ᠭᠤᠷᠪᠠᠨ ᠬᠡᠦᠬᠡᠳ ᠠᠪᠬᠤ ᠳᠤ 100000 ᠲᠥᠭᠦᠷᠢᠭ ᠤᠨ ᠨᠥᠬᠦᠪᠦᠷᠢ ᠣᠯᠭᠤᠨ᠎ᠠ
ᠨᠡᠶᠢᠲᠡᠯᠡᠭᠰᠡᠨ ᠴᠠᠭ᠄
2025/3/31
        ︽ᠬᠥᠮᠥᠨ ᠠᠮᠠ ᠶᠢᠨ ᠲᠥᠪᠯᠡᠷᠡᠯ ᠢ ᠠᠬᠢᠭᠤᠯᠵᠤ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠭᠦᠭᠡᠬᠤᠲᠠ ᠵᠠᠰᠠᠭ ᠲᠠᠷᠬᠠᠭᠠᠭᠰᠠᠨ  ﹇2025﹈ 7 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠭᠦᠭᠡᠬᠤᠲᠠ ᠶᠢᠨ ᠬᠢᠨ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠬᠤ ᠨᠠᠷᠢᠨ ᠳᠦᠷᠢᠮ ᠢ ᠨᠡᠶᠢᠳᠡᠯᠡᠪᠠ᠃            ᠨᠠᠷᠢᠨ ᠳᠦᠷᠢᠮ ᠳᠤ᠂ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠬᠤ ᠪᠠᠷᠢᠮᠵᠢᠶ᠎ᠠ ᠶᠢᠨ ᠲᠤᠬᠠᠢ᠄           1. ᠨᠢᠭᠡ ᠬᠡᠦᠬᠡᠳ ᠠᠪᠬᠤ ᠳᠤ ᠨᠢᠭᠡ ᠯᠡ ᠤᠳᠠᠭ᠎ᠠ ᠳᠡᠭᠡᠷ᠎ᠡ 10000 ᠲᠥᠭᠦᠷᠢᠭ ᠤᠨ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠨ᠎ᠠ︔           2. ᠬᠤᠶᠠᠷ ᠬᠡᠦᠬᠡᠳ ᠠᠪᠬᠤ ᠳᠤ 50000 ᠲᠥᠭᠦᠷᠢᠭ ᠤᠨ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠵᠤ᠂ ᠵᠢᠯ ᠪᠦᠷᠢ 10000 ᠲᠥᠭᠦᠷᠢᠭ ᠢᠶᠠᠷ ᠪᠦᠬᠦᠯᠢ 5 ᠨᠠᠰᠤ ᠭᠦᠷᠲᠡᠯ᠎ᠡ ᠣᠯᠭᠤᠨ᠎ᠠ︔           3. ᠭᠤᠷᠪᠠ ᠵᠢᠴᠢ ᠲᠡᠭᠦᠨ ᠠᠴᠠ ᠳᠡᠭᠡᠭᠰᠢ ᠬᠡᠦᠬᠡᠳ ᠠᠪᠬᠤ ᠳᠤ 100000 ᠲᠥᠭᠦᠷᠢᠭ ᠤᠨ ᠬᠡᠦᠬᠡᠳ ᠬᠥᠮᠥᠵᠢᠭᠦᠯᠬᠦ ᠨᠥᠬᠦᠪᠦᠷᠢ ᠣᠯᠭᠤᠵᠤ᠂ ᠵᠢᠯ ᠪᠦᠷᠢ 10000 ᠲᠥᠭᠦᠷᠢᠭ ᠢᠶᠠᠷ ᠪᠦᠬᠦᠯᠢ 10 ᠨᠠᠰᠤ ᠭᠦᠷᠲᠡᠯ᠎ᠡ ᠣᠯᠭᠤᠨ᠎ᠠ ᠭᠡᠵᠦ ᠲᠣᠭᠲᠠᠪᠠ᠃             ᠬᠢᠷᠢ ᠭᠡᠮ ᠢ ᠮᠠᠭᠠᠳᠯᠠᠨ ᠲᠣᠭᠲᠠᠭᠠᠬᠤ ᠲᠤᠬᠠᠢ᠄     
  1. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠠᠮᠠ ᠬᠢᠭᠡᠳ ᠲᠥᠯᠥᠪᠯᠡᠭᠡᠲᠦ ᠦᠷᠡᠵᠢᠯ ᠤᠨ
  1. ᠳᠦᠷᠢᠮ︾ ᠤᠨ ᠲᠣᠭᠲᠠᠭᠠᠯ ᠳᠤ ᠨᠡᠶᠢᠴᠡᠵᠦ ᠬᠡᠦᠬᠡᠳ ᠠᠪᠤᠭᠰᠠᠨ ᠭᠡᠷ ᠪᠦᠯᠢ︔     
  1. 2. 2025 ᠣᠨ ᠤ 3 ᠰᠠᠷ᠎ᠠ ᠶᠢᠨ 1 ᠤ ᠡᠳᠦᠷ ᠠᠴᠠ ᠬᠤᠶᠢᠰᠢ ︵3 ᠰᠠᠷ᠎ᠠ ᠶᠢᠨ 1 ᠤ ᠡᠳᠦᠷ ᠪᠠᠭᠲᠠᠨ᠎ᠠ ︶
  1. ᠬᠠᠤᠯᠢ ᠶᠣᠰᠣᠭᠠᠷ ᠬᠡᠦᠬᠡᠳ ᠠᠪᠤᠭᠰᠠᠨ ᠭᠡᠷ ᠪᠦᠯᠢ︔     
  1. 3. ᠡᠷ᠎ᠡ ᠡᠮ᠎ᠡ ᠬᠤᠶᠠᠷ ᠲᠠᠯ᠎ᠠ ᠶᠢᠨ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠨᠢ ᠴᠥᠮ ᠭᠦᠭᠡᠬᠤᠲᠠ ᠪᠤᠶᠤ
  1. ᠨᠢᠭᠡ ᠲᠠᠯ᠎ᠠ ᠶᠢᠨ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠨᠢ ᠭᠦᠭᠡᠬᠤᠲᠠ ᠪᠤᠯᠬᠤ᠂ ᠭᠦᠭᠡᠬᠤᠲᠠ ᠳᠤ 
  1. ᠣᠷᠣᠰᠢᠨ ᠰᠠᠭᠤᠵᠤ᠂ ᠠᠵᠢᠯᠯᠠᠵᠤ᠂ ᠠᠮᠢᠳᠤᠷᠠᠵᠤ᠂ ᠬᠥᠮᠥᠨ᠂ ᠭᠡᠷ ᠪᠠᠶᠢᠰᠢᠩ᠂ ᠡᠷᠦᠭᠡ ᠠᠮᠠ ᠨᠢ ᠨᠢᠭᠡᠳᠦᠯᠲᠡᠢ 
  1. ᠪᠠᠶᠢᠬᠤ ᠶᠢ ᠱᠠᠭᠠᠷᠳᠠᠬᠤ ᠮᠥᠷᠲᠡᠭᠡᠨ ᠰᠠᠶ᠋ᠢ ᠲᠥᠷᠥᠭᠰᠡᠨ ᠬᠡᠦᠬᠡᠳ ᠨᠢ ᠠᠩᠬ᠎ᠠ ᠤᠳᠠᠭ᠎ᠠ ᠭᠦᠭᠡᠬᠤᠲᠠ ᠳᠤ ᠡᠷᠦᠭᠡ 
  1. ᠠᠮᠠ ᠣᠷᠣᠵᠤ ᠪᠠᠶᠢᠭ᠎ᠠ ᠭᠡᠷ ᠪᠦᠯᠢ ᠨᠢ ᠲᠤᠰ ᠨᠥᠬᠦᠪᠦᠷᠢ ᠶᠢ ᠡᠳ᠋ᠯᠡᠵᠦ ᠪᠣᠯᠣᠨ᠎ᠠ ᠭᠡᠵᠦ ᠲᠣᠭᠲᠠᠪᠠ᠃
  1.  
  1.  
  1. ︵ᠢᠷᠡᠯᠲᠡ᠄ ᠭᠦᠭᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶
  1.  
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号