| | | | ᠣᠶᠢᠷ᠎ᠠ ᠳᠤ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠠᠯᠠᠰᠢᠨ ᠦᠬᠡᠷ ᠤᠨ | ᠡᠭᠦᠯᠳᠡᠷ ᠪᠣᠶᠢᠵᠢᠭᠤᠯᠤᠨ ᠰᠢᠨ᠎ᠡ ᠶᠢ ᠡᠭᠦᠳᠬᠦ ᠪᠦᠯᠬᠦᠮ ᠨᠡᠶᠢᠲᠡ ᠶᠢᠨ ᠬᠢᠨ ᠥᠪᠥᠷ ᠮᠣᠩᠭᠤᠯ ᠤᠨ ᠲᠠᠷᠢᠶᠠᠯᠠᠩ ᠤᠨ | ᠶᠡᠭᠡ ᠰᠤᠷᠭᠠᠭᠤᠯᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠤ ᠬᠦᠷᠢᠶᠡᠯᠡᠩ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠯᠦᠭᠡ ᠬᠠᠮᠲᠤᠷᠠᠨ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ | ᠥᠮᠴᠢᠯᠡᠯ ᠤᠨ ᠡᠷᠬᠡ ᠲᠠᠢ ᠮᠣᠩᠭᠤᠯ ᠦᠬᠡᠷ ᠤᠨ 10K ᠰᠢᠩᠭᠡᠨ ᠲᠥᠯᠥᠪᠲᠦ ᠡᠭᠦᠯᠳᠡᠷ ᠪᠣᠶᠢᠵᠢᠭᠤᠯᠬᠤ | ᠠᠩᠬᠠᠳᠠᠭᠴᠢ ᠴᠢᠫ - ︽ᠰᠢᠶᠠᠩ ᠨᠢᠦ 1 ᠨᠣᠮᠧᠷᠲᠤ︾ ᠴᠢᠫ ᠢ ᠠᠮᠵᠢᠯᠲᠠ ᠲᠠᠢ ᠰᠤᠳᠤᠯᠤᠨ ᠪᠦᠲᠦᠭᠡᠪᠡ᠃ ︽ᠰᠢᠶᠠᠩ | ᠨᠢᠦ 1 ᠨᠣᠮᠧᠷᠲᠤ︾ ᠤᠨ ᠪᠠᠶᠢᠴᠠᠭᠠᠨ ᠰᠢᠯᠭᠠᠬᠤ ᠥᠪᠡᠷ ᠤᠨ ᠥᠷᠲᠡᠭ ᠨᠢ ᠣᠯᠠᠨ ᠤᠯᠤᠰ ᠤᠨ ᠠᠳᠠᠯᠢ | ᠲᠥᠷᠥᠯ ᠤᠨ ᠪᠦᠲᠦᠭᠡᠭᠳᠡᠬᠦᠨ ᠯᠦᠭᠡ ᠬᠠᠷᠢᠴᠠᠭᠤᠯᠬᠤ ᠳᠤ ᠶᠡᠭᠡ ᠪᠠᠷ ᠪᠠᠭᠤᠷᠠᠵᠤ᠂ ᠭᠧᠨ ᠤ ᠵᠠᠭᠪᠤᠷ ᠤᠨ | ᠵᠠᠳᠠᠯᠤᠯᠲᠠ ᠶᠢᠨ ᠨᠢᠭᠡᠳᠦᠯᠲᠦ ᠴᠢᠨᠠᠷ ᠨᠢ 99.75% ᠳᠤ ᠬᠦᠷᠴᠦ᠂ ᠪᠦᠬᠦᠯᠢ ᠴᠣᠭᠴᠠ ᠶᠢᠨ ᠴᠢᠳᠠᠮᠵᠢ ᠨᠢ ᠣᠯᠠᠨ | ᠤᠯᠤᠰ ᠤᠨ ᠭᠤᠣᠯ ᠪᠣᠯᠬᠤ ᠲᠦᠪᠰᠢᠨ ᠳᠤ ᠬᠦᠷᠦᠭᠰᠡᠨ ᠪᠠᠶᠢᠨ᠎ᠠ᠃ ᠣᠳᠣᠬᠠᠨ ᠳᠤ᠂ ︽ᠰᠢᠶᠠᠩ ᠨᠢᠦ 1 ᠨᠣᠮᠧᠷᠲᠤ︾ | ᠨᠢ ︽ᠤᠯᠤᠰ ᠤᠨ ᠲᠠᠰ ᠤᠨ ᠮᠣᠩᠭᠤᠯ ᠦᠬᠡᠷ ᠤᠨ ᠡᠭᠦᠯᠳᠡᠷ ᠬᠠᠮᠠᠭᠠᠯᠠᠬᠤ ᠲᠠᠯᠠᠪᠠᠶ︾ ᠪᠣᠯᠬᠤ ᠰᠥᠨᠢᠳ ᠵᠡᠭᠦᠨ | ᠬᠤᠰᠢᠭᠤᠨ ᠤ ᠤᠤᠯ ᠡᠭᠦᠯᠳᠡᠷ ᠤᠨ ᠮᠠᠯ ᠠᠵᠤ ᠠᠬᠤᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ 580 | ᠮᠣᠩᠭᠤᠯ ᠦᠬᠡᠷ ᠤᠨ ᠭᠧᠨ ᠤ ᠰᠢᠯᠭᠠᠨ ᠪᠠᠶᠢᠴᠠᠭᠠᠯᠲᠠ ᠪᠠ ᠤᠳᠤᠮᠰᠢᠯ ᠤᠨ ᠵᠠᠳᠠᠯᠤᠭ ᠲᠤ ᠲᠤᠰᠠ ᠪᠣᠯᠵᠤ᠂ | ︽ᠰᠥᠨᠢᠳ ᠦᠬᠡᠷ︾ ᠤᠨ ᠰᠢᠨ᠎ᠡ ᠤᠳᠤᠮᠰᠢᠯ ᠤᠨ ᠡᠬᠢ ᠪᠠᠶᠠᠯᠢᠭ ᠤᠨ ᠬᠢᠨᠠᠨ ᠲᠣᠭᠲᠠᠭᠠᠯᠲᠠ ᠶᠢ ᠠᠬᠢᠭᠤᠯᠪᠠ︔ ᠲᠤᠰ | ᠪᠦᠯᠬᠦᠮ ᠨᠡᠶᠢᠲᠡ ᠶᠢᠨ ᠬᠢᠨ ᠪᠠᠰᠠ ᠨᠠᠢᠮᠠᠨ ᠬᠤᠰᠢᠭᠤᠨ ᠤ ᠠᠯᠠᠰᠢᠨ ᠦᠬᠡᠷ ᠤᠨ ᠡᠭᠦᠯᠳᠡᠷ ᠰᠠᠶᠢᠵᠢᠷᠠᠭᠤᠯᠤᠭᠰᠠᠨ | ᠮᠣᠩᠭᠤᠯ ᠦᠬᠡᠷ ᠤᠨ ᠡᠬᠡ ᠤᠳᠤᠮ ᠢ ᠡᠷᠢᠵᠦ᠂ ᠥᠪᠥᠷ ᠮᠣᠩᠭᠤᠯ ᠤᠨ ᠭᠤᠤ ᠯᠢᠨ ᠲᠦᠨ ᠲᠤᠰᠬᠤᠨ ᠤ ᠦᠷ᠎ᠡ ᠶᠢᠨ | ᠮᠠᠯ ᠤᠨ ᠲᠠᠯᠠᠪᠠᠶ ᠳᠤ ᠴᠡᠪᠡᠷ ᠡᠭᠦᠯᠳᠡᠷ ᠤᠨ ᠰᠢᠮᠧᠨ᠋ᠲ᠋ᠡᠷ ᠤᠨ ᠰᠦᠷᠦᠭ ᠢ ᠬᠢᠨᠠᠨ ᠲᠣᠭᠲᠠᠭᠠᠵᠤ ᠪᠠᠶᠢᠨ᠎ᠠ᠃ ︵ᠥᠪᠥᠷ | ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ︶ |