ᠬᠥᠬᠡᠬᠤᠲᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠰᠬᠠᠢ ᠪᠡᠯᠡ ᠮᠥᠩᠭᠦ ᠶᠢ 7827.80 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2025/3/31
       ︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠭᠡᠯᠡᠭᠴᠢ ᠸᠠᠩ ᠰᠢᠦ ᠵᠢᠤᠸᠠᠨ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠤᠨ ︽2025 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠰᠬᠠᠢ ᠪᠡᠯᠡ ᠮᠥᠩᠭᠦ ᠶᠢᠨ ᠲᠥᠰᠥᠪ ᠢ ᠪᠠᠭᠤᠯᠭᠠᠬᠤ ᠲᠤᠬᠠᠢ ᠮᠡᠳᠡᠭᠳᠡᠯ︾ ᠢ ᠦᠨᠳᠦᠰᠦᠯᠡᠨ᠂ ᠣᠶᠢᠷ᠎ᠠ ᠳᠤ᠂ ᠬᠥᠬᠡᠬᠤᠲᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠰᠬᠠᠢ ᠪᠡᠯᠡ ᠮᠥᠩᠭᠦ 7827.80 ᠲᠦᠮᠡᠨ ᠲᠥᠭᠦᠷᠢᠭ ᠪᠠᠭᠤᠯᠭᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠵᠢᠭᠠᠨ ᠰᠤᠷᠭᠠᠯᠲᠠ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠵᠢᠴᠢ ᠲᠤᠷᠰᠢᠯᠲᠠ ᠶᠢᠨ ᠲᠠᠰᠤᠭ ᠤᠨ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠶᠢ ᠳᠡᠮᠵᠢᠬᠦ ᠳᠤ ᠲᠤᠰᠬᠠᠢ ᠬᠡᠷᠡᠭᠯᠡᠪᠡ᠃ ᠲᠣᠰ ᠪᠡᠯᠡ ᠮᠥᠩᠭᠦ ᠶᠢ ᠪᠠᠭᠤᠯᠭᠠᠭᠰᠠᠨ ᠨᠢ ᠪᠥᠬᠦ ᠬᠤᠲᠠ ᠶᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠥᠬᠦ ᠲᠠᠯ᠎ᠠ ᠪᠠᠷ ᠲᠣᠭᠲᠠᠭᠤᠨ ᠢᠶᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号