ᠰᠠᠶᠢᠬᠠᠨ ᠲᠣᠭᠤᠷᠢᠭ᠄ ᠨᠡᠶᠢᠳᠡ  ᠶᠢᠨ ᠲᠣᠭᠤᠢ ᠲᠡᠷᠭᠡ  ᠶᠢ ᠴᠡᠭᠴᠡᠯᠡᠨ ᠵᠠᠰᠠᠨ᠎ᠠ
ᠨᠡᠶᠢᠲᠡᠯᠡᠭᠰᠡᠨ ᠴᠠᠭ᠄
2025/3/31
      ᠬᠠᠮᠲᠤ ᠪᠠᠷ ᠡᠳ᠋ᠯᠡᠬᠦ ᠳᠤᠭᠤᠢ ᠲᠡᠷᠭᠡ ᠨᠢ ᠨᠢᠭᠡ ᠵᠦᠢᠯ ᠤᠨ ᠪᠣᠬᠢᠷᠲᠤᠯ ᠦᠭᠡᠢ᠂ ᠳᠥᠭᠦᠮ ᠳᠥᠲᠡ ᠶᠠᠪᠤᠵᠤ ᠰᠠᠭᠤᠬᠤ ᠠᠷᠭ᠎ᠠ ᠬᠡᠯᠪᠡᠷᠢ ᠪᠣᠯᠤᠭᠰᠠᠨ ᠤ ᠬᠤᠪᠢ ᠳᠤ᠂ ᠬᠤᠲᠠ ᠶᠢᠨ ᠵᠠᠮ ᠬᠠᠷᠢᠯᠴᠠᠭᠠᠨ ᠤ ᠳᠤᠮᠳᠠ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠣᠶᠢᠷ᠎ᠠ ᠳᠤ᠂ ᠰᠠᠶᠢᠬᠠᠨ ᠰᠠᠶᠢᠬᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ  ᠬᠥᠳᠡᠯᠦᠯᠴᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃            3 ᠰᠠᠷ᠎ᠠ ᠶᠢᠨ 21  ᠤ ᠡᠳᠦᠷ᠂ ᠰᠠᠶᠢᠬᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠳᠤᠭᠤᠢ ᠲᠡᠷᠭᠡᠨ ᠤ ᠵᠠᠷ ᠰᠤᠷᠲᠠᠯᠴᠢᠯᠠᠭ᠎ᠠ ᠶᠢᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃
图片13.jpg      
           ᠴᠡᠭᠴᠡᠯᠡᠨ ᠵᠠᠰᠠᠬᠤ ᠶᠠᠪᠤᠴᠠ ᠳᠤ᠂ ᠰᠠᠶᠢᠬᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠲᠠᠳ ᠪᠠᠰᠠ ᠬᠤᠲᠠ ᠶᠢᠨ ᠠᠷᠠᠳ ᠲᠤ ᠳᠤᠭᠤᠢ ᠲᠡᠷᠭᠡ ᠶᠢ ᠤᠬᠠᠭᠤᠯᠤᠨ ᠬᠠᠶᠢᠷᠠᠯᠠᠵᠤ᠂ ᠬᠤᠲᠠ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ ᠴᠢᠬᠤᠯᠠ ᠴᠢᠨᠠᠷ ᠢ ᠤᠬᠠᠭᠤᠯᠵᠤ᠂ ᠣᠯᠠᠨ ᠢᠶᠠᠷ ᠢᠶᠠᠨ ᠳᠤᠷ᠎ᠠ ᠪᠠᠷ ᠢᠶᠠᠨ ᠵᠠᠷ ᠮᠡᠳᠡᠭᠡ ᠨᠠᠭᠠᠬᠤ ᠠᠵᠢᠯᠯᠠᠭ᠎ᠠ ᠶᠢ ᠬᠠᠮᠲᠤᠪᠠᠷ ᠡᠰᠡᠷᠭᠦᠴᠡᠬᠦ ᠶᠢ ᠤᠷᠢᠶᠠᠯᠠᠪᠠ᠃             ᠰᠠᠶᠢᠬᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠤᠬᠠᠭᠤᠯᠬᠤ ᠲᠠᠰᠤᠭ ᠤᠨ ᠬᠠᠷᠢᠭᠤᠴᠠᠯᠭᠠᠲᠠᠨ ᠵᠠᠩ ᠶᠦᠩ ᠢᠯᠡᠷᠬᠡᠶᠢᠯᠡᠬᠦ ᠳᠡᠭᠡᠨ᠂ ᠬᠤᠵᠢᠮ ᠬᠠᠮᠲᠤ ᠪᠠᠷ ᠡᠳ᠋ᠯᠡᠬᠦ ᠳᠤᠭᠤᠢ ᠲᠡᠷᠭᠡ ᠵᠢᠴᠢ ᠬᠤᠲᠠ ᠶᠢᠨ ᠡᠯ᠎ᠡ ᠲᠥᠷᠥᠯ ᠤᠨ ᠳᠤᠷ᠎ᠠ ᠪᠠᠷ ᠢᠶᠠᠨ ᠵᠢᠵᠢᠭ ᠵᠠᠷ ᠮᠡᠳᠡᠭᠡ ᠶᠢ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠮᠲᠤ ᠪᠠᠷ ᠡᠳ᠋ᠯᠡᠬᠦ ᠳᠤᠭᠤᠢ ᠲᠡᠷᠭᠡᠨ ᠤ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠮᠲᠤᠷᠠᠨ ᠴᠡᠪᠡᠷᠯᠡᠬᠦ ᠠᠵᠢᠯᠯᠠᠭ᠎ᠠ ᠥᠷᠨᠢᠭᠦᠯᠵᠦ᠂ ᠬᠤᠲᠠ ᠶᠢᠨ ᠠᠷᠠᠳ ᠲᠤ ᠴᠡᠪᠡᠷ ᠴᠡᠮᠴᠡᠭᠡᠷ᠂ ᠡᠮᠬᠢ ᠵᠢᠷᠤᠮ ᠲᠠᠢ᠂ ᠪᠣᠯᠪᠠᠰᠤᠨ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ ᠭᠡᠵᠡᠢ᠃          ᠢᠷᠡᠯᠲᠡ ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号