠᠮᠢᠳᠤ ᠪᠣᠳᠠᠰ ᠤᠨ ᠠᠵᠤ | ᠦᠢᠯᠡᠰ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠤᠨ᠎ᠠ᠃ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠠᠮᠢᠳᠤ ᠪᠣᠳᠠᠰ ᠤᠨ ᠣᠶᠤᠨᠴᠢ ᠦᠢᠯᠡᠳᠬᠦ ᠬᠥᠨᠳᠡᠢ ᠶᠢ ᠡᠬᠢᠯᠡᠵᠦ | ᠪᠠᠶᠢᠭᠤᠯᠤᠨ᠂ ᠪᠥᠭᠡᠮᠨᠡᠷᠡᠯ ᠤᠨ ᠦᠢᠯᠡᠳᠬᠦᠨ ᠤ ᠥᠷᠲᠡᠭ ᠢ 220 ᠳ᠋ᠦᠩᠰᠢᠭᠤᠷ ᠲᠥᠭᠦᠷᠢᠭ ᠲᠤ ᠬᠦᠷᠭᠡᠨ᠎ᠡ᠃ | ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ᠂ ᠬᠢᠮᠡᠯ ᠤᠶᠤᠨ ᠢᠶᠠᠷ ᠲᠤᠯᠭᠠᠭᠤᠷᠢᠯᠠᠯ ᠪᠣᠯᠭᠠᠭᠰᠠᠨ ᠰᠢᠨ᠎ᠡ | ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠢ ᠪᠥᠬᠦ ᠬᠦᠴᠦᠨ ᠢᠶᠠᠷ ᠢᠶᠠᠨ | ᠠᠬᠢᠭᠤᠯᠤᠨ᠎ᠠ᠃ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠠᠮᠠᠯ ᠴᠠᠬᠢᠯᠭᠠᠨ ᠬᠡᠯᠬᠢᠶ᠎ᠡ ᠶᠢᠨ ᠠᠵᠤ | ᠦᠢᠯᠡᠰ ᠤᠨ ᠬᠦᠷᠢᠶᠡᠯᠡᠩ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠲᠤᠭ᠎ᠠ ᠪᠠᠷᠢᠮᠲᠠ ᠶᠢᠨ ᠲᠥᠪ ᠤᠨ | ᠬᠤᠶᠠᠳᠤᠭᠠᠷ ᠬᠤᠭᠤᠴᠠᠭ᠎ᠠ᠂ ᠭᠠᠯᠲᠤ ᠠᠭᠤᠯᠠ ᠬᠥᠳᠡᠯᠭᠡᠭᠦᠷ ᠪᠣᠳᠣᠯᠭ᠎ᠠ ᠶᠢᠨ ᠬᠦᠴᠦᠨ ᠤ ᠲᠥᠪ ᠤᠨ ᠨᠢᠭᠡᠳᠦᠭᠡᠷ | ᠬᠤᠭᠤᠴᠠᠭ᠎ᠠ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠵᠠᠮ ᠬᠠᠷᠢᠯᠴᠠᠭᠠᠨ ᠤ ᠪᠠᠩᠬᠢ᠂ ᠲᠠᠷᠢᠶᠠᠯᠠᠩ ᠤᠨ ᠪᠠᠩᠬᠢ ᠶᠢᠨ | ᠲᠤᠭ᠎ᠠ ᠪᠠᠷᠢᠮᠲᠠ ᠶᠢᠨ ᠲᠥᠪ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ᠃ | ᠵᠢᠦ ᠵᠧᠦ ᠣᠶᠤᠨᠴᠢ ᠪᠣᠳᠣᠯᠲᠠ᠂ ᠬᠤᠸᠠ ᠵᠦ ᠣᠶᠤᠨᠴᠢ ᠪᠣᠳᠣᠯᠲᠠ᠂ ᠭᠤᠸᠠᠩ ᠬᠤᠸᠠᠨ ᠰᠢᠨ᠎ᠡ ᠰᠦᠯᠵᠢᠶ᠎ᠡ ᠵᠡᠷᠭᠡ | ᠲᠥᠷᠥᠯ ᠵᠦᠢᠯ ᠢ ᠲᠦᠷᠭᠡᠳᠬᠡᠨ ᠪᠠᠶᠢᠭᠤᠯᠤᠨ᠎ᠠ᠃ ᠬᠤᠤ ᠶᠠᠩ ᠡᠭᠦᠯᠡᠨ ᠲᠣᠮᠣ ᠳ᠋ᠠᠶᠢᠲ᠋ᠠ ᠶᠢᠨ ᠰᠢᠨᠵᠢᠯᠡᠭᠡ | ᠮᠡᠷᠭᠡᠵᠢᠯ ᠤᠨ ᠲᠥᠪ᠂ ︽ᠪᠡᠭᠡᠵᠢᠩ ᠤᠨ ᠲᠤᠭ᠎ᠠ ᠶᠢ ᠥᠪᠥᠷ ᠮᠣᠩᠭᠤᠯ ᠳᠤ ᠪᠣᠳᠣᠬᠤ︾ ᠣᠶᠤᠨᠴᠢ ᠪᠣᠳᠣᠯᠭ᠎ᠠ ᠶᠢᠨ | ᠠᠵᠤ ᠦᠢᠯᠡᠰ ᠤᠨ ᠬᠦᠷᠢᠶᠡᠯᠡᠩ᠂ ᠳᠤᠮᠳᠠᠳᠤ ᠤᠯᠤᠰ ᠤᠨ ᠲᠠᠷᠢᠶᠠᠯᠠᠩ ᠰᠢᠨᠵᠢᠯᠡᠬᠦ ᠤᠬᠠᠭᠠᠨ ᠤ ᠬᠦᠷᠢᠶᠡᠯᠡᠩ᠂ | ᠠᠷᠠᠳ ᠤᠨ ᠳᠠᠭᠠᠳᠬᠠᠯ ᠤᠨ ᠪᠦᠯᠦᠭᠯᠡᠯ᠂ ᠫᠦ᠋ ᠹᠠ ᠪᠠᠩᠬᠢ ᠶᠢᠨ ᠲᠤᠭ᠎ᠠ ᠪᠠᠷᠢᠮᠲᠠ ᠶᠢᠨ ᠲᠥᠪ ᠵᠡᠷᠭᠡ ᠲᠥᠷᠥᠯ | ᠵᠦᠢᠯ ᠢ ᠠᠵᠢᠯ ᠡᠬᠢᠯᠡᠭᠦᠯᠵᠦ ᠪᠠᠶᠢᠭᠤᠯᠤᠨ᠎ᠠ᠃ ᠪᠠᠢ ᠳ᠋ᠦ᠋᠂ ᠲᠢᠺ ᠲᠣᠺ᠂ ᠭᠤᠷᠪᠠ ᠵᠢᠷᠭᠤᠭ᠎ᠠ ᠲᠡᠭ᠂ ᠸᠠᠩ ᠢ᠂ ᠬᠠᠨ | ᠸᠠᠩ ᠰᠢᠨᠵᠢᠯᠡᠭᠡ ᠮᠡᠷᠭᠡᠵᠢᠯ ᠵᠡᠷᠭᠡ ᠳᠡᠭᠡᠳᠦ ᠲᠠᠰ ᠤᠨ ᠲᠤᠭ᠎ᠠ ᠪᠠᠷᠢᠮᠲᠠ ᠳᠤ ᠲᠡᠮᠳᠡᠭ ᠬᠠᠳᠠᠬᠤ ᠬᠠᠪᠲᠠᠭᠠᠢ ᠶᠢ | ᠨᠠᠶᠢᠳᠠᠪᠤᠷᠢᠵᠢᠭᠤᠯᠵᠤ᠂ ᠤᠯᠤᠰ ᠤᠨ ᠲᠤᠭ᠎ᠠ ᠪᠠᠷᠢᠮᠲᠠ ᠳᠤ ᠲᠡᠮᠳᠡᠭ ᠬᠠᠳᠠᠬᠤ ᠲᠤᠷᠰᠢᠯᠲᠠ ᠶᠢᠨ ᠴᠡᠭ ᠤᠨ ᠡᠭᠦᠷᠭᠡ ᠶᠢ | ᠡᠭᠦᠷᠭᠡᠯᠡᠨ᠎ᠡ᠃ ᠪᠣᠳᠣᠯᠭ᠎ᠠ ᠶᠢᠨ ᠬᠦᠴᠦᠨ ᠤ ᠶᠡᠷᠦᠩᠬᠡᠢ ᠬᠡᠪᠴᠢᠶ᠎ᠡ ᠶᠢ 10 ᠲᠦᠮᠡᠨ P ᠠᠴᠠ ᠳᠡᠭᠡᠭᠰᠢ ᠪᠣᠯᠭᠠᠨ᠂ | ᠡᠭᠦᠨ ᠳᠤ ᠣᠶᠤᠨᠴᠢ ᠪᠣᠳᠣᠯᠲᠠ ᠶᠢ 9 ᠲᠦᠮᠡᠨ P ᠠᠴᠠ ᠳᠡᠭᠡᠭᠰᠢ ᠪᠠᠶᠢᠯᠭᠠᠨ᠂ ᠪᠥᠭᠡᠮᠨᠡᠷᠡᠯ ᠤᠨ ᠡᠵᠡᠩᠨᠡᠯᠲᠡ ᠶᠢᠨ | ᠤᠷᠤᠯᠭ᠎ᠠ ᠶᠢ 600 ᠳ᠋ᠦᠩᠰᠢᠭᠤᠷ ᠲᠥᠭᠦᠷᠢᠭ ᠬᠦᠷᠭᠡᠨ᠎ᠡ᠃ 2025 ᠣᠨ ᠤ ᠳᠤᠮᠳᠠᠳᠤ ᠤᠯᠤᠰ ᠤᠨ ᠪᠣᠬᠢᠷᠲᠤᠯ | ᠦᠭᠡᠢ ᠪᠣᠳᠣᠯᠭ᠎ᠠ ᠶᠢᠨ ᠬᠦᠴᠦᠨ ᠤ ᠶᠡᠭᠡ ᠬᠤᠷᠠᠯ ᠢ ᠰᠠᠶᠢᠲᠤᠷ ᠡᠷᠭᠢᠯᠡᠵᠦ᠂ ︽ ᠳᠤᠮᠳᠠᠳᠤ ᠤᠯᠤᠰ ᠤᠨ ᠡᠭᠦᠯᠡᠨ | ᠬᠥᠨᠳᠡᠢ︾ ᠶᠢ ᠨᠠᠩ ︽ᠦᠨ᠎ᠡ ᠴᠠᠨ᠎ᠠ︾ ᠲᠠᠢ ᠪᠣᠯᠭᠠᠨ᠎ᠠ᠃ | ᠳᠣᠣᠷ᠎ᠠ ᠣᠭᠲᠠᠷᠭᠤᠢ ᠶᠢᠨ ᠠᠵᠤ ᠠᠬᠤᠢ᠂ ᠠᠭᠠᠷ ᠰᠠᠨᠰᠠᠷ ᠤᠨ ᠠᠶᠠᠯᠠᠯ ᠢᠶᠠᠷ ᠲᠥᠯᠥᠭᠡᠯᠡᠭᠦᠯᠦᠭᠰᠡᠨ ᠣᠳᠣ | ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠥᠭᠡᠮᠨᠡᠷᠡᠯ ᠢ ᠪᠦᠬᠦ ᠬᠦᠴᠦᠨ ᠢᠶᠠᠷ ᠢᠶᠠᠨ | ᠲᠦᠯᠬᠢᠨ ᠠᠬᠢᠭᠤᠯᠤᠨ᠎ᠠ᠃ ᡁᠢ ᠬᠠᠩ ᠰᠢᠨᠵᠢᠯᠡᠬᠦ ᠤᠬᠠᠭᠠᠨ ᠮᠡᠷᠭᠡᠵᠢᠯ᠂ ᠪᠦᠦ ᠱᠧᠩ ᠳᠡᠭᠡᠳᠦ ᠰᠢᠨᠵᠢᠯᠡᠬᠦ ᠤᠬᠠᠭᠠᠨ ᠂ | ᠵᠢᠢ ᠬᠠᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠵᠢᠯᠣᠭᠤᠴᠢ ᠦᠭᠡᠢ ᠨᠢᠰᠬᠡᠯ ᠦᠢᠯᠡᠳᠬᠦ᠂ ᠵᠢᠢ ᠯᠢ ᠶᠤᠸᠠᠨ ᠴᠧᠩ | ᠬᠤᠳᠠᠯᠳᠤᠭᠠᠨ ᠤ ᠮᠠᠰᠢᠨ ᠲᠡᠷᠭᠡ ᠦᠢᠯᠡᠳᠬᠦ ᠰᠠᠭᠤᠷᠢᠨ ᠭᠠᠵᠠᠷ᠂ ᠶᠤᠸᠠᠨ ᠰᠦ ᠮᠧᠩ ᠲᠠᠢ ᠤᠰᠤᠲᠥ᠋ᠷᠥᠭᠴᠢ | ᠴᠠᠬᠢᠯᠭᠠᠨ ᠬᠥᠳᠡᠯᠭᠡᠭᠦᠷᠲᠦ ᠬᠤᠳᠠᠯᠳᠤᠭᠠᠨ ᠤ ᠮᠠᠰᠢᠨ ᠲᠡᠷᠭᠡ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠨ | ᠠᠰᠢᠭᠯᠠᠯᠲᠠ ᠳᠤ ᠣᠷᠣᠭᠤᠯᠤᠨ᠎ᠠ᠃ ᠱᠤᠸᠠᠩ ᠵᠢᠶᠧ ᠴᠠᠬᠢᠯᠭᠠᠨ ᠤ ᠬᠡᠲᠦ ᠥᠨᠳᠥᠷ ᠬᠦᠴᠦᠳᠡᠯᠲᠦ ᠬᠦᠴᠦᠳᠡᠯ | ᠥᠭᠡᠷᠡᠴᠢᠯᠡᠭᠴᠢ᠂ ᠭᠤᠷᠪᠠ ᠲᠡᠭ ᠵᠢᠷᠭᠤᠭ᠎ᠠ ᠲᠡᠭ ᠬᠡᠲᠦ ᠴᠠᠬᠢᠯᠭᠠᠨ ᠪᠠᠭᠲᠠᠭᠠᠮᠵᠢ ᠵᠡᠷᠭᠡ ᠲᠥᠷᠥᠯ ᠵᠦᠢᠯ ᠢ ᠠᠵᠢᠯ | ᠡᠬᠢᠯᠡᠭᠦᠯᠦᠨ ᠪᠠᠶᠢᠭᠤᠯᠤᠨ᠎ᠠ᠃ ᠳᠣᠣᠷ᠎ᠠ ᠣᠭᠲᠠᠷᠭᠤᠢ ᠶᠢᠨ ᠠᠵᠤ ᠠᠬᠤᠢ ᠶᠢᠨ ᠴᠠᠬᠢᠯᠭᠠᠨ ᠲᠣᠣᠷ ᠤᠨ ᠲᠣᠭᠤᠷᠢᠨ | ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠨ ᠲᠤᠰᠠᠯᠠᠬᠤ᠂ ᠭᠠᠮᠰᠢᠭ ᠢ ᠰᠡᠷᠭᠡᠶᠢᠯᠡᠵᠦ ᠪᠠᠭᠠᠰᠬᠠᠬᠤ ᠵᠡᠷᠭᠡ ᠲᠠᠯ᠎ᠠ ᠳᠤ | ᠥᠷᠭᠡᠨ ᠲᠤᠷᠰᠢᠨ ᠬᠡᠷᠡᠭᠯᠡᠵᠦ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠠᠭᠠᠷ ᠤᠨ ᠪᠠᠶᠢᠴᠠᠭᠠᠯᠲᠠ ᠶᠢᠨ ᠲᠥᠪ᠂ | ᠠᠷᠠᠳ ᠤᠨ ᠬᠡᠷᠡᠭᠯᠡᠭᠡᠨ ᠤ ᠵᠢᠯᠣᠭᠤᠴᠢ ᠦᠭᠡᠢ ᠨᠢᠰᠬᠡᠯ ᠤᠨ ᠰᠢᠯᠭᠠᠯᠲᠠ ᠶᠢᠨ ᠲᠥᠪ᠂ ᠳᠤᠮᠳᠠᠳᠤ ᠤᠯᠤᠰ ᠤᠨ ᠷᠦᠩ | ᠲᠦᠩ ᠵᠢᠯᠣᠭᠤᠴᠢ ᠦᠭᠡᠢ ᠨᠢᠰᠬᠡᠯ ᠤᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠯᠲᠠ ᠶᠢᠨ ᠲᠥᠪ ᠵᠡᠷᠭᠡ ᠲᠥᠷᠥᠯ | ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ᠎ᠡ᠃ | ︵ᠬᠤᠶᠠᠷ︶ ᠣᠷᠣᠨ ᠤ ᠲᠥᠪ ᠬᠤᠲᠠ ᠶᠢᠨ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠳᠠᠪᠠᠭᠤᠯᠢᠭ ᠢ | ᠦᠷᠭᠦᠯᠵᠢᠯᠡᠨ ᠴᠣᠭᠴᠠᠯᠠᠨ᠎ᠠ | ᠣᠯᠠᠨ ᠡᠰᠢᠲᠦ ᠬᠡᠷᠡᠭᠯᠡᠭᠡ ᠶᠢ ᠭᠦᠨᠵᠡᠭᠡᠢ ᠥᠷᠭᠡᠳᠬᠡᠨ᠎ᠡ᠃ ᠬᠤᠸᠠ ᠷᠦᠨ ᠸᠠᠨ ᠰᠢᠶᠠᠩ ᠬᠤᠲᠠ᠂ Ole、 | ᠪᠠᠷᠠᠭᠠᠨ ᠤ ᠰᠣᠳᠣᠨ ᠬᠡᠳᠦ ᠳᠡᠯᠭᠡᠭᠦᠷ ᠢ ᠨᠡᠭᠡᠭᠡᠨ ᠡᠵᠡᠩᠨᠡᠵᠦ᠂ ᠾᠦᠢ ᠨᠧᠩ᠂ ᠬᠤᠸᠠ ᠮᠣᠣ ᠵᠡᠷᠭᠡ ᠴᠢᠨᠠᠷ ᠰᠠᠶᠢᠲᠠᠢ | ᠵᠣᠴᠢᠳ ᠤᠨ ᠪᠠᠭᠤᠳᠠᠯ ᠢ ᠢᠳᠡᠪᠬᠢᠲᠡᠢ ᠲᠠᠲᠠᠨ ᠠᠪᠴᠢᠷᠠᠵᠤ᠂ ᠵᠦᠩ ᠱᠠᠨ ᠵᠠᠮ᠂ ᠵᠡᠭᠦᠨ ᠠᠶᠠᠨᠴᠢᠳ ᠤᠨ ᠥᠷᠲᠡᠭᠡ | ᠵᠡᠷᠭᠡ ᠭᠤᠣᠯᠳᠠᠯᠭ᠎ᠠ ᠲᠠᠢ ᠬᠤᠳᠠᠯᠳᠤᠭᠠᠨ ᠤ ᠲᠣᠭᠤᠷᠢᠭ ᠤᠨ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠤᠨ᠂ | ᠠᠩᠬᠠᠨ ᠤ ᠳᠡᠯᠭᠡᠭᠦᠷ ᠪᠠ ᠬᠤᠰᠢᠭᠤᠴᠢ ᠳᠡᠯᠭᠡᠭᠦᠷ ᠢ 20 ᠠᠴᠠ ᠳᠡᠭᠡᠭᠰᠢ ᠰᠠᠭᠤᠷᠢᠰᠢᠭᠤᠯᠤᠨ᠎ᠠ ᠃ ᠬᠡᠷᠡᠭᠯᠡᠭᠡᠨ ᠤ | ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠦᠷᠭᠦᠯᠵᠢᠯᠡᠨ ᠠᠬᠢᠭᠤᠯᠵᠤ᠂ ᠵᠠᠬᠢᠶᠠᠯᠠᠭᠰᠠᠨ ᠬᠡᠷᠡᠭᠯᠡᠭᠡ᠂ | ᠣᠶᠤᠨᠴᠢ ᠬᠡᠷᠡᠭᠯᠡᠭᠡ᠂ ᠪᠣᠬᠢᠷᠳᠤᠯ ᠦᠭᠡᠢ ᠬᠡᠷᠡᠭᠯᠡᠭᠡ ᠵᠡᠷᠭᠡ ᠰᠢᠨ᠎ᠡ ᠬᠠᠯᠠᠮ ᠴᠡᠭ ᠢ ᠬᠥᠮᠥᠵᠢᠭᠦᠯᠵᠦ᠂ ᠭᠠᠵᠠᠷ | ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠨᠠᠷᠢᠯᠢᠭ ᠪᠡᠶ᠎ᠡ ᠰᠤᠪᠢᠯᠠᠯᠲᠠ᠂ ᠪᠤᠭᠤᠷᠤᠯᠴᠤᠳ ᠤᠨ ᠠᠵᠤ ᠠᠬᠤᠢ | ᠵᠡᠷᠭᠡ ᠡᠵᠡᠩᠨᠡᠯᠲᠡ ᠶᠢᠨ ᠬᠡᠯᠪᠡᠷᠢ ᠶᠢ ᠪᠠᠶᠢᠷᠢᠰᠢᠭᠤᠯᠵᠤ᠂ ᠣᠷᠣᠨ ᠤ ᠲᠥᠪ ᠬᠤᠲᠠ ᠶᠢᠨ ᠰᠢᠨ᠎ᠡ ᠣᠨ ᠢᠶᠠᠨ | ᠤᠭᠲᠤᠬᠤ᠂ ᠳᠠᠭᠤᠯᠠᠯᠭ᠎ᠠ ᠶᠢᠨ ᠲᠤᠭᠯᠠᠯᠲᠠ ᠶᠢᠨ ᠨᠠᠷᠠᠲᠤ ᠲᠡᠮᠳᠡᠭᠲᠦ ᠶᠢ ᠠᠯᠳᠠᠷᠰᠢᠭᠤᠯᠤᠨ᠎ᠠ᠃ | ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠦᠢᠯᠡᠰ ᠤᠨ ᠬᠠᠤᠯᠢ ᠶᠢᠨ ᠡᠷᠬᠡᠲᠡᠨ᠂ ᠵᠢᠭᠡᠯᠡᠯᠭᠡ᠂ ᠳ᠋ᠦᠩᠨᠡᠨ ᠪᠤᠳᠤᠬᠤ | ᠵᠡᠷᠭᠡ ︽ᠭᠤᠷᠪᠠ ᠶᠢ ᠪᠣᠳᠠᠲᠠᠶᠢᠵᠢᠭᠤᠯᠬᠤ︾ ᠶᠢ ᠭᠦᠨᠵᠡᠭᠡᠢ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ | 140 ᠡᠷᠦᠬᠡ ᠶᠢ ᠳᠠᠪᠠᠭᠤᠯᠵᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 1.2 ᠲᠦᠮᠡᠨ ᠳ᠋ᠦᠩᠰᠢᠭᠤᠷ ᠲᠥᠭᠦᠷᠢᠭ | ᠳᠠᠪᠠᠭᠤᠯᠤᠨ᠎ᠠ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠰᠠᠭᠤᠷᠢ ᠮᠥᠩᠭᠦ᠂ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭ᠎ᠠ ᠶᠢ ᠠᠭᠤᠰᠤᠯᠴᠠᠭᠤᠯᠤᠨ ᠬᠥᠭᠵᠢᠭᠦᠯᠬᠦ ᠰᠠᠭᠤᠷᠢ ᠮᠥᠩᠭᠦ ᠶᠢ ᠵᠣᠬᠢᠶᠠᠨ | ᠪᠠᠶᠢᠭᠤᠯᠵᠤ᠂ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠲᠤᠰᠬᠠᠢ ᠰᠠᠭᠤᠷᠢ ᠮᠥᠩᠭᠦ ᠳᠤ ᠲᠦᠭᠰᠢᠭᠦᠷᠢᠲᠡᠢ ᠪᠡᠯᠡ | ᠣᠷᠣᠭᠤᠯᠤᠯᠲᠠ ᠬᠢᠬᠦ ᠶᠢ ᠳᠡᠮᠵᠢᠵᠦ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠳᠤ ᠰᠲ᠋ᠣᠺ ᠤᠨ ᠪᠡᠯᠡ | ᠣᠷᠣᠭᠤᠯᠤᠯᠲᠠ ᠬᠢᠬᠦ ᠶᠢ ᠵᠣᠷᠢᠭᠵᠢᠭᠤᠯᠤᠨ᠎ᠠ᠃ 2 ᠠᠵᠤ ᠠᠬᠤᠶᠢᠯᠠᠯ ᠵᠠᠬ᠎ᠠ ᠳᠡᠯᠭᠡᠭᠦᠷ ᠲᠤ ᠭᠠᠷᠬᠤ ᠶᠢ ᠢᠳᠡᠪᠬᠢᠲᠡᠢ | ᠠᠬᠢᠭᠤᠯᠵᠤ᠂ ︽ᠲᠡᠭᠷᠢ ᠶᠢᠨ ᠤᠨᠠᠭ᠎ᠠ︾ ᠫᠠᠶᠢᠰᠠ ᠡᠯᠭᠦᠭᠰᠡᠨ ᠠᠵᠤ ᠠᠬᠤᠶᠢᠯᠠᠯ ᠢ ᠰᠢᠨ᠎ᠡ ᠪᠠᠷ 5 ᠨᠡᠮᠡᠭᠳᠡᠭᠦᠯᠵᠦ᠂ | ᠰᠢᠭᠤᠳ ᠪᠡᠯᠡ ᠲᠣᠬᠢᠷᠠᠭᠤᠯᠬᠤ ᠬᠡᠪᠴᠢᠶ᠎ᠡ ᠶᠢ 1600 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ ᠣᠷᠣᠨ | ᠪᠦᠰᠡ ᠶᠢᠨ ᠮᠥᠩᠭᠦᠨ ᠭᠦᠢᠯᠭᠡᠭᠡᠨ ᠤ ᠲᠥᠪ ᠢ ᠪᠠᠶᠢᠭᠤᠯᠤᠨ᠎ᠠ᠃ | ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ︽ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠭᠦᠨᠵᠡᠭᠡᠢ ᠠᠬᠢᠭᠤᠯᠵᠤ᠂ ︽ᠤᠯᠤᠰ ᠤᠨ ᠲᠡᠦᠬᠡ ᠰᠣᠶᠣᠯ ᠤᠨ | ᠨᠠᠷᠠᠲᠤ ᠬᠤᠲᠠ︾ ᠶᠢᠨ ᠨᠠᠷᠠᠲᠤ ᠲᠡᠮᠳᠡᠭᠲᠦ ᠶᠢ ᠰᠠᠶᠢᠲᠤᠷ ᠠᠰᠢᠭᠯᠠᠨ᠂ ︽ᠱᠤᠭᠤᠮᠠᠯ ᠤᠨ ᠬᠤᠲᠠ︾ ᠶᠢᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠳ᠋ᠠ ᠶᠣᠣ ᠶᠢᠨ ᠰᠣᠶᠣᠯ ᠤᠨ ᠪᠠᠭᠤᠷᠢ ᠶᠢᠨ ᠴᠡᠴᠡᠷᠯᠢᠭ᠂ | ᠰᠢᠷᠣᠢ ᠶᠢᠨ ᠬᠤᠲᠠ ᠶᠢᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ᠂ ᠯᠢᠶᠤᠤ ᠤᠯᠤᠰ ᠤᠨ | ᠴᠠᠭᠠᠨ ᠰᠤᠪᠤᠷᠭ᠎ᠠ ᠶᠢᠨ ᠪᠠᠭᠤᠷᠢ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠶᠠᠷᠢᠶᠠᠲᠤ | ᠵᠦᠴᠦᠭᠡ ︽ᠳᠠᠯᠠᠨ ᠬᠠᠷ᠎ᠠ ᠠᠭᠤᠯᠠ︾᠂ ᠪᠥᠵᠢᠭᠲᠦ ᠵᠦᠴᠦᠭᠡ ︽ ᠴᠡᠯᠡᠭᠡᠷ ᠲᠠᠯ᠎ᠠ︾᠂ ᠱᠠᠨ ᠰᠢ ᠵᠦᠴᠦᠭᠡ ︽ᠡᠯᠡᠰᠦᠨ | ᠴᠦᠯ ᠤᠨ ᠬᠠᠪᠤᠷ︾ ᠵᠡᠷᠭᠡ ᠨᠢᠭᠡ ᠪᠦᠯᠦᠭ ᠰᠣᠳᠣᠨ ᠵᠦᠴᠦᠭᠡ ᠶᠢ ᠵᠣᠬᠢᠶᠠᠨ ᠪᠦᠲᠦᠭᠡᠵᠦ ᠰᠢᠯᠢᠳᠡᠭᠵᠢᠭᠦᠯᠦᠨ᠎ᠡ᠃ | ᠯᠣᠤ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ | ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠳᠡᠯᠡᠬᠡᠢ ᠶᠢᠨ ᠭᠠᠵᠠᠷ ᠰᠢᠨᠵᠢᠯᠡᠭᠡᠨ ᠤ | ᠴᠡᠴᠡᠷᠯᠢᠭ ᠢᠶᠠᠷ ᠮᠡᠳᠡᠭᠦᠯᠦᠨ ᠭᠤᠶᠤᠴᠢᠯᠠᠬᠤ ᠠᠵᠢᠯ ᠢ ᠡᠬᠢᠯᠡᠭᠦᠯᠦᠨ᠎ᠡ᠃ ᠬᠦᠬᠡᠬᠤᠲᠠ ᠬᠠᠷᠠᠴᠢᠨ ᠤ ᠲᠡᠮᠦᠷ ᠵᠠᠮ ᠤᠨ | ᠰᠡᠯᠡᠭᠦᠴᠡᠨ ᠵᠤᠭᠠᠴᠠᠬᠤ ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠶᠦᠨ ᠵᠦᠩ ᠱᠧᠩ ᠯᠧ | ᠠᠮᠠᠷᠠᠯᠲᠠ ᠶᠢᠨ ᠣᠷᠣᠨ ᠤ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠢᠯᠢ ᠲᠠᠯ᠎ᠠ ᠨᠤᠲᠤᠭ ᠤᠨ ᠰᠦᠨ | ᠰᠣᠶᠣᠯ ᠤᠨ ᠦᠵᠡᠮᠵᠢ ᠶᠢᠨ ᠣᠷᠣᠨ ᠢ ᠤᠯᠤᠰ ᠤᠨ 5A ᠳᠡᠰ ᠤᠨ ᠠᠵᠤ ᠦᠢᠯᠡᠳᠪᠦᠷᠢ ᠶᠢᠨ ᠵᠤᠭᠠᠴᠠᠯ ᠤᠨ | ᠦᠵᠡᠮᠵᠢ ᠶᠢᠨ ᠣᠷᠣᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠱᠧᠩ ᠱᠦᠢ ᠯᠢᠶᠠᠩ ᠵᠤᠭᠠᠴᠠᠯ ᠤᠨ | ᠣᠷᠣᠨ ᠢ ᠪᠦᠬᠦ ᠲᠠᠯ᠎ᠠ ᠪᠠᠷ ᠨᠡᠭᠡᠭᠡᠵᠦ᠂ ᠬᠠᠳᠠᠲᠤ ᠬᠠᠭᠠᠯᠭ᠎ᠠ᠂ ᠯᠧ ᠮᠦ ᠱᠠᠨ ᠵᠡᠷᠭᠡ 16 ᠳᠠᠯᠠᠨ ᠬᠠᠷ᠎ᠠ ᠠᠭᠤᠯᠠ ᠶᠢᠨ | ᠰᠡᠯᠡᠭᠦᠴᠡᠯ ᠤᠨ ᠭᠠᠵᠠᠷ ᠢ ᠠᠯᠬᠤᠮ ᠠᠯᠬᠤᠮ ᠢᠶᠠᠷ ᠨᠡᠭᠡᠭᠡᠵᠦ᠂ ᠠᠷᠲᠠᠢ ᠵᠤᠭᠠᠴᠠᠯ ᠤᠨ ᠲᠠᠯᠠᠪᠠᠢ᠂ ᠨᠠᠨ ᠬᠤ᠋ ᠨᠠᠭᠤᠷ ᠤᠨ | ᠨᠤᠭᠤ ᠭᠠᠵᠠᠷ ᠤᠨ ᠴᠡᠴᠡᠷᠯᠢᠭ ᠵᠡᠷᠭᠡ ᠶᠢᠨ ᠴᠢᠳᠠᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠵᠠᠩᠭᠢ ᠶᠢᠨ ᠠᠶᠢᠯ᠂ | ᠤᠰᠤᠨ ᠲᠡᠭᠡᠷᠡᠮ᠎ᠡ ᠲᠣᠰᠬᠤᠨ᠂ ᠮᠤᠨᠢ ᠠᠭᠤᠯᠠ᠂ ᠤᠰᠤᠲᠤ ᠵᠡᠭᠦᠨ ᠪᠠᠷᠠᠭᠤᠨ ᠲᠣᠰᠬᠤᠨ ᠵᠡᠷᠭᠡ ᠣᠨᠴᠠᠯᠢᠭᠲᠤ ᠵᠢᠵᠢᠭ | ᠪᠠᠯᠭᠠᠰᠤᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠣᠷᠣᠨ ᠤ ᠲᠥᠪ ᠬᠤᠲᠠ ᠶᠢ ᠤᠯᠠᠨ ᠤ | ᠦᠵᠡᠵᠦ ᠲᠣᠭᠤᠷᠢᠬᠤ ᠬᠦᠰᠡᠯᠲᠡᠢ ᠵᠣᠷᠢᠯᠲᠠ ᠭᠠᠵᠠᠷ ᠪᠣᠯᠭᠠᠨ᠎ᠠ᠃ ᠭᠠᠳᠠᠭᠠᠳᠤ ᠠᠷᠠᠯᠵᠢᠶᠠᠨ ᠤ ᠶᠠᠰᠤ ᠴᠢᠨᠠᠷ ᠢ | ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠲᠦᠷᠭᠡᠳᠬᠡᠨ᠎ᠡ᠃ ︽ᠣᠷᠣᠨ ᠪᠦᠰᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ᠂ ᠮᠢᠩ ᠫᠢᠨ ᠹᠦ᠋ ᠲᠠᠷᠢᠶᠠᠯᠠᠩ ᠤᠨ ᠪᠦᠲᠦᠭᠡᠭᠳᠡᠬᠦᠨ ᠤ | ᠬᠦᠢᠲᠡᠨ ᠬᠡᠯᠬᠢᠶᠡᠲᠦ ᠪᠠᠷᠠᠭᠠᠨ ᠭᠦᠢᠯᠭᠡᠭᠡᠨ ᠤ ᠰᠠᠭᠤᠷᠢᠨ ᠭᠠᠵᠠᠷ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ | ᠣᠷᠣᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠬᠤᠯᠪᠣᠭ᠎ᠠ ᠶᠢᠨ ᠣᠯᠠᠨ ᠤᠯᠤᠰ ᠤᠨ ᠬᠦᠢᠲᠡᠨ ᠬᠡᠯᠬᠢᠶᠡᠲᠦ | ᠪᠠᠷᠠᠭᠠᠨ ᠭᠦᠢᠯᠭᠡᠭᠡᠨ ᠤ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ | ᠪᠠᠶᠢᠭᠤᠯᠵᠤ᠂ ᠵᠢᠶᠠ ᠵᠢᠶᠠ ᠶᠤᠸᠠᠢ ᠬᠦᠢᠲᠡᠨ ᠬᠡᠯᠬᠢᠶᠡᠲᠦ ᠪᠠᠷᠠᠭᠠᠨ ᠭᠦᠢᠯᠭᠡᠭᠡᠨ ᠤ ᠲᠥᠷᠥᠯ ᠵᠦᠢᠯ ᠢ ᠠᠵᠢᠯ | ᠡᠬᠢᠯᠡᠭᠦᠯᠦᠨ ᠪᠠᠶᠢᠭᠤᠯᠵᠤ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠴᠣᠭᠴᠠᠯᠠᠨ᠎ᠠ᠃ ᠠᠭᠠᠷ ᠤᠨ | ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠢᠰᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ | ᠦᠢᠯᠡᠰ ᠤᠨ ᠬᠦᠷᠢᠶᠡᠯᠡᠩ᠂ ᠪᠣᠭᠤᠮᠲᠠ ᠶᠢᠨ ᠬᠢᠨᠠᠨ ᠬᠠᠮᠢᠶᠠᠷᠬᠤ ᠠᠵᠢᠯ ᠤᠨ ᠲᠠᠯᠠᠪᠤᠷ ᠢ ᠲᠥᠯᠥᠪᠵᠢᠭᠦᠯᠦᠨ | ᠪᠠᠶᠢᠭᠤᠯᠵᠤ᠂ ᠤᠮᠠᠷᠠᠲᠤ ᠬᠢᠯᠢ ᠶᠢᠨ ᠣᠯᠠᠨ ᠤᠯᠤᠰ ᠤᠨ ᠬᠦᠢᠰᠦ ᠭᠠᠷᠠᠮ ᠢ ᠪᠠᠶᠢᠭᠤᠯᠤᠨ᠎ᠠ᠃ ︽ᠲᠢᠶᠠᠨᠵᠢᠨ ︵ᠴᠢᠨ | ᠬᠤᠸᠠᠩ ᠳ᠋ᠣᠣ︶ -ᠬᠥᠬᠡᠬᠤᠲᠠ- ᠦᠷᠦᠮᠴᠢ︾ ᠶᠢᠨ ᠬᠦᠬᠡᠬᠤᠲᠠ ᠳᠠᠬᠢ ᠬᠤᠪᠢᠶᠠᠨ ᠰᠠᠯᠭᠠᠬᠤ ᠲᠥᠪ ᠢ ᠪᠠᠶᠢᠭᠤᠯᠵᠤ᠂ | ᠠᠯᠠᠭ ᠠᠭᠤᠯᠠ ᠶᠢᠨ ᠠᠮᠠ᠂ ᠬᠤᠷᠭᠤᠰ ᠪᠠ ᠡᠷᠢᠶᠡᠨ ᠬᠤᠲᠠ ᠵᠡᠷᠭᠡ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠣᠯᠠᠨ ᠤᠯᠤᠰ ᠤᠨ ᠬᠤᠯᠪᠤᠭᠠᠯᠠᠨ ᠲᠡᠭᠡᠭᠡᠪᠦᠷᠢᠯᠡᠬᠦ ᠵᠠᠮ ᠢ ᠨᠡᠭᠡᠭᠡᠨ᠎ᠡ᠃ ᠳᠤᠮᠳᠠᠳᠤ ᠡᠸᠦ᠋ᠷᠦᠫᠡ ᠶᠢᠨ | ᠵᠢᠰᠢᠶᠠᠨ ᠤ ᠭᠠᠯᠲᠤ ᠲᠡᠷᠭᠡ ᠶᠢ ᠲᠥᠪᠯᠡᠷᠡᠭᠦᠯᠵᠦ ᠲᠠᠷᠬᠠᠭᠠᠬᠤ ᠲᠥᠪ᠂ ᠤᠯᠠᠨ ᠬᠡᠯᠪᠡᠷᠢ ᠶᠢᠨ ᠬᠠᠮᠲᠤᠷᠠᠭᠰᠠᠨ | ᠲᠡᠭᠡᠭᠡᠪᠦᠷᠢ ᠶᠢᠨ ᠬᠦᠢᠰᠦ ᠲᠥᠪ ᠢ ᠲᠦᠷᠭᠡᠳᠬᠡᠨ ᠪᠠᠶᠢᠭᠤᠯᠵᠤ᠂ JSQ ᠵᠢᠰᠢᠶᠠᠨ ᠤ ᠭᠠᠯᠲᠤ ᠲᠡᠷᠭᠡ ᠶᠢᠨ | ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠢ ᠪᠠᠶᠢᠭᠤᠯᠵᠤ᠂ ᠳᠤᠮᠳᠠᠳᠤ ᠡᠸᠦ᠋ᠷᠦᠫᠡ ᠳᠤᠮᠳᠠᠳᠤ ᠠᠽᠢᠶ᠎ᠠ ᠶᠢᠨ | ᠵᠢᠰᠢᠶᠠᠨ ᠤ ᠭᠠᠯᠲᠤ ᠲᠡᠷᠭᠡ ᠶᠢ 150 ᠴᠤᠪᠤᠭ᠎ᠠ ᠠᠴᠠ ᠳᠡᠭᠡᠭᠰᠢ ᠲᠡᠭᠡᠭᠡᠪᠦᠷᠢᠯᠡᠨ ᠶᠠᠪᠤᠭᠤᠯᠤᠨ᠎ᠠ᠃ | ︵ᠭᠤᠷᠪᠠ︶ ᠲᠥᠪ ᠬᠤᠲᠠ ᠶᠢᠨ ᠡᠨᠧᠷᠭᠢ ᠶᠢᠨ ᠳᠡᠰ ᠢ ᠪᠠᠬᠢᠵᠢᠭᠦᠯᠦᠨ ᠳᠡᠭᠡᠭᠰᠢᠯᠡᠭᠦᠯᠦᠨ᠎ᠡ | ᠬᠤᠲᠠ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠎ᠡ᠃ | ︽ᠭᠤᠷᠪᠠᠨ ᠳᠡᠰ ᠭᠤᠷᠪᠠᠨ ᠲᠦᠷᠦᠯ︾ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ︽ᠲᠥᠷᠥᠯ ᠵᠦᠢᠯ ᠤᠨ ᠨᠠᠷᠢᠨ ᠬᠠᠭᠤᠳᠠᠰᠤ ︾ | ︽ᠰᠠᠭᠤᠷᠢ ᠭᠦᠢᠴᠡᠳᠬᠡᠯ ᠲᠤᠭ᠎ᠠ︾ ︽ᠨᠡᠮᠡᠭᠳᠡᠬᠦ ᠨᠥᠭᠡᠴᠡᠯᠡᠬᠦ ᠶᠢ ᠬᠤᠯᠪᠣᠭᠳᠠᠭᠤᠯᠬᠤ︾ ᠭᠠᠵᠠᠷ ᠰᠢᠷᠣᠢ ᠶᠢᠨ | ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ ᠬᠡᠷᠡᠭᠯᠡᠬᠦ ᠭᠠᠵᠠᠷ ᠢ ᠳᠠᠪᠠᠭᠤᠯᠢᠭ ᠲᠠᠢ | ᠭᠠᠵᠠᠷ ᠣᠷᠣᠨ ᠤ ᠲᠥᠷᠥᠯ ᠵᠦᠢᠯ ᠲᠥᠪᠯᠡᠷᠡᠭᠰᠡᠨ ᠭᠠᠵᠠᠷ ᠲᠡᠶᠢᠰᠢ ᠬᠡᠯᠪᠡᠶᠢᠯᠭᠡᠨ᠎ᠡ᠃ ︽ᠨᠢᠭᠡᠴᠢ ᠶᠢᠨ ᠡᠵᠡᠮᠳᠡᠯ ᠤᠨ | ᠲᠥᠯᠥᠪᠵᠢᠭᠦᠯᠭᠡ+ᠬᠡᠷᠡᠭᠵᠢᠭᠦᠯᠬᠦ ᠲᠥᠰᠥᠯ︾ ᠤᠨ ᠲᠥᠯᠦᠪᠵᠢᠭᠦᠯᠭᠡ ᠬᠠᠮᠢᠶᠠᠷᠤᠯᠲᠠ ᠶᠢᠨ ᠵᠠᠭᠪᠤᠷ ᠢ ᠲᠦᠷᠦᠭᠦᠯᠡᠨ | ᠬᠡᠷᠡᠭᠵᠢᠭᠦᠯᠵᠦ᠂ ᠲᠥᠪ ᠬᠤᠲᠠ ᠶᠢᠨ ᠲᠣᠭᠤᠷᠢᠭ ᠤᠨ 40 ᠲᠡᠭᠰᠢ ᠳᠥᠷᠪᠡᠯᠵᠢᠨ ᠺᠢᠯᠣᠮᠧᠲᠷ ᠤᠨ ᠨᠢᠭᠡᠴᠢ ᠶᠢᠨ | ᠡᠵᠡᠮᠳᠡᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠵᠠᠮ ᠬᠠᠷᠢᠯᠴᠠᠭ᠎ᠠ ᠶᠢ ᠰᠢᠯᠢᠳᠡᠭᠵᠢᠭᠦᠯᠦᠨ | ᠳᠡᠭᠡᠭᠰᠢᠯᠡᠭᠦᠯᠬᠦ᠂ ᠡᠩ ᠤᠨ ᠪᠠ ᠪᠠᠴᠢᠮ ᠪᠠᠶᠢᠳᠠᠯ ᠳᠤ ᠬᠡᠷᠡᠭᠯᠡᠬᠦ ᠣᠯᠠᠨ ᠨᠡᠶᠢᠲᠡ ᠶᠢᠨ ᠪᠡᠯᠡᠳᠬᠡᠮᠵᠢ ᠶᠢᠨ | ᠪᠠᠶᠢᠷᠢᠰᠢᠭᠤᠯᠤᠯᠲᠠ ᠵᠡᠷᠭᠡ ᠲᠤᠰᠬᠠᠢ ᠲᠥᠯᠦᠪᠵᠢᠭᠦᠯᠭᠡ ᠶᠢᠨ ᠰᠤᠳᠤᠯᠭᠠᠨ ᠢ ᠥᠷᠨᠢᠭᠦᠯᠵᠦ᠂ ᠵᠡᠭᠦᠨ ᠬᠡᠰᠡᠭ ᠤᠨ | ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠢ ᠲᠣᠭᠤᠷᠢᠭᠰᠠᠨ ᠠᠮᠢ ᠠᠬᠤᠢ ᠶᠢᠨ ᠣᠷᠣᠰᠢᠨ ᠰᠠᠭᠤᠬᠤ ᠳᠤ | ᠲᠣᠬᠢᠷᠠᠮᠵᠢᠲᠠᠢ ᠣᠷᠣᠨ ᠢ ᠥᠨᠳᠥᠷ ᠲᠦᠪᠰᠢᠨ ᠢᠶᠠᠷ ᠲᠥᠯᠥᠪᠵᠢᠭᠦᠯᠦᠨ᠎ᠡ᠃ | ᠣᠷᠣᠨ ᠤ ᠲᠥᠪ ᠬᠤᠲᠠ ᠶᠢᠨ ᠨᠥᠯᠥᠭᠡᠯᠡᠬᠦ ᠴᠢᠳᠠᠪᠤᠷᠢ ᠶᠢ ᠴᠢᠩᠭᠠᠳᠬᠠᠨ᠎ᠠ᠃ ᠱᠧᠩ ᠯᠧ ᠣᠯᠠᠨ | ᠤᠯᠤᠰ ᠤᠨ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ ᠠᠶᠠᠯᠠᠯ ᠨᠠᠪᠲᠠᠷᠡᠭᠦᠯᠵᠦ᠂ ᠲᠡᠷᠢᠭᠦᠨ ᠤ ᠪᠠᠷᠢᠮᠵᠢᠶ᠎ᠠ | ᠶᠣᠰᠣᠭᠠᠷ ᠪᠣᠬᠢᠷᠲᠤᠯ ᠦᠭᠡᠢ ᠳᠣᠣᠷ᠎ᠠ ᠨᠡᠭᠦᠷᠡᠰᠦᠳᠦᠷᠦᠭᠴᠢᠲᠦ ᠣᠯᠠᠨ ᠤᠯᠤᠰ ᠤᠨ ᠨᠢᠰᠬᠡᠯ ᠤᠨ ᠪᠠᠭᠤᠳᠠᠯ ᠢ | ᠪᠠᠶᠢᠭᠤᠯᠵᠤ᠂ ᠱᠧᠩ ᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠲᠠᠪᠤᠳᠤᠭᠠᠷ ᠠᠶᠠᠯᠠᠯ ᠤᠨ ᠡᠷᠬᠡ ᠶᠢ | ᠴᠢᠷᠮᠠᠶᠢᠨ ᠣᠯᠵᠤ᠂ ᠣᠷᠣᠨ ᠤ ᠲᠥᠪ ᠬᠤᠲᠠ ᠶᠢᠨ ᠭᠠᠳᠠᠭᠠᠳᠤ ᠲᠠᠢ ᠨᠡᠪᠲᠡᠷᠡᠬᠦ ᠰᠢᠨ᠎ᠡ ᠵᠠᠮ ᠢ ᠪᠥᠬᠦ ᠲᠠᠯ᠎ᠠ ᠪᠠᠷ | ᠨᠡᠭᠡᠭᠡᠨ᠎ᠡ᠃ ᠬᠥᠬᠡᠬᠤᠲᠠ ᠪᠤᠭᠤᠲᠤ ᠶᠢᠨ ᠲᠦᠷᠭᠡᠨ ᠤ ᠲᠡᠮᠦᠷ ᠵᠠᠮ᠂ ᠬᠥᠬᠡᠬᠤᠲᠠ ᠣᠷᠳᠣᠰ ᠤᠨ ᠬᠤᠲᠠ ᠶᠢᠨ | ᠬᠤᠭᠤᠷᠣᠨᠳᠣᠬᠢ ᠲᠡᠮᠦᠷ ᠵᠠᠮ ᠤᠨ ᠲᠥᠷᠥᠯ ᠵᠦᠢᠯ ᠢ ᠤᠯᠤᠰ ᠤᠨ ᠲᠥᠯᠦᠪᠵᠢᠭᠦᠯᠭᠡ ᠳᠤ ᠣᠷᠣᠭᠤᠯᠬᠤ ᠪᠠᠷ | ᠴᠢᠷᠮᠠᠶᠢᠵᠤ᠂ S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S29 ᠬᠥᠬᠡᠬᠤᠲᠠ ᠯᠢᠶᠡᠩᠴᠧᠩ ᠤᠨ | ᠲᠦᠷᠭᠡᠨ ᠤ ᠵᠠᠮ᠂ S311 ᠦᠴᠦᠸᠠᠨ ᠠᠴᠠ ᠶᠠᠩ ᠱᠤ᠋ ᠪᠠ ᠬᠦᠷᠬᠦ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ | ᠲᠡᠷᠭᠡ ᠨᠡᠪᠲᠡᠷᠡᠭᠦᠯᠬᠦ ᠪᠠᠷ ᠴᠢᠷᠮᠠᠶᠢᠨ᠎ᠠ᠂ S27 ᠬᠥᠬᠡᠬᠤᠲᠠ ᠣᠷᠳᠣᠰ ᠤᠨ ᠲᠦᠷᠭᠡᠨ ᠤ ᠵᠠᠮ ᠢ ᠠᠵᠢᠯ ᠡᠬᠢᠯᠡᠭᠦᠯᠦᠨ | ᠪᠠᠶᠢᠭᠤᠯᠵᠤ᠂ ᠰᠢᠨ᠎ᠡ ᠨᠢᠰᠬᠡᠯ ᠤᠨ ᠪᠠᠭᠤᠳᠠᠯ ᠤᠨ ᠡᠷᠬᠢᠨ ᠲᠣᠭᠤᠷᠢᠨ ᠤ ᠵᠠᠮ ᠤᠨ ᠲᠣᠣᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ︾ ᠢ ᠨᠢᠭᠡ ᠴᠣᠭᠴᠠᠵᠢᠭᠤᠯᠬᠤ | ᠠᠬᠢᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠬᠡᠬᠤᠲᠠ ᠪᠤᠭᠤᠲᠤ ᠶᠢᠨ ︽ᠨᠢᠭᠡ ᠬᠤᠲᠠᠴᠢᠯᠠᠬᠤ︾ ᠬᠠᠮᠵᠢᠯᠴᠠᠬᠤ | ᠬᠡᠪᠴᠢᠶ᠎ᠡ ᠶᠢ ᠥᠷᠭᠡᠳᠬᠡᠨ᠂ ᠬᠥᠬᠡᠬᠤᠲᠠ ᠶᠢᠨ ᠬᠤᠲᠠ ᠶᠢᠨ ᠴᠠᠭᠠᠷᠢᠭ ᠢ ᠤᠯᠤᠰ ᠤᠨ ᠲᠥᠯᠦᠪᠵᠢᠭᠦᠯᠭᠡ ᠳᠤ | ᠣᠷᠣᠭᠤᠯᠬᠤ ᠶᠢ ᠠᠬᠢᠭᠤᠯᠵᠤ᠂ ᠣᠷᠣᠨ ᠤ ᠲᠥᠪ ᠬᠤᠲᠠ ᠶᠢ ᠦᠨᠡᠨ ᠬᠦ ᠣᠷᠣᠨ ᠪᠦᠰᠡ ᠶᠢ ᠬᠥᠲᠥᠯᠥᠨ | ᠳᠠᠭᠠᠭᠤᠯᠤᠭᠰᠠᠨ᠂ ᠡᠷᠬᠢᠨ ᠲᠣᠭᠤᠷᠢᠨ ᠢ ᠨᠥᠯᠥᠭᠡᠯᠡᠭᠰᠡᠨ ︽ᠪᠥᠬᠦ ᠤᠯᠤᠰ ᠤᠨ ᠴᠢᠨᠠᠷᠲᠠᠢ ᠶᠡᠷᠦᠩᠬᠡᠶᠢᠯᠡᠭᠰᠡᠨ ᠵᠠᠮ | ᠬᠠᠷᠢᠯᠴᠠᠭᠠᠨ ᠤ ᠬᠦᠢᠰᠦ ᠬᠤᠲᠠ︾ ᠪᠣᠯᠭᠠᠨ᠎ᠠ᠃ | ᠬᠤᠲᠠ ᠶᠢᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠵᠣᠣ ᠤᠳᠠ ᠥᠨᠳᠥᠷ ᠵᠠᠮ ᠪᠠ ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠬᠠᠷᠢᠯᠴᠠᠨ | ᠨᠡᠪᠲᠡᠷᠡᠯᠴᠡᠬᠦ ᠵᠥᠷᠢᠯᠢᠭ᠂ ᠴᠢᠩᠭᠢᠰ ᠬᠠᠭᠠᠨ ᠶᠡᠭᠡ ᠵᠡᠭᠡᠯᠢ ᠶᠢᠨ ᠵᠡᠭᠦᠨᠰᠢ ᠤᠷᠲᠤᠳᠬᠠᠬᠤ ᠬᠡᠰᠡᠭ᠂ ᠶᠢᠨ ᠬᠠᠩ ᠶᠡᠭᠡ | ᠵᠠᠮ᠂ ᠶᠦᠨ ᠭᠠᠩ ᠶᠡᠭᠡ ᠵᠡᠭᠡᠯᠢ ᠵᠡᠷᠭᠡ ᠬᠥᠭᠦᠷᠭᠡ ᠵᠠᠮ ᠤᠨ ᠢᠨᠵᠧᠨᠧᠷᠢᠩ ᠢ ᠪᠦᠲᠦᠭᠡᠨ ᠪᠠᠶᠢᠭᠤᠯᠵᠤ᠂ ᠣᠯᠠᠨ | ᠲᠦᠮᠡᠨ ᠤ ᠤᠷᠠᠯᠢᠭ ᠤᠨ ᠣᠷᠳᠣᠨ ᠤ ᠪᠠᠷᠠᠭᠤᠨ ᠭᠤᠳᠤᠮᠵᠢ᠂ ᠾᠦᠢ ᠮᠢᠨ ᠵᠡᠭᠡᠯᠢ ᠵᠡᠷᠭᠡ 19 ︽ᠮᠤᠬᠤᠷ ᠵᠠᠮ︾ ᠢ | ᠨᠠᠪᠲᠠᠷᠡᠭᠦᠯᠵᠦ᠂ ︽ᠵᠠᠯᠠᠭᠤᠴᠤᠳ ᠤᠨ ᠨᠡᠶᠢᠭᠡᠮ ᠲᠣᠭᠤᠷᠢᠭ︾᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠵᠡᠷᠭᠡ | ᠬᠡᠰᠡᠭ ᠣᠷᠣᠨ ᠤ ᠬᠤᠲᠠ ᠶᠢᠨ ᠶᠠᠪᠤᠳᠠᠯ ᠤᠨ ᠵᠠᠮ ᠢ ᠲᠡᠭᠦᠯᠳᠡᠷᠵᠢᠭᠦᠯᠦᠨ᠎ᠡ᠃ ︽ᠬᠠᠯᠠᠭᠤᠨ ᠳᠤᠯᠠᠭᠠᠨ ᠤ ᠢᠨᠵᠧᠨᠧᠷᠢᠩ︾ | ᠤᠨ 2.0 ᠳ᠋ᠤᠭᠠᠷ ᠬᠡᠪ ᠢ ᠬᠡᠷᠡᠭᠵᠢᠭᠦᠯᠵᠦ᠂ ︽ᠪᠠᠷᠠᠭᠤᠨ ᠤ ᠢᠯᠴᠢ ᠶᠢ ᠵᠡᠭᠦᠨᠰᠢ ᠬᠦᠷᠭᠡᠬᠦ︾ ᠢᠨᠵᠧᠨᠧᠷᠢᠩ ᠢ | ᠡᠬᠢᠯᠡᠭᠦᠯᠵᠦ᠂ ᠵᠡᠭᠦᠨ ᠬᠤᠶᠢᠲᠤ ᠬᠡᠰᠡᠭ ᠤᠨ ᠢᠯᠴᠢ ᠬᠦᠷᠦᠯᠴᠡᠬᠦ ᠦᠭᠡᠢ ᠠᠰᠠᠭᠤᠳᠠᠯ ᠢ ᠰᠢᠢᠳᠪᠦᠷᠢᠯᠡᠨ᠎ᠡ᠃ 59.5 | ᠺᠢᠯᠣᠮᠧᠲᠷ ᠤᠨ ᠬᠠᠭᠤᠴᠢᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠨ᠎ᠡ᠃ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠪᠡᠶ᠎ᠡ ᠪᠠᠨ ᠳᠠᠭᠠᠭᠠᠵᠤ ᠰᠢᠨᠡᠴᠢᠯᠡᠬᠦ ᠲᠣᠭᠲᠠᠴᠠ ᠶᠢ ᠬᠠᠶᠢᠨ | ᠰᠦᠪᠡᠭᠴᠢᠯᠡᠵᠦ᠂ 272 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ | ᠬᠡᠷᠡᠭᠵᠢᠭᠦᠯᠵᠦ᠂ 460 ᠰᠠᠭᠤᠭᠠᠯᠢ ᠲᠣᠭᠤᠷᠢᠭ ᠤᠨ ︽ᠤᠤᠭᠤᠬᠤ ᠤᠰᠤᠨ ᠤ ᠬᠦᠴᠢᠷᠳᠡᠯ︾᠂ 467 ᠰᠠᠭᠤᠭᠠᠯᠢ | ᠲᠣᠭᠤᠷᠢᠭ ᠤᠨ ᠬᠤᠭᠤᠯᠠᠢ ᠶᠢᠨ ᠲᠣᠣᠷ ᠤᠨ ᠪᠣᠷᠣᠭᠠᠨ ᠤ ᠤᠰᠤ ᠪᠠ ᠪᠣᠬᠢᠷ ᠤᠰᠤ ᠶᠢ ᠬᠤᠯᠢᠯᠳᠤᠭᠤᠯᠤᠨ ᠵᠠᠯᠭᠠᠬᠤ | ᠠᠰᠠᠭᠤᠳᠠᠯ ᠢ ᠰᠢᠢᠳᠪᠦᠷᠢᠯᠡᠨ᠎ᠡ᠃ ᠬᠤᠲᠠ ᠶᠢᠨ ᠨᠣᠭᠤᠭᠠᠷᠠᠭᠤᠯᠤᠯᠲᠠ ᠶᠢᠨ ᠵᠠᠮ ᠢ 200 ᠺᠢᠯᠣᠮᠧᠲᠷ ᠠᠴᠠ ᠳᠡᠭᠡᠭᠰᠢ᠂ | ᠴᠡᠴᠡᠷᠯᠢᠭ ᠵᠤᠭᠠᠴᠠᠯ ᠤᠨ ᠬᠦᠷᠢᠶᠡᠯᠡᠩ ᠢ 200 ᠠᠴᠠ ᠳᠡᠭᠡᠭᠰᠢ ᠬᠠᠮᠠᠭᠠᠯᠠᠨ ᠳᠡᠭᠡᠭᠰᠢᠯᠡᠭᠦᠯᠵᠦ᠂ ᠣᠷᠣᠨ ᠤ ᠲᠥᠪ | ᠬᠤᠲᠠ ᠶᠢᠨ ᠣᠯᠠᠨ ᠲᠦᠮᠡᠨ ᠤ ᠠᠮᠢᠳᠤᠷᠠᠯ ᠳᠤ ᠲᠠᠰᠤᠷᠠᠯᠲᠠ ᠦᠭᠡᠢ ᠰᠢᠨ᠎ᠡ ᠥᠩᠭᠡ ᠪᠤᠳᠤᠭ ᠨᠡᠮᠡᠷᠢᠯᠡᠨ᠎ᠡ᠃ | ᠬᠤᠲᠠ ᠶᠢᠨ ᠣᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠦᠨ᠎ᠡ᠃ | ᠬᠤᠲᠠ ᠶᠢᠨ ᠶᠡᠭᠡ ᠲᠠᠷᠢᠬᠢ 4.0 ᠳ᠋ᠦ᠋ᠭᠡᠷ ᠬᠡᠪ ᠶᠢ ᠲᠠᠰ ᠳᠡᠪᠰᠢᠭᠦᠯᠵᠦ᠂ AI ᠣᠶᠤᠨᠴᠢ ᠮᠡᠷᠭᠡᠵᠢᠯ ᠤᠨ ᠬᠤᠲᠠ ᠶᠢᠨ | ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡ᠂ ᠬᠤᠲᠠ ᠶᠢᠨ ᠠᠵᠢᠯᠯᠠᠭᠠᠨ ᠤ ᠪᠠᠲᠤᠯᠠᠭ᠎ᠠ ᠵᠡᠷᠭᠡ ᠲᠠᠯ᠎ᠠ ᠳᠠᠬᠢ | ᠬᠡᠷᠡᠭᠯᠡᠯᠲᠡ ᠶᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠲᠣᠭᠠᠴᠢᠯᠠᠭᠰᠠᠨ ᠣᠶᠤᠨᠴᠢ ᠲᠠᠪᠴᠠᠩ ᠢ ᠲᠠᠲᠠᠨ ᠣᠷᠣᠭᠤᠯᠵᠤ᠂ ᠪᠥᠬᠦ ᠶᠠᠪᠤᠴᠠ ᠶᠢᠨ | ᠢᠯᠡ ᠬᠠᠮᠢᠶᠠᠷᠤᠯᠲᠠ ᠪᠠ ᠲᠦᠭᠰᠢᠭᠦᠷᠢ ᠶᠢ ᠡᠵᠡᠮᠳᠡᠨ ᠰᠡᠷᠭᠡᠶᠢᠯᠡᠬᠦ ᠶᠢ ᠪᠡᠶᠡᠯᠡᠭᠦᠯᠦᠨ᠎ᠡ᠃ 12345 ᠵᠠᠭᠠᠯᠳᠤᠯᠭ᠎ᠠ ᠶᠢ | ᠭᠥᠯᠢᠶᠡᠨ ᠠᠪᠤᠭᠰᠠᠨ ᠳᠠᠷᠤᠢ ᠭᠦᠢᠴᠡᠳᠬᠡᠬᠦ᠂ ︽ᠡᠵᠡᠩᠨᠡᠬᠦ ᠬᠠᠮᠢᠶᠠᠷᠬᠤ ᠦᠢᠯᠡᠴᠢᠯᠡᠬᠦ︾ ᠲᠠᠪᠴᠠᠩ ᠪᠠ ᠬᠤᠳᠠ ᠶᠢᠨ | ᠶᠡᠭᠡ ᠲᠠᠷᠢᠬᠢ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ | ᠶᠢ ᠲᠦᠷᠭᠡᠳᠬᠡᠨ ᠪᠡᠶᠡᠯᠡᠭᠦᠯᠵᠦ᠂ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠳᠤ ᠰᠢᠰᠲ᠋ᠧᠮᠲᠦ ᠲᠤᠯᠭᠠᠭᠤᠷᠢᠯᠠᠯ | ᠬᠠᠩᠭᠠᠨ᠎ᠠ᠃ | ︵ᠳᠥᠷᠪᠡ︶ ᠬᠥᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ ᠶᠢ ᠬᠦᠴᠦᠲᠡᠢ ᠪᠠᠬᠢᠵᠢᠭᠦᠯᠦᠨ᠎ᠡ | ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠤᠨ᠎ᠠ᠃ ᠠᠮᠤ ᠪᠤᠳᠠᠭᠠᠨ ᠤ ᠲᠠᠷᠢᠶᠠᠨ ᠲᠠᠯᠠᠪᠠᠶ ᠶᠢ | 500 ᠲᠦᠮᠡᠨ ᠮᠦ ᠠᠴᠠ ᠳᠡᠭᠡᠭᠰᠢ ᠲᠣᠭᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 31 | ᠲᠦᠮᠡᠨ ᠮᠦ ᠰᠢᠨ᠎ᠡ ᠪᠠᠷ ᠪᠠᠶᠢᠭᠤᠯᠤᠨ᠎ᠠ᠃ ︽ᠢᠳᠡᠰᠢᠨ ᠨᠣᠭᠤᠭ᠎ᠠ︾ ᠶᠢᠨ ᠢᠨᠵᠧᠨᠧᠷᠢᠩ ᠢ ᠭᠦᠨᠵᠡᠭᠡᠢ ᠠᠬᠢᠭᠤᠯᠵᠤ᠂ | ᠪᠡᠯᠡᠳᠬᠡᠮᠵᠢᠲᠦ ᠲᠠᠷᠢᠶᠠᠯᠠᠩ ᠢ 1.1 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ 4300 ᠮᠦ ᠥᠭᠡᠷᠡᠴᠢᠯᠡᠨ | ᠳᠡᠭᠡᠭᠰᠢᠯᠡᠭᠦᠯᠦᠨ᠎ᠡ᠃ ᠲᠣᠭᠲᠠᠬᠤ ᠰᠢᠶᠠᠨ᠂ ᠲᠦᠮᠡᠳ ᠵᠡᠭᠦᠨ ᠬᠤᠰᠢᠭᠤᠨ ᠳᠤ ᠬᠤᠵᠢᠷᠯᠢᠭ ᠭᠠᠵᠠᠷ ᠢ ᠶᠡᠷᠦᠩᠬᠡᠶᠢᠯᠡᠨ | ᠠᠰᠢᠭᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠦᠨ᠎ᠡ᠃ 70 70ᠲᠦᠮᠡᠨ ᠮᠦ ᠲᠠᠷᠢᠶᠠᠨ ᠳᠤ ᠠᠮᠤ | ᠲᠣᠰᠣᠨ ᠤ ᠲᠠᠷᠢᠮᠠᠯ ᠤᠨ ᠨᠢᠭᠡᠴᠢ ᠤᠨᠠᠯᠲᠠ ᠶᠢ ᠳᠡᠭᠡᠭᠰᠢᠯᠡᠭᠦᠯᠬᠦ ᠶᠢ ᠬᠡᠷᠡᠭᠵᠢᠭᠦᠯᠵᠦ᠂ ᠨᠢᠭᠡᠴᠢ ᠤᠨᠠᠯᠲᠠ ᠶᠢᠨ ᠳᠠᠯᠳᠠ | ᠬᠦᠴᠦᠨ ᠢ ᠪᠦᠬᠦ ᠶᠠᠪᠤᠴᠠ ᠪᠠᠷ ᠠᠭᠤᠳᠠᠯᠤᠨ᠂ ᠲᠡᠩᠴᠡᠭᠦᠷᠢᠲᠡᠢ ᠤᠨᠠᠯᠲᠠ ᠨᠡᠮᠡᠭᠳᠡᠭᠦᠯᠬᠦ ᠶᠢ ᠶᠡᠭᠡ ᠬᠡᠪᠴᠢᠶ᠎ᠡ ᠪᠠᠷ | ᠲᠦᠭᠡᠮᠡᠯᠵᠢᠭᠦᠯᠦᠨ᠎ᠡ᠃ | ᠲᠠᠷᠢᠶᠠᠯᠠᠩ ᠤᠨ ᠠᠵᠤ ᠦᠢᠯᠡᠰ ᠢ ᠬᠥᠭᠵᠢᠭᠦᠯᠦᠨ᠎ᠡ᠃ ᠲᠦᠮᠡᠳ ᠵᠡᠭᠦᠨ ᠬᠤᠰᠢᠭᠤᠨ ᠤ ᠤᠯᠤᠰ ᠤᠨ ᠲᠠᠰ ᠤᠨ᠂ | ᠲᠣᠭᠲᠠᠬᠤ ᠰᠢᠶᠠᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠵᠢᠶᠠ ᠱᠢ | ᠲᠣᠭᠠᠴᠢᠯᠠᠭᠰᠠᠨ ᠣᠶᠤᠨᠴᠢ ᠲᠠᠷᠢᠶᠠᠯᠠᠩ ᠤᠨ ᠲᠠᠯᠠᠪᠠᠢ ᠶᠢᠨ ᠭᠤᠷᠪᠠᠳᠤᠭᠠᠷ ᠬᠤᠭᠤᠴᠠᠭ᠎ᠠ᠂ ᠵᠦᠩ ᠴᠢᠩ ᠤᠨ | ᠪᠡᠯᠡᠳᠬᠡᠮᠵᠢᠲᠦ ᠲᠠᠷᠢᠶᠠᠯᠠᠩ ᠵᠡᠷᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠤᠨ᠎ᠠ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠬᠢᠨᠠᠨ ᠬᠡᠮᠵᠢᠯᠲᠡ ᠶᠢ ᠰᠠᠶᠢᠲᠤᠷ ᠠᠳᠬᠤᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ | ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠩ ᠤᠨ | ᠬᠥᠭᠵᠢᠯᠲᠡ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃ ᠲᠣᠰᠬᠤᠨ ᠤ ᠣᠷᠣᠨ | ᠰᠠᠭᠤᠴᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠤ ᠴᠠᠬᠢᠯᠭᠠᠨ ᠲᠣᠣᠷ ᠢ ᠪᠠᠬᠢᠵᠢᠭᠦᠯᠦᠨ | ᠳᠡᠭᠡᠭᠰᠢᠯᠡᠭᠦᠯᠬᠦ᠂ ᠲᠣᠰᠬᠤᠨ ᠤ ᠱᠠᠲᠤ ᠶᠢᠨ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ | ᠦᠷᠳᠡᠭᠡ ᠶᠢᠨ ᠪᠠᠶᠢᠭᠤᠯᠤᠯᠲᠠ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠲᠣᠭᠠᠴᠢᠯᠠᠭᠰᠠᠨ ᠬᠥᠳᠡᠭᠡ ᠲᠣᠰᠬᠤᠨ᠂ ᠡᠶ᠎ᠡ | ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠬᠤᠷᠢᠨᠭᠡᠷ ᠰᠢᠶᠠᠨ᠂ ᠰᠠᠶᠢᠬᠠᠨ ᠲᠣᠭᠤᠷᠢᠭ ᠵᠡᠷᠭᠡ ᠬᠤᠰᠢᠭᠤ ᠰᠢᠶᠠᠨ ᠲᠣᠭᠤᠷᠢᠭ ᠤᠨ ︽ᠬᠥᠳᠡᠭᠡ ᠲᠣᠰᠬᠤᠨ ᠤ | ᠳᠥᠷᠪᠡᠨ ᠰᠠᠶᠢᠲᠠᠢ ᠵᠠᠮ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠬᠤ ᠶᠢ | ᠠᠬᠢᠭᠤᠯᠤᠨ᠎ᠠ᠃ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠶᠢ ᠠᠬᠢᠭᠤᠯᠵᠤ᠂ ᠬᠥᠳᠡᠭᠡ ᠲᠣᠰᠬᠤᠨ ᠤ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠨᠡᠶᠢᠳᠡᠮ | ᠪᠦᠷᠬᠦᠭᠦᠯᠵᠦ᠂ ᠠᠮᠢᠳᠤᠷᠠᠯ ᠤᠨ ᠪᠣᠬᠢᠷ ᠤᠰᠤ ᠶᠢᠨ ᠵᠠᠰᠠᠯᠲᠠ ᠶᠢᠨ ᠨᠣᠷᠮ᠎ᠠ ᠶᠢ 60% ᠳᠤ ᠬᠦᠷᠭᠡᠨ᠂ ᠪᠣᠬᠢᠷ ᠦᠮᠡᠬᠡᠢ | ᠤᠰᠤᠨ ᠴᠣᠭᠴᠠ ᠶᠢ ᠬᠥᠳᠡᠯᠦᠩᠭᠦᠢ ᠪᠠᠷ ᠴᠡᠪᠡᠷᠯᠡᠨ ᠠᠷᠢᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ | ᠲᠣᠰᠬᠤᠨ ᠤ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢ 19 ᠪᠠᠶᠢᠭᠤᠯᠤᠨ᠎ᠠ᠃ | | ︵ᠲᠠᠪᠤ︶ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ᠎ᠡ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠥᠨᠳᠥᠷ ᠪᠠᠷᠢᠮᠵᠢᠶ᠎ᠠ ᠪᠠᠷ ᠴᠡᠭᠴᠡᠯᠡᠨ ᠰᠠᠶᠢᠵᠢᠷᠠᠭᠤᠯᠤᠨ᠎ᠠ᠃ ᠦᠵᠡᠰᠬᠦᠯᠡᠩᠲᠦ | ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠡᠭ ᠢ | ᠪᠦᠬᠦ ᠬᠦᠴᠦᠨ ᠢᠶᠠᠷ ᠢᠶᠠᠨ ᠭᠤᠶᠤᠴᠢᠯᠠᠨ ᠮᠡᠳᠡᠭᠦᠯᠦᠨ᠎ᠡ᠃ ᠳᠠᠯᠠᠨ ᠬᠠᠷ᠎ᠠ ᠠᠭᠤᠯᠠ ᠶᠢᠨ ᠤᠯᠤᠰ ᠤᠨ ᠲᠠᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠤᠤᠯ ᠤᠨ ᠰᠠᠭᠤᠭᠠᠯᠢ ᠠᠷᠠᠳ ᠤᠨ ᠠᠮᠢ ᠠᠬᠤᠢ ᠶᠢᠨ ᠨᠡᠭᠦᠯᠭᠡᠬᠦ | ᠠᠵᠢᠯ ᠢ ᠡᠬᠢᠯᠡᠭᠦᠯᠦᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠶᠢ ᠪᠥᠬᠦ ᠲᠠᠯ᠎ᠠ ᠪᠠᠷ ᠠᠬᠢᠭᠤᠯᠤᠨ᠂ | ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠪᠠ ᠵᠠᠭᠤᠨ ᠡᠳᠦᠷ ᠤᠨ ᠪᠣᠭᠤᠮᠲᠠ ᠰᠢᠪᠲᠤᠯᠬᠤ ᠲᠤᠰᠬᠠᠢ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠠᠯ ᠤᠨ ᠲᠤᠭ᠎ᠠ ᠲᠣᠯᠣᠭᠠᠢ ᠶᠢ ᠵᠦᠢ ᠵᠣᠬᠢᠰᠲᠠᠢ ᠬᠢᠨᠠᠨ ᠲᠣᠭᠲᠠᠭᠠᠵᠤ ᠂ | ᠲᠡᠵᠢᠭᠡᠨ ᠦᠷᠡᠵᠢᠭᠦᠯᠬᠦ ᠬᠡᠪᠴᠢᠶ᠎ᠡ ᠶᠢ ᠡᠮᠬᠢ ᠵᠢᠷᠤᠮ ᠲᠠᠢ ᠪᠠᠷ ᠪᠠᠭᠠᠰᠬᠠᠨ᠎ᠠ᠃ ᠣᠢ ᠰᠢᠭᠤᠢ ᠶᠢᠨ | ᠨᠡᠭᠦᠷᠡᠰᠦᠲᠥ᠋ᠷᠥᠭᠴᠢ ᠰᠢᠩᠭᠡᠭᠡᠬᠦ ᠠᠷᠠᠯᠵᠢᠶᠠᠨ ᠤ ᠦᠢᠯᠡᠴᠢᠯᠡᠭᠡᠨ ᠤ ᠲᠥᠪ ᠢ ᠪᠦᠲᠦᠭᠡᠨ ᠪᠠᠶᠢᠭᠤᠯᠵᠤ᠂ | ᠨᠡᠭᠦᠷᠡᠰᠦᠲᠥ᠋ᠷᠥᠭᠴᠢ ᠰᠢᠩᠭᠡᠭᠡᠬᠦ ᠲᠤᠭ᠎ᠠ ᠪᠠᠷᠢᠮᠲᠠ ᠶᠢᠨ ᠰᠢᠰᠲ᠋ᠧᠮᠲᠦ ᠬᠠᠮᠢᠶᠠᠷᠤᠯᠲᠠ ᠶᠢ ᠪᠡᠶᠡᠯᠡᠭᠦᠯᠦᠨ᠎ᠡ᠃ | ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠨ᠎ᠡ᠃ ᠬᠦᠨᠳᠦ ᠪᠣᠬᠢᠷᠲᠤᠯ ᠲᠠᠢ | ᠴᠠᠭ ᠠᠭᠤᠷ ᠢ ᠠᠷᠭᠠᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ | ᠠᠬᠤᠶᠢᠯᠠᠯ ᠢ ᠦᠷ᠎ᠡ ᠪᠦᠲᠦᠮᠵᠢ ᠪᠠᠷ ᠳᠡᠰ ᠬᠤᠪᠢᠶᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠦᠨ᠎ᠡ᠃ ᠪᠠᠴᠢᠮ | ᠪᠠᠶᠢᠳᠠᠯ ᠢ ᠠᠷᠭᠠᠴᠠᠵᠤ ᠪᠣᠬᠢᠷᠲᠤᠯ ᠢ ᠪᠠᠭᠠᠰᠬᠠᠬᠤ ᠵᠢᠭᠰᠠᠭᠠᠯᠲᠠ ᠶᠢᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ | ᠴᠢᠩᠭᠠᠳᠬᠠᠨ᠎ᠠ᠃ ᠠᠭᠠᠷ ᠮᠠᠨᠳᠠᠯ ᠳᠤ ᠬᠤᠯᠪᠣᠭᠳᠠᠬᠤ ᠠᠵᠢᠯ ᠲᠥᠷᠥᠯ ᠤᠨ ᠦᠷ᠎ᠡ ᠪᠦᠲᠦᠮᠵᠢ ᠪᠠᠷ ᠳᠣᠣᠷ᠎ᠠ ᠪᠠ | ᠬᠦᠴᠦᠨ ᠦᠭᠡᠢ ᠪᠣᠯᠤᠭᠰᠠᠨ ᠪᠣᠬᠢᠷᠲᠤᠯ ᠢ ᠵᠠᠰᠠᠬᠤ ᠲᠥᠬᠦᠭᠡᠷᠦᠮᠵᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯ ᠢ ᠥᠷᠨᠢᠭᠦᠯᠵᠦ᠂ 1 ᠢᠯᠴᠢ ᠶᠢᠨ ᠴᠠᠬᠢᠯᠭᠠᠨ᠂ 1 ᠬᠡᠦᠷᠰᠢᠭᠦᠯᠬᠦ᠂ 12 ᠱᠦᠢᠨᠢ ᠶᠢᠨ ᠠᠵᠤ ᠠᠬᠤᠶᠢᠯᠠᠯ ᠤᠨ | ᠭᠠᠳᠠᠭᠰᠢᠯᠠᠭᠤᠯᠬᠤ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠪᠠᠷᠢᠯᠭ᠎ᠠ ᠶᠢᠨ ᠮᠠᠰᠢᠨ ᠮᠧᠬᠠᠨᠢᠭ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠳ᠋ᠤᠭᠠᠷᠯᠠᠯ ᠤᠨ ᠳᠠᠩᠰᠠᠯᠠᠯᠲᠠ ᠶᠢᠨ ᠭᠤᠷᠪᠠᠨ ᠱᠠᠲᠤᠨ ᠤ ᠰᠦᠯᠵᠢᠶᠡᠵᠢᠯ ᠢ | ᠪᠡᠶᠡᠯᠡᠭᠦᠯᠵᠦ᠂ ᠲᠡᠮᠦᠷ ᠵᠠᠮ ᠤᠨ ᠪᠠᠷᠠᠭᠠᠨ ᠤ ᠲᠠᠯᠠᠪᠠᠶ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠵᠡᠷᠭᠡ | ᠣᠷᠣᠨ ᠪᠦᠰᠡ ᠶᠢᠨ ᠳᠣᠲᠣᠷ᠎ᠠ ᠠᠵᠢᠯᠯᠠᠬᠤ ᠲᠡᠷᠭᠡ ᠬᠥᠰᠬᠡ ᠶᠢᠨ ︽ᠬᠠᠷ᠎ᠠ ᠣᠳᠤᠭ᠎ᠠ︾ ᠶᠢᠨ ᠦᠵᠡᠭᠳᠡᠯ ᠢ | ᠦᠨᠳᠦᠰᠦᠨ ᠳᠤ ᠪᠠᠨ ᠠᠷᠢᠯᠭᠠᠨ᠎ᠠ᠃ ᠡᠰᠢ ᠰᠦᠷᠡᠯ ᠢ ᠡᠭᠡᠭᠦᠯᠦᠨ ᠬᠤᠷᠢᠶᠠᠵᠤ ᠠᠰᠢᠭᠯᠠᠬᠤ ᠰᠢᠰᠲ᠋ᠧᠮᠵᠢ ᠶᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠵᠢᠯ ᠳᠤ ᠬᠦᠨᠳᠦ ᠪᠣᠬᠢᠷᠲᠤᠯ ᠲᠠᠢ ᠴᠠᠭ ᠠᠭᠤᠷ ᠢ ᠦᠭᠡᠢ ᠪᠣᠯᠭᠠᠬᠤ ᠪᠠᠷ | ᠴᠢᠷᠮᠠᠶᠢᠨ᠎ᠠ᠃ | ᠣᠷᠣᠨ ᠤ ᠲᠥᠪ ᠬᠤᠲᠠ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠤᠰᠤᠨ ᠤ ᠡᠬᠢ ᠪᠠᠶᠠᠯᠢᠭ ᠤᠨ | ᠠᠰᠠᠭᠤᠳᠠᠯ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠨ᠎ᠡ᠃ ︽ᠤᠰᠤ ᠠᠷᠪᠢᠯᠠᠬᠤ ᠠᠵᠢᠯᠯᠠᠭ᠎ᠠ︾ ᠶᠢ ᠭᠦᠨᠵᠡᠭᠡᠢ | ᠬᠡᠷᠡᠭᠵᠢᠭᠦᠯᠵᠦ᠂ ᠬᠠᠲᠤᠨ ᠭᠤᠣᠯ ᠤᠨ ᠤᠰᠤ ᠶᠢ ᠲᠠᠲᠠᠬᠤ ᠭᠤᠷᠪᠠᠳᠤᠭᠠᠷ ᠬᠤᠭᠤᠴᠠᠭᠠᠨ ᠤ ᠤᠰᠤ ᠣᠷᠣᠭᠤᠯᠵᠤ | ᠤᠰᠤ ᠳᠠᠮᠵᠢᠭᠤᠯᠬᠤ᠂ ᠤᠰᠤ ᠴᠡᠪᠡᠷᠰᠢᠭᠦᠯᠵᠦ ᠤᠰᠤ ᠲᠣᠬᠢᠷᠠᠭᠤᠯᠬᠤ ᠢᠨᠵᠧᠨᠧᠷᠢᠩ ᠢ ᠪᠥᠬᠦ ᠲᠠᠯ᠎ᠠ ᠪᠠᠷ ᠠᠬᠢᠭᠤᠯᠵᠤ ᠂ | ᠬᠠᠲᠤᠨ ᠭᠤᠣᠯ ᠤᠨ ᠤᠰᠤ ᠶᠢ ᠲᠠᠲᠠᠬᠤ ᠨᠢᠭᠡᠳᠦᠭᠡᠷ᠂ ᠬᠤᠶᠠᠳᠤᠭᠠᠷ ᠬᠤᠭᠤᠴᠠᠭᠠᠨ ᠤ ᠪᠡᠯᠡᠳᠬᠡᠯ ᠤᠰᠤ | ᠳᠠᠮᠵᠢᠭᠤᠯᠬᠤ ᠬᠤᠭᠤᠯᠠᠢ ᠱᠤᠭᠤᠮ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ | ᠲᠠᠷᠢᠶᠠᠯᠠᠩ᠂ ᠠᠵᠤ ᠦᠢᠯᠡᠳᠪᠦᠷᠢ᠂ ᠠᠮᠢᠳᠤᠷᠠᠯ ᠤᠨ ᠤᠰᠤ ᠠᠷᠪᠢᠯᠠᠬᠤ ᠶᠢ ᠴᠢᠩᠭᠠᠳᠬᠠᠨ᠂ ᠲᠠᠷᠢᠶᠠᠯᠠᠩ ᠤᠨ ᠤᠰᠤ | ᠠᠷᠪᠢᠯᠠᠬᠤ ︽ᠤᠰᠤ ᠴᠠᠬᠢᠯᠭᠠᠨ︾ ᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ | ᠠᠵᠤ ᠦᠢᠯᠡᠳᠪᠦᠷᠢ ᠶᠢᠨ ︽ᠤᠰᠤ ᠪᠠᠷ ᠭᠠᠷᠤᠯᠲᠠ ᠶᠢ ᠲᠣᠭᠲᠠᠭᠠᠬᠤ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠤᠰᠤ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ ᠠᠯᠬᠤᠮ | ᠠᠯᠬᠤᠮ ᠢᠶᠠᠷ ᠬᠡᠷᠡᠭᠵᠢᠭᠦᠯᠦᠨ᠂ ᠤᠰᠤ ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ᠂ ᠤᠰᠤ ᠠᠷᠪᠢᠯᠠᠬᠤ | ᠬᠡᠯᠪᠡᠷᠢ ᠶᠢᠨ ᠠᠵᠤ ᠠᠬᠤᠶᠢᠯᠠᠯ ᠢ ᠪᠠᠶᠢᠭᠤᠯᠤᠨ᠎ᠠ᠃ ᠥᠪᠡᠷ ᠢᠶᠠᠨ ᠪᠡᠯᠡᠳᠬᠡᠭᠰᠡᠨ ᠬᠤᠳᠳᠤᠭ ᠢ ᠲᠤᠰᠬᠠᠢ ᠴᠡᠭᠴᠡᠯᠡᠨ | ᠵᠠᠰᠠᠬᠤ ᠪᠠ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠠᠵᠢᠯ ᠢ ᠦᠷᠭᠦᠯᠵᠢᠯᠡᠨ | ᠥᠷᠨᠢᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠡᠷᠡᠭᠯᠡᠬᠦ ᠤᠰᠤ ᠶᠢ ᠱᠠᠲᠤ ᠬᠤᠪᠢᠶᠠᠨ ᠦᠨ᠎ᠡ | ᠲᠣᠭᠲᠠᠭᠠᠬᠤ᠂ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ᠠᠴᠠ ᠬᠡᠲᠦᠷᠡᠭᠰᠡᠨ ᠢ | ᠦᠨ᠎ᠡ ᠨᠡᠮᠡᠬᠦ ᠳᠦᠷᠢᠮ ᠢ ᠬᠡᠷᠡᠭᠵᠢᠭᠦᠯᠦᠨ᠎ᠡ᠃ ᠤᠰᠤ ᠶᠢ ᠳᠠᠬᠢᠨ ᠠᠰᠢᠭᠯᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠵᠢᠨᠴᠤᠸᠠᠨ ᠤ ᠡᠮᠦᠨ᠎ᠡ ᠲᠣᠭᠤᠷᠢᠭ ᠤᠨ ᠠᠵᠤ | ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠲᠥᠯᠥᠪᠵᠢᠭᠦᠯᠦᠨ ᠪᠠᠶᠢᠭᠤᠯᠵᠤ᠂ ︽H+ | ᠪᠤᠴᠠᠯᠲᠠ︾ ᠬᠡᠯᠪᠡᠷᠢ ᠶᠢᠨ ᠳᠠᠬᠢᠯᠲᠠ ᠤᠰᠤᠨ ᠤ ᠬᠤᠭᠤᠯᠠᠢ ᠶᠢᠨ ᠲᠣᠣᠷ ᠤᠨ ᠰᠢᠰᠲ᠋ᠧᠮᠵᠢ ᠶᠢ ᠪᠠᠶᠢᠭᠤᠯᠵᠤ᠂ ᠤᠰᠤ ᠶᠢ | ᠳᠠᠬᠢᠨ ᠠᠰᠢᠭᠯᠠᠬᠤ ᠬᠠᠷᠢᠴᠠᠯ ᠢ 45% ᠪᠣᠯᠲᠠᠯ᠎ᠠ ᠳᠡᠭᠡᠭᠰᠢᠯᠡᠭᠦᠯᠦᠨ᠎ᠡ᠃ | ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ 5 | ᠲᠣᠭᠤᠷᠢᠭ ᠰᠢᠶᠠᠨ ᠤ ᠳᠡᠰ ᠤᠨ ᠪᠠᠷᠢᠯᠭ᠎ᠠ ᠶᠢᠨ ᠬᠤᠭ ᠨᠣᠪᠰᠢ ᠶᠢ ᠰᠢᠩᠭᠡᠭᠡᠬᠦ ᠲᠠᠯᠠᠪᠠᠢ ᠶᠢ ᠪᠠᠶᠢᠭᠤᠯᠵᠤ | ᠬᠡᠷᠡᠭᠯᠡᠯᠲᠡ ᠳᠤ ᠣᠷᠣᠭᠤᠯᠤᠨ᠎ᠠ᠃ 553 ᠾᠧᠺᠲ᠋ᠠᠷ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠨ | ᠵᠠᠰᠠᠵᠤ᠂ ᠬᠠᠲᠤᠨ ᠭᠤᠣᠯ ᠤᠨ ᠰᠠᠪᠠ ᠭᠠᠵᠠᠷ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ | ᠪᠣᠬᠢᠷᠲᠤᠯ ᠤᠨ ᠪᠠᠶᠢᠳᠠᠯ ᠤᠨ ᠨᠠᠷᠢᠨ ᠪᠠᠶᠢᠴᠠᠭᠠᠯᠲᠠ ᠶᠢ ᠡᠬᠢᠯᠡᠭᠦᠯᠦᠨ᠎ᠡ᠃ ︽ᠨᠡᠭᠦᠷᠡᠰᠦᠨ ᠤ ᠨᠤᠨᠳᠠᠭ ᠦᠨᠡᠰᠦ ᠶᠢ | ᠡᠭᠡᠭᠦᠯᠦᠨ ᠪᠤᠯᠠᠵᠤ ᠢᠳᠡᠭᠳᠡᠭᠰᠡᠨ ᠭᠤᠣ ᠶᠢᠨ ᠠᠮᠢ ᠠᠬᠤᠢ ᠶᠢ ᠰᠡᠷᠭᠦᠭᠡᠬᠦ ᠮᠡᠷᠭᠡᠵᠢᠯ ᠤᠨ ᠳᠦᠷᠢᠮ︾ ᠤᠨ ᠣᠷᠣᠨ | ᠨᠤᠲᠤᠭ ᠤᠨ ᠪᠠᠷᠢᠮᠵᠢᠶ᠎ᠠ ᠶᠢ ᠨᠡᠶᠢᠲᠡᠯᠡᠨ᠎ᠡ᠃ ᠨᠡᠭᠦᠷᠡᠰᠦ ᠪᠠᠷ ᠰᠠᠭᠤᠷᠢ ᠪᠣᠯᠭᠠᠭᠰᠠᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠪᠠ ᠠᠮᠢ ᠠᠬᠤᠢ ᠣᠷᠴᠢᠨ ᠲᠣᠭᠤᠷᠢᠨ ᠢ ᠵᠠᠰᠠᠨ ᠰᠡᠷᠭᠦᠭᠡᠬᠦ ᠲᠤᠷᠰᠢᠯᠲᠠ ᠶᠢᠨ ᠠᠵᠢᠯ ᠢ ᠠᠬᠢᠭᠤᠯᠵᠤ᠂ 10 | ᠰᠡᠷᠭᠦᠭᠡᠨ ᠵᠠᠰᠠᠬᠤ ᠲᠥᠷᠥᠯ ᠵᠦᠢᠯ ᠢ ᠪᠡᠶᠡᠯᠡᠭᠦᠯᠦᠨ᠎ᠡ᠃ | ︵ᠵᠢᠷᠭᠤᠭ᠎ᠠ︶ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ | ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠢ | ᠰᠢᠢᠳᠪᠦᠷᠢᠯᠡᠬᠦ ᠶᠢᠨ ᠲᠣᠭᠤᠷᠢᠨ ᠳᠤ᠂ ᠥᠭᠡᠷᠡᠴᠢᠯᠡᠯᠲᠡ ᠶᠢᠨ ᠵᠦᠢᠯᠡᠰ ᠢ ᠪᠣᠳᠠᠲᠠᠶᠢᠵᠢᠭᠤᠯᠬᠤ ᠶᠢ ᠪᠦᠬᠦ ᠬᠦᠴᠦᠨ ᠢᠶᠠᠷ | ᠠᠬᠢᠭᠤᠯᠤᠨ᠎ᠠ᠃ ᠠᠵᠤ ᠦᠢᠯᠡᠰ ᠤᠨ ᠰᠠᠭᠤᠷᠢ ᠪᠠᠭᠤᠷᠠᠢ ᠠᠰᠠᠭᠤᠳᠠᠯ ᠢ ᠴᠢᠩᠭ᠎ᠠ ᠠᠩᠬᠠᠷᠴᠤ᠂ ᠠᠵᠤ | ᠦᠢᠯᠡᠳᠪᠦᠷᠢ ᠶᠢᠨ ᠬᠦᠷᠢᠶᠡᠨ ᠳᠠᠬᠢ ᠬᠦᠷᠢᠶᠡᠯᠡᠩ ᠲᠣᠭᠤᠷᠢᠭ ᠤᠨ ᠠᠭᠤᠰᠤᠯᠴᠠᠯ᠂ ᠬᠤᠳᠠᠯᠳᠤᠭᠠᠴᠢᠨ ᠤᠷᠢᠬᠤ ᠠᠷᠭ᠎ᠠ | ᠮᠠᠶ᠋ᠢᠭ᠂ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ᠥᠪᠡᠷ ᠤᠨ ᠥᠷᠲᠡᠭ ᠢ ᠪᠠᠭᠤᠷᠠᠭᠤᠯᠬᠤ ᠵᠡᠷᠭᠡ ᠶᠢᠨ | ᠥᠭᠡᠷᠡᠴᠢᠯᠡᠯᠲᠡ ᠶᠢ ᠠᠬᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠬᠦᠷᠢᠶᠡᠨ ᠳᠠᠬᠢ ᠪᠠᠷᠠᠭᠠᠨ ᠤ ᠭᠦᠢᠯᠭᠡᠭᠡᠨ ᠤ | ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ | ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠲᠠᠷᠢᠶᠠᠯᠠᠩ ᠤᠨ ᠬᠦᠷᠢᠶᠡᠨ ᠳᠠᠬᠢ ᠬᠥᠳᠡᠭᠡ ᠲᠣᠰᠬᠤᠨ ᠤ | ᠦᠨᠳᠦᠰᠦᠨ ᠡᠵᠡᠩᠨᠡᠯᠲᠡ ᠶᠢᠨ ᠳᠦᠷᠢᠮ᠂ ᠮᠠᠯᠵᠢᠯ ᠤᠨ ᠲᠠᠯᠠᠪᠠᠶ ᠶᠢᠨ ᠵᠠᠬ᠎ᠠ ᠳᠡᠯᠭᠡᠭᠦᠷ ᠤᠨ ᠡᠷᠡᠰᠳᠡᠯ ᠢ ᠬᠤᠷᠢᠭᠯᠠᠬᠤ | ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠬᠥᠭᠵᠢᠯᠲᠡ ᠶᠢᠨ ᠠᠮᠢᠵᠢᠷᠠᠯ ᠤᠨ ᠬᠦᠴᠦᠨ ᠬᠦᠷᠦᠯᠴᠡᠬᠦ ᠦᠭᠡᠢ | ᠠᠰᠠᠭᠤᠳᠠᠯ ᠢ ᠴᠢᠩᠭ᠎ᠠ ᠠᠩᠬᠠᠷᠴᠤ᠂ ᠡᠳ᠋ ᠤᠨ ᠵᠠᠰᠠᠭ ᠭᠠᠶᠢᠯᠢ ᠶᠢᠨ ᠬᠦᠷᠢᠶᠡᠨ ᠳᠠᠬᠢ ᠲᠡᠭ ᠰᠠᠭᠤᠷᠢᠨ ᠲᠥᠰᠥᠪ᠂ | ᠭᠠᠶᠢᠯᠢ ᠰᠠᠯᠭᠠᠬᠤ ᠳᠦᠷᠢᠮ᠂ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠰᠠᠯᠭᠠᠬᠤ᠂ ᠮᠥᠩᠭᠦᠨ ᠭᠦᠢᠯᠭᠡᠭᠡᠨ ᠤ ᠬᠢᠨᠠᠨ ᠰᠢᠯᠭᠠᠯᠲᠠ ᠵᠡᠷᠭᠡ ᠶᠢᠨ ᠥᠭᠡᠷᠡᠴᠢᠯᠡᠯᠲᠡ ᠶᠢ | ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ︽ ᠰᠤᠳᠤᠯᠭᠠᠨ ᠤ | ᠬᠦᠷᠢᠶᠡᠯᠡᠩ+ᠺᠣᠮᠫᠠᠨᠢ+ᠰᠠᠭᠤᠷᠢ ᠮᠥᠩᠭᠦ︾ ᠶᠢᠨ ᠠᠵᠢᠯᠯᠠᠭᠠᠨ ᠤ ᠵᠠᠭᠪᠤᠷ᠂ ᠲᠠᠪᠴᠠᠩ ᠤᠨ ᠦᠷ᠎ᠡ ᠪᠦᠲᠦᠭᠡᠯ ᠢ | ᠤᠯᠠᠷᠢᠭᠤᠯᠬᠤ ᠲᠣᠭᠲᠠᠴᠠ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠤᠯᠤᠰ ᠤᠨ ᠥᠮᠴᠢᠯᠡᠯ ᠤᠨ ᠡᠳ᠋ | ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠷᠢᠶᠡᠨ ᠳᠠᠬᠢ ᠬᠢᠨᠠᠨ ᠰᠢᠯᠭᠠᠬᠤ ᠳᠦᠷᠢᠮ᠂ ᠬᠢᠨᠠᠨ | ᠬᠠᠮᠢᠶᠠᠷᠬᠤ ᠪᠠᠶᠢᠭᠤᠯᠤᠯ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ | ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠰᠢᠯᠢᠳᠡᠭ ᠪᠤᠰᠤ ᠠᠰᠠᠭᠤᠳᠠᠯ ᠢ ᠴᠢᠩᠭ᠎ᠠ ᠠᠩᠬᠠᠷᠴᠤ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠤᠨ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠴᠣᠮᠬᠠᠳᠬᠠᠬᠤ᠂ ᠭᠡᠷᠡᠴᠢ ᠦᠨᠡᠮᠯᠡᠯ ᠤᠨ ᠵᠥᠪᠰᠢᠶᠡᠷᠡᠯ ᠢ ᠡᠮᠬᠢᠯᠡᠨ ᠨᠡᠶᠢᠯᠡᠭᠦᠯᠬᠦ ᠵᠡᠷᠭᠡ ᠶᠢᠨ ᠥᠭᠡᠷᠡᠴᠢᠯᠡᠯᠲᠡ ᠶᠢ | ᠠᠬᠢᠭᠤᠯᠤᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠢᠳᠡᠭᠡᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠤᠭ᠎ᠠ ᠪᠠᠷᠢᠮᠲᠠ ᠶᠢᠨ ᠣᠶᠤᠨᠴᠢᠯᠠᠭᠰᠠᠨ ᠪᠠᠷᠢᠮᠵᠢᠶᠠᠵᠢᠭᠤᠯᠤᠯᠲᠠ᠂ ᠤᠷᠢᠳᠴᠢᠯᠠᠨ ᠲᠥᠯᠥᠬᠦ ᠮᠠᠶ᠋ᠢᠭ ᠤᠨ ᠬᠡᠷᠡᠭᠯᠡᠭᠡᠨ ᠤ | ᠬᠢᠨᠠᠯᠲᠠ ᠬᠠᠮᠢᠶᠠᠷᠤᠯᠲᠠ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠨᠠᠷᠢᠯᠢᠭ ᠪᠤᠰᠤ ᠠᠰᠠᠭᠤᠳᠠᠯ ᠢ ᠴᠢᠩᠭ᠎ᠠ ᠠᠩᠬᠠᠷᠴᠤ᠂ ᠬᠤᠲᠠ ᠶᠢᠨ ᠶᠡᠭᠡ | ᠲᠣᠭᠤᠷᠢᠨ ᠪᠠᠶᠢᠴᠠᠭᠠᠯᠲᠠ᠂ ᠴᠡᠴᠡᠷᠯᠢᠭ ᠤᠨ ᠨᠣᠭᠤᠭᠠᠨ ᠭᠠᠵᠠᠷ ᠤᠨ ᠬᠠᠮᠢᠶᠠᠷᠤᠯᠲᠠ ᠶᠢᠨ ᠡᠷᠬᠡ ᠮᠡᠳᠡᠯ᠂ ᠬᠤᠲᠠ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠣᠭᠲᠠᠴᠠ ᠵᠡᠷᠭᠡ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ | ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠬᠦᠷᠦᠯᠴᠡᠬᠦ ᠦᠭᠡᠢ ᠠᠰᠠᠭᠤᠳᠠᠯ ᠢ ᠴᠢᠩᠭ᠎ᠠ ᠠᠩᠬᠠᠷᠴᠤ᠂ | ᠰᠤᠷᠭᠠᠨ ᠬᠥᠮᠦᠵᠢᠯ ᠤᠨ ᠬᠦᠷᠢᠶᠡᠨ ᠳᠠᠬᠢ ᠵᠢᠭᠠᠨ ᠰᠤᠳᠤᠯᠬᠤ ᠳᠦᠷᠢᠮ᠂ ᠡᠩᠨᠡᠭᠡᠨ ᠤ ᠪᠠᠶᠢᠭᠤᠯᠤᠯᠲᠠ᠂ ᠪᠠᠭᠰᠢ ᠶᠢᠨ | ᠣᠯᠭᠤᠮᠵᠢ᠂ ᠳᠠᠭᠠᠵᠤ ᠨᠡᠭᠦᠭᠰᠡᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠳᠦᠷᠢᠮ ᠵᠡᠷᠭᠡ ᠶᠢᠨ | ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ | ᠡᠮᠴᠢᠯᠡᠭᠡᠨ ᠤ ᠳᠠᠭᠠᠳᠬᠠᠯ ᠤᠨ ᠳᠠᠭᠠᠭᠠᠴᠢᠯᠠᠯᠲᠠ ᠬᠢᠵᠦ ᠰᠦᠢᠳᠬᠡᠯ ᠲᠤᠰᠢᠶᠠᠬᠤ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠴᠠᠯᠢᠩ ᠬᠥᠯᠥᠰᠦ ᠶᠢᠨ ᠳᠦᠷᠢᠮ ᠵᠡᠷᠭᠡ ᠶᠢᠨ ᠥᠭᠡᠷᠡᠴᠢᠯᠡᠯᠲᠡ ᠶᠢ ᠲᠦᠯᠬᠢᠨ | ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠨᠠᠰᠤᠵᠢᠯ ᠤᠨ ᠠᠰᠠᠷᠠᠮᠵᠢ ᠶᠢᠨ ᠰᠠᠭᠤᠷᠢ ᠮᠥᠩᠭᠦ ᠶᠢ | ᠨᠢᠭᠡᠳᠦᠯᠲᠡᠢ ᠲᠥᠯᠥᠪᠯᠡᠬᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠵᠡᠷᠭᠡ ᠶᠢᠨ ᠥᠭᠡᠷᠡᠴᠢᠯᠡᠯᠲᠡ ᠶᠢ | ᠲᠦᠯᠬᠢᠨ ᠠᠬᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠳᠤᠲᠠᠭᠤᠳᠠᠯ ᠢ | ᠴᠢᠩᠭ᠎ᠠ ᠠᠩᠬᠠᠷᠴᠤ᠂ ᠠᠮᠢ ᠠᠬᠤᠢ ᠣᠷᠴᠢᠨ ᠲᠣᠭᠤᠷᠢᠨ ᠢ ᠬᠢᠨᠠᠨ ᠬᠡᠮᠵᠢᠬᠦ ᠪᠠ ᠦᠨᠡᠯᠡᠬᠦ ᠳᠦᠷᠢᠮ᠂ ᠬᠠᠮᠲᠤ ᠶᠢᠨ ᠣᠶ | ᠰᠢᠭᠤᠢ ᠶᠢᠨ ᠡᠷᠬᠡ ᠶᠢᠨ ᠳᠦᠷᠢᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠤᠨ ᠬᠠᠮᠠᠭᠠᠯᠠᠬᠤ | ᠰᠢᠰᠲ᠋ᠧᠮᠵᠢ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠪᠠᠷ | ᠳᠠᠮᠵᠢᠭᠤᠯᠤᠨ᠂ ᠨᠢᠭᠡ ᠪᠦᠯᠦᠭ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠢᠭᠡ ᠪᠦᠯᠦᠭ | ᠲᠥᠷᠥ ᠶᠢᠨ ᠪᠣᠳᠣᠯᠭ᠎ᠠ ᠶᠢᠨ ᠲᠦᠭᠵᠢᠷᠡᠯ ᠢ ᠨᠠᠪᠲᠠᠷᠡᠭᠦᠯᠵᠦ᠂ ᠨᠢᠭᠡ ᠪᠦᠯᠦᠭ ᠬᠡᠯᠪᠡᠷᠢ ᠪᠠᠨ ᠬᠤᠪᠢᠷᠠᠭᠤᠯᠬᠤ | ᠡᠪᠡᠷᠰᠢᠶᠡᠯ ᠢ ᠠᠷᠢᠯᠭᠠᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ | ᠪᠠ ᠳᠠᠯᠳᠠ ᠬᠦᠴᠦᠨ ᠢ ᠲᠠᠰᠤᠷᠠᠯᠲᠠ ᠦᠭᠡᠢ ᠬᠥᠭᠵᠢᠭᠡᠨ᠎ᠡ᠃ | ︵ᠳᠤᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ | ᠪᠦᠲᠦᠮᠵᠢᠲᠡᠢ ᠴᠢᠩᠭᠠᠷᠠᠭᠤᠯᠤᠨ᠎ᠠ | ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ | ᠨᠡᠭᠡᠭᠡᠬᠦ ᠣᠷᠣᠭᠤᠯᠤᠯᠲᠠ ᠶᠢᠨ ᠨᠡᠮᠡᠭᠳᠡᠯ ᠳᠤ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠪᠦᠬᠦ ᠨᠡᠶᠢᠭᠡᠮ ᠤᠨ | ᠰᠤᠳᠤᠯᠤᠨ ᠨᠡᠭᠡᠭᠡᠬᠦ ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠨ᠎ᠠ᠃ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠭᠤᠣᠯ ᠣᠷᠣᠨ ᠢ ᠡᠭᠦᠳᠦᠨ ᠪᠠᠶᠢᠭᠤᠯᠤᠨ᠎ᠠ᠃ ᠤᠯᠤᠰ ᠤᠨ | ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠤᠶᠠᠳᠤᠭᠠᠷ ᠬᠤᠭᠤᠴᠠᠭ᠎ᠠ ᠶᠢ ᠪᠦᠲᠦᠭᠡᠨ | ᠪᠠᠶᠢᠭᠤᠯᠵᠤ᠂ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢᠶᠠᠷ | ᠵᠥᠪᠰᠢᠶᠡᠷᠡᠭᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠨᠢ ᠥᠪᠡᠷᠲᠡᠭᠡᠨ ᠵᠠᠰᠠᠬᠤ ᠣᠷᠣᠨ ᠤ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠤᠨ᠎ᠠ᠃ ᠬᠥᠬᠡᠬᠤᠲᠠ ᠳᠤ | ᠰᠠᠭᠤᠭ᠎ᠠ ᠶᠡᠭᠡ ᠳᠡᠭᠡᠳᠦ ᠰᠤᠷᠭᠠᠭᠤᠯᠢ ᠯᠤᠭ᠎ᠠ ᠪᠦᠬᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠤᠯᠤᠰ ᠤᠨ ᠶᠡᠭᠡ | ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠢ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ | ᠲᠠᠪᠴᠠᠩ ᠢᠶᠠᠷ ᠬᠥᠮᠥᠨ ᠴᠤᠭᠯᠠᠭᠤᠯᠬᠤ᠂ ᠠᠵᠤ ᠠᠬᠤᠶᠢᠯᠠᠯ ᠬᠥᠮᠥᠨ ᠦᠯᠡᠳᠡᠭᠡᠬᠦ᠂ ᠶᠡᠭᠡ ᠳᠡᠭᠡᠳᠦ ᠰᠤᠷᠭᠠᠭᠤᠯᠢ | ᠬᠥᠮᠥᠨ ᠬᠥᠮᠥᠵᠢᠭᠦᠯᠬᠦ ᠵᠡᠷᠭᠡ ᠲᠣᠭᠲᠠᠴᠠ ᠶᠢ ᠰᠠᠶᠢᠲᠤᠷ ᠠᠰᠢᠭᠯᠠᠨ᠂ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠢ 100 ᠠᠴᠠ ᠳᠡᠭᠡᠭᠰᠢ ᠲᠡᠳᠡᠨ ᠬᠥᠮᠥᠵᠢᠭᠦᠯᠵᠦ᠂ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ 15001500 ᠶᠢ ᠳᠠᠪᠠᠭᠤᠯᠵᠤ᠂ ᠮᠡᠷᠭᠡᠵᠢᠯ ᠤᠨ | ᠭᠡᠷ᠎ᠡ ᠶᠢᠨ ᠲᠣᠬᠢᠷᠠᠭᠰᠠᠨ ᠲᠤᠭ᠎ᠠ ᠶᠢ 10% ᠠᠴᠠ ᠳᠡᠭᠡᠭᠰᠢ ᠨᠡᠮᠡᠭᠳᠡᠭᠦᠯᠦᠨ᠎ᠡ᠃ ︽ᠪᠦᠰᠡᠯᠡᠯᠲᠡ ᠰᠢᠪᠲᠤᠯᠬᠤ︾ | ᠰᠢᠪᠲᠤᠯᠤᠯᠲᠠ ᠶᠢ ᠴᠢᠩᠭᠠᠳᠬᠠᠨ᠎ᠠ᠃ ᠬᠢᠮᠡᠯ ᠣᠶᠤᠨ᠂ ᠳᠣᠣᠷ᠎ᠠ ᠣᠭᠲᠠᠷᠭᠤᠢ ᠶᠢᠨ ᠠᠵᠤ ᠠᠬᠤᠢ᠂ ᠨᠡᠶᠢᠯᠡᠮᠡᠯ ᠠᠮᠢᠳᠤ | ᠪᠣᠳᠠᠰ᠂ ᠠᠵᠤ ᠦᠢᠯᠡᠳᠪᠦᠷᠢ ᠶᠢᠨ ᠴᠢᠫ ᠵᠡᠷᠭᠡ ᠶᠢᠨ ᠲᠣᠭᠤᠷᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ | ᠰᠢᠪᠲᠤᠯᠤᠯᠲᠠ ᠶᠢ 10 ᠠᠴᠠ ᠳᠡᠭᠡᠭᠰᠢ ᠥᠷᠨᠢᠭᠦᠯᠦᠨ᠎ᠡ᠃ ᠬᠠᠢ ᠳ᠋ᠢᠶᠠᠨ ᠲᠣᠭᠤᠷᠢᠭ᠂ ᠪᠡᠭᠡᠵᠢᠩ ᠲᠢᠶᠠᠨᠵᠢᠨ | ᠾᠧᠪᠧᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠰᠢ ᠠᠨ ᠤ ᠵᠠᠮ ᠬᠠᠷᠢᠯᠴᠠᠭᠠᠨ ᠤ ᠶᠡᠭᠡ | ᠰᠤᠷᠭᠠᠭᠤᠯᠢ᠂ ᠪᠠᠷᠠᠭᠤᠨ ᠬᠤᠶᠢᠲᠤ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠱᠠᠨᠳᠦ᠋ᠩ ᠶᠡᠭᠡ ᠰᠤᠷᠭᠠᠭᠤᠯᠢ᠂ | ᠪᠡᠭᠡᠵᠢᠩ ᠤᠨ ᠰᠢᠤᠳᠠᠨ ᠤ ᠶᠡᠭᠡ ᠰᠤᠷᠭᠠᠭᠤᠯᠢ ᠵᠡᠷᠭᠡ ᠯᠦᠭᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠡᠭᠡᠳᠦ | ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ ᠂ ᠠᠮᠢᠳᠤ ᠪᠣᠳᠠᠰ ᠤᠨ ᠪᠣᠯᠪᠠᠰᠤᠷᠠᠭᠤᠯᠤᠯᠲᠠ᠂ | ᠡᠷᠴᠢᠯᠡᠭᠦᠷ ᠡᠨᠧᠷᠭᠢ ᠬᠠᠳᠠᠭᠠᠯᠠᠯᠲᠠ᠂ ᠳᠠᠭᠤᠨ ᠳᠣᠯᠭᠢᠶᠠᠨ ᠤ ᠪᠠᠶᠢᠴᠠᠭᠠᠨ ᠬᠡᠮᠵᠢᠯᠲᠡ᠂ ᠣᠶᠤᠨᠴᠢ ᠰᠡᠷᠡᠯ | ᠳᠠᠮᠵᠢᠭᠤᠯᠬᠤ ᠪᠠᠭᠠᠵᠢ ᠵᠡᠷᠭᠡ ᠬᠤᠰᠢᠭᠤᠷᠠᠯ ᠪᠠ ᠨᠤᠷᠠᠭᠠᠯᠲᠠ ᠶᠢᠨ ᠴᠢᠨᠠᠷᠲᠠᠢ ᠦᠷ᠎ᠡ ᠪᠦᠲᠦᠭᠡᠯ ᠤᠨ ᠬᠡᠷᠡᠭᠯᠡᠯᠲᠡ | ᠤᠯᠠᠷᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠤᠨ᠎ᠠ᠃ | ︵ᠨᠠᠢᠮᠠ︶ ᠠᠷᠠᠳ ᠤᠨ ᠠᠮᠢᠳᠤᠷᠠᠯ ᠤᠨ ᠦᠢᠯᠡᠰ ᠤᠨ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠨ᠎ᠡ | ᠭᠦᠢᠴᠡᠳ ᠠᠵᠢᠯ ᠣᠯᠭᠤᠯᠲᠠ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ︽ᠠᠵᠢᠯ ᠣᠯᠭᠤᠯᠲᠠ ᠶᠢ | ᠠᠬᠢᠭᠤᠯᠬᠤ ᠠᠵᠢᠯᠯᠠᠭ᠎ᠠ︾ ᠶᠢ ᠭᠦᠨᠵᠡᠭᠡᠢ ᠲᠦᠯᠬᠢᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ | ᠴᠡᠷᠢᠭ ᠠᠴᠠ ᠬᠠᠯᠠᠭᠳᠠᠭᠰᠠᠳ᠂ ᠬᠥᠯᠥᠰᠦᠨ ᠠᠵᠢᠯᠲᠠᠳ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠬᠤ | ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ︽ᠭᠤᠷᠪᠠᠨ ᠵᠢᠯ ᠳᠤ ᠠᠷᠪᠠᠨ ᠲᠠᠪᠤᠨ ᠲᠦᠮᠡᠨ ᠵᠠᠯᠠᠭᠤᠴᠤᠳ ᠢ | ᠬᠥᠬᠡᠬᠤᠲᠠ ᠳᠤ ᠦᠯᠡᠳᠡᠭᠡᠬᠦ ᠠᠵᠢᠯᠯᠠᠭ᠎ᠠ︾ ᠶᠢ ᠬᠡᠷᠡᠭᠵᠢᠭᠦᠯᠵᠦ᠂ ︽ᠵᠠᠯᠠᠭᠤᠴᠤᠳ ᠤᠨ ᠨᠡᠶᠢᠭᠡᠮ ᠲᠣᠭᠤᠷᠢᠭ︾ ᠤᠨ | ᠨᠢᠭᠡᠳᠦᠭᠡᠷ ᠬᠤᠭᠤᠴᠠᠭ᠎ᠠ ᠶᠢ ᠵᠢᠯ ᠤᠨ ᠳᠣᠲᠣᠷ᠎ᠠ ᠬᠤᠳᠠᠯᠳᠤᠨ ᠲᠦᠷᠢᠶᠡᠰᠦᠯᠡᠵᠦ᠂ ᠬᠤᠶᠠᠳᠤᠭᠠᠷ ᠬᠤᠭᠤᠴᠠᠭ᠎ᠠ ᠶᠢ | ᠠᠵᠢᠯ ᠡᠬᠢᠯᠡᠭᠦᠯᠦᠨ ᠪᠠᠶᠢᠭᠤᠯᠵᠤ᠂ ᠨᠡᠩ ᠤᠯᠠᠨ ᠵᠠᠯᠠᠭᠤᠴᠤᠳ ᠢ ᠣᠷᠣᠨ ᠤ ᠲᠥᠪ ᠬᠤᠲᠠ ᠳᠤ ᠢᠷᠡᠭᠦᠯᠵᠦ᠂ | ᠰᠠᠭᠤᠷᠢᠰᠢᠭᠤᠯᠤᠨ᠂ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ ᠃ ᠤᠯᠤᠰ ᠤᠨ ᠲᠠᠰ ᠤᠨ ᠬᠥᠮᠥᠨ ᠤ | ᠬᠦᠴᠦᠨ ᠤ ᠡᠬᠢ ᠪᠠᠶᠠᠯᠢᠭ ᠤᠨ ᠠᠵᠤ ᠦᠢᠯᠡᠰ ᠤᠨ ᠬᠦᠷᠢᠶᠡᠯᠡᠩ ᠤᠨ ︽ᠨᠢᠭᠡ ᠬᠦᠷᠢᠶᠡᠯᠡᠩ ᠭᠤᠷᠪᠠᠨ ᠲᠣᠭᠤᠷᠢᠭ︾ | ᠤᠨ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠦᠨ᠎ᠡ᠃ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠬᠤᠯᠪᠣᠭᠠᠲᠤ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠬᠤᠲᠠ | ᠪᠠᠯᠭᠠᠰᠤᠨ ᠤ ᠠᠵᠢᠯ ᠣᠯᠭᠤᠯᠲᠠ ᠶᠢ ᠰᠢᠨ᠎ᠡ ᠪᠠᠷ 5.5 ᠲᠦᠮᠡᠨ ᠬᠥᠮᠥᠨ ᠨᠡᠮᠡᠭᠳᠡᠭᠦᠯᠵᠦ᠂ ᠬᠥᠳᠡᠭᠡ ᠲᠣᠰᠬᠤᠨ ᠤ | ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠶᠢ 33 ᠲᠦᠮᠡᠨ ᠬᠥᠮᠥᠨ ᠠᠴᠠ ᠳᠡᠭᠡᠭᠰᠢ ᠲᠣᠭᠲᠠᠭᠤᠨ | ᠪᠠᠶᠢᠳᠠᠯ ᠳᠤ ᠪᠠᠶᠢᠯᠭᠠᠨ᠎ᠠ᠃ | ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ | ᠠᠬᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠲᠥᠷᠥᠯ ᠵᠦᠢᠯ 28 ᠶᠢ ᠰᠢᠨ᠎ᠡ ᠪᠠᠷ | ᠦᠷᠭᠦᠯᠵᠢᠯᠡᠨ ᠪᠠᠶᠢᠭᠤᠯᠬᠤ ᠪᠤᠶᠤ ᠥᠷᠭᠡᠳᠬᠡᠨ ᠥᠭᠡᠷᠡᠴᠢᠯᠡᠵᠦ᠂ 17 ᠶᠢ ᠨᠢ ᠠᠰᠢᠭᠯᠠᠯᠲᠠ ᠳᠤ ᠣᠷᠣᠭᠤᠯᠵᠤ᠂ 1.2 | ᠲᠦᠮᠡᠨ ᠰᠣᠷᠣᠭᠴᠢ ᠶᠢᠨ ᠣᠷᠣ ᠶᠢ ᠰᠢᠨ᠎ᠡ ᠪᠠᠷ ᠨᠡᠮᠡᠭᠳᠡᠭᠦᠯᠦᠨ᠎ᠡ᠃ ᠬᠥᠬᠡᠬᠤᠲᠠ ᠶᠢᠨ ᠠᠵᠢᠯ ᠮᠡᠷᠭᠡᠵᠢᠯ ᠤᠨ ᠶᠡᠭᠡ | ᠰᠤᠷᠭᠠᠭᠤᠯᠢ ᠰᠤᠷᠭᠠᠨ ᠬᠥᠮᠦᠵᠢᠯ ᠤᠨ ᠶᠠᠮᠤᠨ ᠤ ᠦᠨᠡᠯᠡᠯᠲᠡ ᠶᠢ ᠥᠩᠭᠡᠷᠡᠵᠦ᠂ ᠬᠥᠬᠡᠬᠤᠲᠠ ᠶᠢᠨ ᠣᠳᠣ ᠦᠶ᠎ᠡ ᠶᠢᠨ | ᠦᠢᠯᠡᠴᠢᠯᠡᠭᠡᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠪᠡᠯᠡᠳᠬᠡᠨ ᠪᠠᠶᠢᠭᠤᠯᠵᠤ᠂ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ | ᠣᠷᠣᠭᠤᠯᠤᠨ᠎ᠠ᠃ ᠺᠧ ᠳ᠋ᠠ ᠰᠢᠶᠦ᠋ᠨ ᠹᠧᠢ ᠵᠡᠷᠭᠡ ᠣᠶᠤᠨᠴᠢ ᠰᠤᠷᠭᠠᠨ ᠬᠥᠮᠦᠵᠢᠯ ᠤᠨ ᠲᠠᠪᠴᠠᠩ ᠳᠤ ᠲᠦᠰᠢᠭᠯᠡᠨ᠂ | ᠣᠶᠤᠨᠴᠢ ᠬᠢᠴᠢᠶᠡᠯ ᠤᠨ ᠲᠠᠩᠬᠢᠮ᠂ AI ᠰᠣᠨᠣᠰᠴᠤ ᠶᠠᠷᠢᠬᠤ ᠬᠢᠴᠢᠶᠡᠯ ᠤᠨ ᠲᠠᠩᠬᠢᠮ᠂ ᠣᠶᠤᠨᠴᠢ ᠴᠣᠬᠤᠯᠠᠪᠤᠷᠢ ᠵᠡᠷᠭᠡ | ᠬᠡᠷᠡᠭᠯᠡᠭᠡᠨ ᠤ ᠪᠠᠶᠢᠳᠠᠯ ᠢ ᠳᠡᠯᠭᠡᠷᠡᠭᠦᠯᠦᠨ᠎ᠡ᠃ ᠵᠢᠭᠠᠨ ᠰᠤᠳᠤᠯᠬᠤ ᠶᠢᠨ ︽ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ︾ | ᠳᠦᠷᠢᠮᠵᠢᠯ ᠢ ᠬᠡᠷᠡᠭᠵᠢᠭᠦᠯᠵᠦ᠂ ᠰᠠᠭᠤᠷᠢ ᠵᠢᠭᠠᠨ ᠰᠤᠳᠤᠯᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠭᠡᠷ᠂ ᠰᠤᠷᠭᠠᠭᠤᠯᠢ᠂ | ᠨᠡᠶᠢᠭᠡᠮ ᠬᠠᠮᠵᠢᠯᠴᠠᠨ ︽ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ︾ ᠶᠢ ᠪᠠᠶᠢᠭᠤᠯᠬᠤ ᠶᠢ ᠠᠬᠢᠭᠤᠯᠵᠤ᠂ | ᠬᠡᠦᠬᠡᠳ ᠤᠨ ᠨᠥᠬᠦᠷᠰᠡᠭ ᠬᠤᠲᠠ ᠶᠢ ᠡᠭᠦᠳᠦᠨ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ | ᠵᠠᠪᠰᠠᠷᠯᠠᠭ᠎ᠠ ᠶᠢᠨ15 ᠮᠢᠨᠦ᠋ᠲ ᠢ ᠨᠠᠶᠢᠳᠠᠪᠤᠷᠢᠵᠢᠭᠤᠯᠬᠤ ᠶᠢ ᠵᠣᠷᠢᠭᠵᠢᠭᠤᠯᠵᠤ᠂ ᠬᠡᠦᠬᠡᠳ ᠢ ᠪᠥᠬᠦ ᠲᠠᠯ᠎ᠠ ᠪᠠᠷ | ᠡᠷᠡᠭᠦᠯ ᠢᠶᠠᠷ ᠦᠰᠦᠨ ᠪᠣᠶᠢᠵᠢᠭᠤᠯᠤᠨ᠎ᠠ᠃ | ᠡᠮ ᠡᠮᠨᠡᠯᠭᠡ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠬᠢᠭᠡᠳ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ | ᠦᠵᠡᠭᠦᠯᠬᠦ ᠲᠥᠷᠥᠯ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠨ᠎ᠡ᠃ ︽ᠰᠠᠭᠤᠷᠢ ᠶᠢ | ᠬᠦᠴᠦᠷᠬᠡᠭᠵᠢᠭᠦᠯᠬᠦ︾ ᠠᠵᠢᠯᠯᠠᠭ᠎ᠠ ᠶᠢ ᠥᠷᠨᠢᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠥᠪᠥᠷ | ᠮᠣᠩᠭᠤᠯ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ | ᠬᠠᠷᠢᠶᠠᠲᠤ ᠴᠡᠯᠡᠭᠡᠷ ᠲᠠᠯ᠎ᠠ ᠡᠮᠨᠡᠯᠭᠡ ᠶᠢᠨ ᠬᠤᠷᠢᠶ᠎ᠠ᠂ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠡᠭᠦᠯᠡᠨ | ᠬᠥᠨᠳᠡᠢ ᠶᠢᠨ ᠡᠮᠨᠡᠯᠭᠡ ᠶᠢᠨ ᠲᠣᠭᠤᠷᠢᠭ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠪᠡᠭᠡᠵᠢᠩ ᠶᠡᠭᠡ | ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ | ᠬᠤᠶᠠᠳᠤᠭᠠᠷ ᠬᠤᠭᠤᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠬᠦᠷᠢᠶᠡᠯᠡᠩ ᠡᠮᠴᠢᠯᠡᠭᠡ ᠪᠠᠨ ᠡᠬᠢᠯᠡᠭᠦᠯᠵᠦ ᠡᠵᠡᠩᠨᠡᠨ᠎ᠡ᠃ ᠬᠤᠲᠠ ᠶᠢᠨ ᠳᠥᠷᠪᠡᠨ ᠲᠣᠭᠤᠷᠢᠭ ᠤᠨ | ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠢ ᠲᠤᠰᠬᠠᠢ ᠰᠠᠯᠠᠭᠠᠨ ᠤ ᠡᠮᠨᠡᠯᠭᠡ ᠶᠢᠨ ᠬᠤᠷᠢᠶ᠎ᠠ ᠪᠠᠶᠢᠭᠤᠯᠬᠤ ᠶᠢ | ᠠᠬᠢᠭᠤᠯᠤᠨ᠎ᠠ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠪᠦᠬᠦ ᠤᠯᠤᠰ ᠤᠨ | ᠵᠢᠱᠢᠶ᠎ᠡ ᠦᠵᠡᠭᠦᠯᠬᠦ ᠴᠢᠨᠠᠷᠲᠠᠢ ᠨᠠᠰᠤᠲᠠᠶᠢᠴᠤᠳ ᠲᠤ ᠨᠥᠬᠦᠷᠰᠡᠭ ᠬᠡᠯᠪᠡᠷᠢ ᠶᠢᠨ ᠨᠡᠶᠢᠭᠡᠮ ᠲᠣᠭᠤᠷᠢᠭ ᠢ ᠡᠭᠦᠳᠦᠨ | ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠦᠨ᠎ᠡ᠃ ᠨᠠᠰᠤᠲᠠᠶᠢᠴᠤᠳ ᠲᠤ ᠲᠤᠰᠠᠯᠠᠬᠤ ᠬᠤᠭᠤᠯᠠᠨ ᠲᠢᠩᠬᠢᠮ ᠢ | ᠬᠡᠷᠡᠭᠴᠡᠭᠡ ᠶᠢ ᠦᠨᠳᠦᠰᠦᠯᠡᠨ ᠪᠠᠶᠢᠷᠢᠰᠢᠭᠤᠯᠵᠤ᠂ ︽ᠨᠠᠰᠤᠲᠠᠨ ᠨᠢᠯᠬᠠᠰ ᠢ ᠵᠡᠷᠭᠡᠪᠡᠷ ᠨᠠᠶᠢᠳᠠᠬᠤ︾ ᠵᠠᠭᠪᠤᠷ ᠢ ᠬᠠᠶᠢᠨ | ᠰᠦᠪᠡᠭᠴᠢᠯᠡᠨ᠎ᠡ᠃ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠤᠨ ᠨᠠᠰᠤᠲᠠᠶᠢᠴᠤᠳ ᠤᠨ ᠨᠡᠶᠢᠲᠡ ᠶᠢᠨ | ᠪᠠᠶᠢᠷᠢ ᠶᠢᠨ ᠦᠢᠯᠡᠴᠢᠯᠡᠭᠡᠨ ᠤ ᠲᠥᠪ᠂ ᠲᠠᠢ ᠺᠠᠩ ᡁᠢ ᠵᠢᠶᠠ ᠵᠡᠷᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠥᠬᠦ ᠬᠤᠲᠠ ᠶᠢᠨ ᠰᠢᠶᠠᠩ ᠪᠠᠯᠭᠠᠰᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠦᠷᠬᠦᠴᠡ ᠶᠢ 80% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ | ᠵᠡᠭᠡᠯᠢ ᠭᠤᠳᠤᠮᠵᠢ ᠶᠢᠨ ᠭᠡᠷ ᠲᠤ ᠪᠠᠨ ᠰᠠᠭᠤᠵᠤ ᠨᠠᠰᠤᠵᠢᠯ ᠤᠨ ᠠᠰᠠᠷᠠᠮᠵᠢ ᠬᠦᠷᠲᠡᠬᠦ ᠪᠠ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠤᠨ ᠪᠦᠷᠬᠦᠴᠡ ᠶᠢ 100% ᠳᠤ ᠲᠣᠭᠲᠠᠪᠤᠷᠢᠵᠢᠭᠤᠯᠤᠨ᠎ᠠ᠃ | | ᠲᠥᠪ ᠬᠤᠲᠠ ᠶᠢᠨ ᠠᠮᠤᠷ ᠲᠦᠪᠰᠢᠨ ᠢ ᠪᠦᠬᠦ ᠲᠠᠯ᠎ᠠ ᠪᠠᠷ ᠬᠠᠮᠠᠭᠠᠯᠠᠨ᠎ᠠ᠃ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠢ ᠡᠬᠢ | ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮᠵᠢ ᠶᠢ | ᠪᠦᠷᠢᠨᠰᠢᠭᠦᠯᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠵᠠᠬᠢᠳᠠᠯ ᠰᠣᠷᠪᠤᠯᠵᠢᠯᠠᠭ᠎ᠠ ᠶᠢ | ᠣᠷᠣᠯᠠᠨ ᠭᠦᠢᠴᠡᠳᠬᠡᠬᠦ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠲᠠᠸᠠᠷ ᠤᠨ ᠭᠡᠷ ᠪᠠᠶᠢᠰᠢᠩ ᠤᠨ | ᠪᠡᠯᠡᠨ ᠭᠡᠷ ᠪᠠᠶᠢᠰᠢᠩ ᠢ ᠪᠣᠷᠣᠯᠠᠭᠤᠯᠬᠤ ᠲᠤᠷᠰᠢᠯᠲᠠ ᠶᠢᠨ ᠴᠡᠭ ᠢ ᠬᠡᠷᠡᠭᠵᠢᠭᠦᠯᠵᠦ᠂ ᠭᠡᠷ ᠪᠠᠶᠢᠰᠢᠩ ᠭᠠᠵᠠᠷ | ᠬᠥᠷᠥᠩᠭᠡ ᠶᠢᠨ ᠦᠯᠡᠳᠡᠭᠳᠡᠯ ᠠᠰᠠᠭᠤᠳᠠᠯ ᠢ ᠦᠷᠭᠦᠯᠵᠢᠯᠡᠨ ᠰᠢᠢᠳᠪᠦᠷᠢᠯᠡᠨ᠎ᠡ᠃ ᠲᠥᠪ᠂ ᠥᠪᠡᠷᠲᠡᠭᠡᠨ ᠵᠠᠰᠠᠬᠤ | ᠣᠷᠣᠨ ᠤ ᠥᠷᠢ ᠥᠭᠴᠡᠭᠡ ᠶᠢ ᠠᠷᠢᠯᠭᠠᠬᠤ ᠬᠠᠮ ᠲᠥᠷᠥ ᠶᠢᠨ ᠪᠣᠳᠣᠯᠭ᠎ᠠ ᠶᠢ ᠰᠠᠶᠢᠲᠤᠷ ᠠᠰᠢᠭᠯᠠᠨ᠂ ᠵᠠᠰᠠᠭ ᠤᠨ | ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠨ᠎ᠠ᠃ ᠥᠨᠳᠥᠷ ᠡᠷᠡᠰᠳᠡᠯᠲᠦ ᠳᠤᠮᠳᠠ | ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠪᠦᠬᠦᠨ ᠢ ᠠᠷᠢᠯᠭᠠᠬᠤ ᠶᠢ ᠠᠬᠢᠭᠤᠯᠤᠨ᠎ᠠ᠃ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠠᠬᠢᠭᠤᠯᠵᠤ᠂ ᠴᠠᠬᠢᠯᠭᠠᠨ ᠬᠤᠯᠪᠣᠭᠠᠨ ᠤ ᠮᠡᠬᠡᠯᠡᠯ᠂ ︽ᠱᠠᠯᠢᠭ ᠵᠠᠪᠬᠠᠢ | ᠵᠣᠭᠤᠰ ᠮᠥᠷᠥᠶᠢᠴᠡᠬᠦ ᠬᠤᠣᠷ ᠰᠠᠷᠢᠭᠠᠯᠠᠬᠤ︾ ︽ᠢᠳᠡᠭᠡᠨ ᠡᠮ ᠤᠨ ᠵᠦᠢᠯ ᠣᠷᠴᠢᠨ ᠲᠣᠭᠤᠷᠢᠨ︾ ᠵᠡᠷᠭᠡ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠣᠨ ᠪᠡᠯᠡᠳᠬᠡᠯ ᠬᠦᠴᠦᠨ ᠤ ᠪᠠᠶᠢᠭᠤᠯᠤᠯᠲᠠ ᠶᠢ | ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠪᠠᠶᠢᠭᠤᠯᠤᠯᠲᠠ ᠶᠢ ᠶᠡᠬᠡᠪᠡᠷ | ᠳᠠᠮᠵᠢᠵᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠢ ᠰᠠᠶᠢᠲᠤᠷ ᠬᠢᠨ᠎ᠡ᠃ | ︵ᠶᠢᠰᠦ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠎ᠠ | ᠨᠢᠭᠡ ᠳᠤ᠂ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠣᠷᠣᠨ ᠤ ᠲᠥᠪ ᠬᠤᠲᠠ ᠶᠢᠨ ᠦᠢᠯᠡᠳᠦᠯᠭᠡ ᠶᠢ ᠵᠢᠯᠣᠭᠤᠳᠤᠭᠤᠯᠵᠤ᠂ ᠪᠥᠬᠦ ᠬᠦᠴᠦᠨ ᠢᠶᠠᠷ ᠢᠶᠠᠨ | ᠬᠡᠷᠡᠭᠵᠢᠭᠦᠯᠦᠯᠲᠡ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠲᠡᠷᠡ | ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠣᠨ᠎ᠠ᠃ ᠬᠤᠶᠠᠷ ᠲᠤ᠂ | ᠬᠠᠤᠯᠢᠵᠢᠯ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠤᠯᠠᠮ ᠨᠢᠭᠡ | ᠠᠯᠬᠤᠮ ᠪᠠᠲᠤᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ᠂ ᠠᠷᠠᠳᠴᠢᠯᠠᠭᠰᠠᠨ | ᠬᠢᠨᠠᠯᠲᠠ᠂ ᠬᠢᠨᠠᠨ ᠪᠠᠶᠢᠴᠠᠭᠠᠬᠤ ᠬᠢᠨᠠᠯᠲᠠ᠂ ᠬᠢᠨᠠᠨ ᠪᠤᠳᠤᠬᠤ ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ | ︽ᠦᠨᠡᠨᠴᠢ ᠢᠲᠡᠭᠡᠮᠵᠢᠲᠡᠢ ᠬᠥᠬᠡᠬᠤᠲᠠ︾ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠯ ᠢᠶᠠᠷ ᠤᠳᠤᠷᠢᠳᠤᠮᠵᠢ ᠪᠣᠯᠭᠠᠵᠤ᠂ ︽ᠰᠢᠨ᠎ᠡ ᠳᠠᠷᠤᠭ᠎ᠠ ᠬᠠᠭᠤᠴᠢᠨ | ᠳᠠᠩᠰᠠ ᠶᠢ ᠡᠮᠬᠢᠯᠡᠬᠦ︾ ︽ᠣᠳᠣ ᠶᠢᠨ ᠳᠠᠷᠤᠭ᠎ᠠ ᠰᠢᠨ᠎ᠡ ᠥᠷᠢ ᠥᠭᠴᠡᠭᠡ ᠭᠠᠷᠭᠠᠬᠤ ᠦᠭᠡᠢ︾ ᠪᠠᠶᠢᠬᠤ ᠶᠢ | ᠪᠠᠷᠢᠮᠲᠠᠯᠠᠨ᠂ ︽ᠰᠢᠷᠭᠠᠭᠤ ᠠᠵᠢᠯᠯᠠᠬᠤ︾ ᠶᠢ ᠲᠡᠷᠢᠭᠦᠨ ᠳᠤ ᠲᠠᠯᠪᠢᠵᠤ᠂ ︽ ᠪᠤᠰᠢᠭᠤ ᠲᠦᠷᠭᠡᠨ︾ ᠢ ᠴᠢᠬᠤᠯᠠᠴᠢᠯᠠᠵᠤ᠂ | ᠡᠭᠦᠷᠭᠡᠯᠡᠬᠦ ᠶᠣᠰᠣᠲᠠᠢ ᠬᠠᠷᠢᠭᠤᠴᠠᠯᠭ᠎ᠠ ᠠᠴᠠ ᠶᠠᠭᠠᠬᠢᠭᠰᠠᠨ ᠴᠤ ᠵᠠᠶᠢᠯᠠᠬᠤ ᠦᠭᠡᠢ᠂ ᠠᠬᠢᠭᠤᠯᠬᠤ ᠶᠣᠰᠣᠲᠠᠢ ᠠᠵᠢᠯ ᠢ | ᠶᠠᠭᠠᠬᠢᠭᠰᠠᠨ ᠴᠤ ᠬᠤᠴᠣᠷᠤᠭᠳᠠᠭᠤᠯᠬᠤ ᠦᠭᠡᠢ᠂ ᠪᠣᠳᠠᠲᠤ ᠠᠵᠢᠯᠯᠠᠭ᠎ᠠ ᠪᠠᠷ ᠢᠶᠠᠨ ᠪᠣᠳᠠᠲᠠᠢ ᠠᠵᠢᠯᠯᠠᠬᠤ ᠮᠥᠨ | ᠴᠢᠨᠠᠷ ᠢᠶᠠᠨ ᠢᠯᠡᠷᠡᠭᠦᠯᠦᠨ᠎ᠡ᠃ ᠳᠥᠷᠪᠡ ᠳᠤ᠂ ᠠᠷᠠᠳ ᠲᠦᠮᠡᠨ ᠳᠤ ᠦᠢᠯᠡᠴᠢᠯᠡᠬᠦ ᠪᠠᠷ ᠭᠤᠣᠯ ᠪᠣᠯᠭᠠᠵᠤ᠂ ᠬᠤᠲᠠ ᠶᠢᠨ | ᠠᠷᠠᠳ ᠣᠯᠠᠨ ᠤ ︽ᠠᠩᠬᠠᠷᠤᠯ ᠤᠨ ᠴᠡᠭ︾ ᠪᠠᠷ ᠦᠢᠯᠡᠴᠢᠯᠡᠭᠡ ᠪᠠᠨ ᠰᠢᠯᠢᠳᠡᠭᠵᠢᠭᠦᠯᠬᠦ ︽ᠰᠢᠪᠲᠤᠯᠤᠯᠲᠠ ᠶᠢᠨ ᠴᠡᠭ︾ | ᠪᠣᠯᠭᠠᠵᠤ᠂ ᠲᠥᠯᠥᠭᠡᠯᠡᠭᠴᠢ ᠭᠡᠰᠢᠭᠦᠳ ᠤᠨ ︽ᠲᠥᠪᠯᠡᠷᠡᠯ ᠤᠨ ᠴᠡᠭ︾ ᠢᠶᠠᠷ ᠠᠵᠢᠯ ᠢᠶᠠᠨ ᠰᠠᠶᠢᠵᠢᠷᠠᠭᠤᠯᠬᠤ | ︽ᠬᠦᠴᠦᠯᠡᠬᠦ ᠴᠡᠭ︾ ᠪᠣᠯᠭᠠᠵᠤ᠂ ᠵᠠᠰᠠᠭ ᠤᠨ ᠣᠷᠳᠣᠨ ᠤ ︽ᠵᠣᠪᠠᠭᠤᠷᠢ ᠵᠦᠳᠡᠭᠦᠷᠢ ᠶᠢᠨ ᠬᠡᠮᠵᠢᠶ᠎ᠡ︾ ᠪᠠᠷ ᠤᠯᠠᠨ | ᠲᠦᠮᠡᠨ ᠤ ︽ᠵᠣᠯ ᠵᠢᠷᠭᠠᠯ ᠤᠨ ᠬᠡᠮᠵᠢᠶ᠎ᠡ︾ ᠶᠢ ᠰᠣᠯᠢᠬᠤ ᠪᠠᠷ ᠴᠢᠷᠮᠠᠶᠢᠨ᠎ᠠ᠃ ᠲᠠᠪᠤ ᠳᠤ᠂ ᠠᠷᠢᠭᠤᠨ ᠴᠢᠬᠡᠴᠢ ᠪᠠᠷ | ᠬᠤᠷᠢᠭ᠎ᠠ ᠱᠤᠭᠤᠮ ᠪᠣᠯᠭᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠠᠵᠤ ᠠᠬᠤᠢ | ᠨᠡᠶᠢᠭᠡᠮ ᠤᠨ ᠬᠥᠭᠵᠢᠯᠲᠡ ᠲᠠᠢ ᠵᠡᠷᠭᠡᠪᠡᠷ ᠲᠥᠯᠥᠪᠵᠢᠭᠦᠯᠵᠦ᠂ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠠᠬᠢᠭᠤᠯᠬᠤ ᠶᠢ | ᠪᠠᠷᠢᠮᠲᠠᠯᠠᠵᠤ᠂ ᠡᠷᠬᠡ ᠶᠢ ᠠᠰᠢᠭᠯᠠᠨ ︽ ᠠᠰᠢᠭ ᠬᠦᠷᠳᠡᠬᠦ︾᠂ ᠢᠨᠵᠧᠨᠧᠷᠢᠩ ᠳᠤ ᠭᠠᠷ ᠳᠦᠷᠦᠨ ︽ᠬᠤᠨᠵᠢᠪᠤᠷᠢ ᠣᠯᠬᠤ︾ | ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ︽ᠵᠠᠪᠰᠢᠶᠠᠨ ᠢ ᠳᠠᠯᠢᠮᠳᠠᠭᠤᠯᠬᠤ︾ ᠶᠢ ᠴᠢᠩᠭ᠎ᠠ ᠰᠡᠷᠭᠡᠶᠢᠯᠡᠵᠦ᠂ | ᠤᠳᠠᠭ᠎ᠠ ᠪᠦᠷᠢ ᠶᠢᠨ ᠰᠢᠢᠳᠪᠦᠷᠢᠲᠦ ᠪᠣᠳᠣᠯᠭ᠎ᠠ᠂ ᠠᠬᠢᠭᠤᠯᠤᠭᠰᠠᠨ ᠠᠵᠢᠯ ᠨᠢᠭᠡᠪᠦᠷᠢ ᠴᠥᠮ ᠲᠡᠦᠬᠡ ᠶᠢᠨ ᠰᠢᠯᠭᠠᠯᠲᠠ᠂ | ᠦᠢᠯᠡᠳᠦᠯᠭᠡ ᠶᠢᠨ ᠰᠢᠯᠭᠠᠯᠲᠠ᠂ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠨ᠎ᠠ᠃ | | | ᠲᠥᠯᠥᠭᠡᠯᠡᠭᠴᠢᠳ ᠠ᠋᠂ ᠡᠷᠡᠯᠬᠡᠭᠯᠡᠨ ᠤᠷᠤᠭᠰᠢᠯᠠᠪᠠᠯ ᠯᠠᠪᠲᠠᠢ ᠨᠡᠩ ᠭᠤᠶᠢᠳᠠ ᠦᠵᠡᠮᠵᠢ ᠪᠤᠢ᠂ ᠴᠢᠷᠮᠠᠶᠢᠨ | ᠲᠡᠮᠡᠴᠡᠪᠡᠯ ᠰᠠᠶ᠋ᠢ ᠴᠠᠭ ᠦᠶ᠎ᠡ ᠶᠢ ᠬᠥᠰᠡᠷᠳᠡᠭᠦᠯᠬᠦ ᠦᠭᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠶᠣᠰᠣᠭᠠᠷ᠂ ᠬᠠᠷᠠᠯᠲᠠ ᠪᠠᠨ ᠲᠣᠭᠲᠠᠭᠠᠨ ᠬᠥᠭᠵᠢᠯᠲᠡ ᠶᠢ ᠠᠳᠬᠤᠨ᠂ ᠪᠦᠬᠦ ᠬᠦᠴᠦᠨ ᠢᠶᠠᠷ ᠢᠶᠠᠨ | ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ | ᠬᠤᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | | | | ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ |