ᠣᠷᠣᠨ ᠰᠠᠭᠤᠴᠠ ᠬᠤᠳᠠᠯᠳᠤᠨ ᠠᠪᠤᠭᠰᠠᠨ ᠤ ᠳᠠᠷᠠᠭ᠎ᠠ᠂ ᠶᠠᠮᠠᠷ ᠶᠠᠮᠠᠷ ᠨᠥᠬᠦᠴᠡᠯ ᠢ ᠬᠠᠩᠭᠠᠪᠠᠯ ᠭᠠᠶᠢᠯᠢ ᠶᠢᠨ ᠪᠤᠴᠠᠭᠠᠯᠲᠠ ᠶᠢ ᠡᠳ᠋ᠯᠡᠵᠦ ᠪᠣᠯᠬᠤ ᠪᠣᠢ︖
ᠨᠡᠶᠢᠲᠡᠯᠡᠭᠰᠡᠨ ᠴᠠᠭ᠄
2025/3/4
      ᠣᠶᠢᠷ᠎ᠠ ᠳᠤ ᠵᠠᠷᠢᠮ ᠰᠦᠯᠵᠢᠶᠡᠨ ᠠᠨᠳᠠ᠄ ︽ᠪᠢ ᠡᠨᠡ ᠵᠢᠯ ᠬᠤᠶᠠᠷ ᠬᠡᠦᠬᠡᠳ ᠠᠪᠤᠭᠰᠠᠨ ᠪᠣᠯᠬᠤᠷ ᠲᠠᠯᠠᠪᠠᠶ  ᠨᠢ ᠶᠡᠭᠡ ᠰᠢᠭ ᠨᠢᠭᠡ ᠭᠡᠷ ᠪᠠᠶᠢᠰᠢᠩ ᠰᠣᠯᠢᠵᠤ ᠬᠤᠳᠠᠯᠳᠤᠨ ᠠᠪᠬᠤ ᠪᠠᠷ ᠪᠠᠶᠢᠨ᠎ᠠ᠂ ᠰᠣᠨᠤᠰᠬᠤᠯᠠᠷ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠪᠤᠴᠠᠭᠠᠵᠤ ᠪᠣᠯᠣᠨ᠎ᠠ ᠭᠡᠨ᠎ᠡ᠂ ᠪᠣᠳᠠᠲᠠᠢ ᠪᠠᠷ ᠶᠠᠭᠠᠬᠢᠵᠤ ᠲᠣᠭᠲᠠᠭᠠᠭᠰᠠᠨ ᠪᠣᠶ︖᠂ ᠶᠠᠮᠠᠷ ᠶᠠᠮᠠᠷ ᠨᠥᠬᠦᠴᠡᠯ ᠢ ᠬᠠᠩᠭᠠᠬᠤ ᠴᠢᠬᠤᠯᠠᠲᠠᠢ ᠪᠣᠶ︖︾ ᠭᠡᠵᠦ ᠠᠰᠠᠭᠤᠵᠠᠢ᠃           ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠪᠡᠯ᠂ 2022 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠣᠲᠣ ᠶᠢᠨ ᠰᠠᠭᠤᠭ᠎ᠠ ᠣᠷᠣᠨ ᠰᠠᠭᠤᠴᠠ ᠪᠠᠨ ᠬᠤᠳᠠᠯᠳᠤᠭᠰᠠᠨ ᠤ ᠳᠠᠷᠠᠭᠠᠬᠢ 1 ᠵᠢᠯ ᠤᠨ ᠳᠣᠲᠣᠷ᠎ᠠ ᠵᠠᠬ᠎ᠠ ᠳᠡᠯᠭᠡᠭᠦᠷ ᠠᠴᠠ ᠳᠠᠭᠢᠵᠤ ᠣᠷᠣᠨ ᠰᠠᠭᠤᠴᠠ ᠬᠤᠳᠠᠯᠳᠤᠨ ᠠᠪᠤᠭᠰᠠᠨ ᠭᠠᠶᠢᠯᠢ ᠲᠤᠰᠢᠶᠠᠭᠴᠢ ᠶᠢᠨ ᠣᠷᠣᠨ ᠰᠠᠭᠤᠴᠠ ᠪᠠᠨ ᠬᠤᠳᠠᠯᠳᠤᠭᠠᠳ ᠨᠢᠭᠡᠨᠲᠡ ᠲᠤᠰᠢᠶᠠᠭᠰᠠᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠳᠤ ᠭᠠᠶᠢᠯᠢ ᠪᠤᠴᠠᠭᠠᠬᠤ ᠬᠠᠷᠠᠭᠠᠯᠵᠠᠯ ᠦᠵᠡᠭᠦᠯᠦᠨ᠎ᠡ ᠭᠡᠵᠡᠢ᠃ ᠡᠭᠦᠨ ᠳᠤ᠂ ᠰᠢᠨ᠎ᠡ ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠵᠣᠭᠤᠰ ᠤᠨ ᠲᠤᠭ᠎ᠠ ᠨᠢ  ᠬᠤᠳᠠᠯᠳᠤᠭᠰᠠᠨ ᠣᠷᠣᠨ ᠰᠠᠭᠤᠴᠠ ᠶᠢᠨ ᠵᠣᠭᠤᠰ ᠤᠨ ᠲᠤᠭ᠎ᠠ ᠠᠴᠠ ᠶᠡᠭᠡ ᠪᠤᠶᠤ ᠲᠡᠭᠦᠨ ᠲᠠᠢ ᠲᠡᠩᠴᠡᠪᠡᠯ᠂ ᠨᠢᠭᠡᠨᠲᠡ ᠲᠤᠰᠢᠶᠠᠭᠰᠠᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠪᠦᠬᠦᠨ ᠢ ᠪᠤᠴᠠᠭᠠᠨ᠎ᠠ︔ ᠰᠢᠨ᠎ᠡ ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠵᠣᠭᠤᠰ ᠤᠨ ᠲᠤᠭ᠎ᠠ ᠨᠢ ᠬᠤᠳᠠᠯᠳᠤᠭᠰᠠᠨ ᠣᠷᠣᠨ ᠰᠠᠭᠤᠴᠠ ᠶᠢᠨ ᠵᠣᠭᠤᠰ ᠤᠨ ᠲᠤᠭ᠎ᠠ ᠠᠴᠠ ᠪᠠᠭ᠎ᠠ ᠪᠠᠶᠢᠪᠠᠯ᠂ ᠰᠢᠨ᠎ᠡ ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠵᠣᠭᠤᠰ ᠤᠨ ᠲᠤᠭ᠎ᠠ   ᠨᠢ ᠬᠤᠳᠠᠯᠳᠤᠭᠰᠠᠨ ᠣᠷᠣᠨ ᠰᠠᠭᠤᠴᠠ ᠶᠢᠨ ᠵᠣᠭᠤᠰ ᠤᠨ ᠲᠣᠭᠠᠨ ᠤ ᠡᠵᠡᠯᠡᠬᠦ ᠬᠠᠷᠢᠴᠠᠯ ᠢᠶᠠᠷ ᠨᠢᠭᠡᠨᠲᠡ ᠲᠤᠰᠢᠶᠠᠭᠰᠠᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠪᠤᠴᠠᠭᠠᠨ᠎ᠠ᠃ ᠠᠩᠬᠠᠷᠤᠭᠤᠰᠢᠲᠠᠢ ᠨᠢ᠂ ᠠᠳᠡ ᠬᠡᠯᠡᠵᠦ ᠪᠠᠶᠢᠭ᠎ᠠ ᠬᠤᠳᠠᠯᠳᠤᠭᠰᠠᠨ ᠣᠷᠣᠨ ᠰᠠᠭᠤᠴᠠ ᠶᠢᠨ ᠵᠣᠭᠤᠰ ᠤᠨ ᠲᠤᠭ᠎ᠠ ᠪᠠ ᠰᠢᠨ᠎ᠡ ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠵᠣᠭᠤᠰ ᠤᠨ ᠲᠤᠭ᠎ᠠ ᠳᠤ ᠴᠥᠮ ᠦᠷᠳᠡᠭ ᠨᠡᠮᠡᠭᠳᠡᠯ ᠤᠨ ᠭᠠᠶᠢᠯᠢ ᠶᠢ ᠪᠠᠭᠲᠠᠭᠠᠬᠤ ᠦᠭᠡᠢ᠃           ᠭᠠᠶᠢᠯᠢ ᠲᠤᠰᠢᠶᠠᠭᠴᠢ ᠳᠡᠭᠡᠷ᠎ᠡ ᠳᠤᠷᠠᠳᠤᠭᠰᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠡᠳ᠋ᠯᠡᠬᠦ ᠳᠤ ᠡᠷᠬᠡᠪᠰᠢ ᠬᠡᠳᠦᠨ ᠨᠥᠬᠦᠴᠡᠯ ᠢ ᠬᠠᠮᠲᠤ ᠳᠤᠨᠢ ᠬᠠᠩᠭᠠᠬᠤ ᠬᠡᠷᠡᠭᠲᠡᠢ᠃ ᠨᠢᠭᠡ ᠳᠤ᠂ ᠭᠠᠶᠢᠯᠢ ᠲᠤᠰᠢᠶᠠᠭᠴᠢ ᠶᠢᠨ ᠬᠤᠳᠠᠯᠳᠤᠭᠰᠠᠨ ᠪᠠ ᠰᠢᠨ᠎ᠡ ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠨᠢ ᠠᠳᠠᠯᠢ ᠨᠢᠭᠡᠨ ᠬᠤᠲᠠ ᠶᠢᠨ ᠬᠡᠪᠴᠢᠶᠡᠨ ᠳᠤ ᠪᠠᠶᠢᠬᠤ ᠬᠡᠷᠡᠭᠲᠡᠢ᠃ ᠠᠳᠠᠯᠢ ᠨᠢᠭᠡᠨ ᠬᠤᠳᠠ ᠶᠢᠨ ᠬᠦᠷᠢᠶ᠎ᠡ ᠬᠡᠪᠴᠢᠶ᠎ᠡ ᠭᠡᠳᠡᠭ ᠨᠢ ᠠᠳᠠᠯᠢ ᠨᠢᠭᠡᠨ ᠰᠢᠭᠤᠳ ᠬᠠᠷᠢᠶ᠎ᠠ ᠬᠤᠲᠠ᠂ ᠳᠡᠳ᠋ ᠮᠤᠵᠢ ᠶᠢᠨ ᠲᠡᠰ ᠤᠨ ᠬᠤᠳᠠ᠂ ᠲᠤᠰᠬᠠᠢ ᠣᠷᠣᠨ ᠤ ᠲᠡᠰ ᠤᠨ ᠬᠤᠳᠠ ︵ ᠭᠠᠵᠠᠷ ᠣᠷᠣᠨ᠂ ᠵᠧᠦ᠂ ᠠᠶᠢᠮᠠᠭ︶ ᠳᠤ ᠬᠠᠷᠢᠶᠠᠯᠠᠭᠳᠠᠬᠤ ᠪᠦᠬᠦ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠦᠷᠢᠶ᠎ᠡ ᠬᠡᠪᠴᠢᠶ᠎ᠡ ᠶᠢ ᠵᠢᠭᠠᠵᠤ ᠪᠠᠶᠢᠨ᠎ᠠ᠃ ᠬᠤᠶᠠᠷ ᠲᠤ᠂ ᠣᠷᠣᠨ ᠰᠠᠭᠤᠴᠠ ᠪᠠᠨ ᠬᠤᠳᠠᠯᠳᠤᠭᠰᠠᠨ ᠭᠠᠶᠢᠯᠢ ᠲᠤᠰᠢᠶᠠᠭᠴᠢ ᠪᠣᠯᠣᠨ ᠰᠢᠨ᠎ᠡ ᠪᠠᠷ ᠭᠡᠷ ᠪᠠᠶᠢᠰᠢᠩ ᠬᠤᠳᠠᠯᠳᠤᠨ ᠠᠪᠤᠭᠴᠢ ᠶᠢᠨ ᠬᠤᠭᠤᠷᠣᠨᠳᠤ ᠡᠷᠬᠡᠪᠰᠢ ᠰᠢᠭᠤᠳ ᠬᠤᠯᠪᠣᠭ᠎ᠠ ᠲᠠᠢ ᠪᠠᠶᠢᠵᠤ᠂ ᠰᠢᠨ᠎ᠡ ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠥᠮᠴᠢᠯᠡᠯ ᠤᠨ ᠡᠷᠬᠡᠲᠦ ᠬᠥᠮᠥᠨ ᠪᠤᠶᠤ ᠥᠮᠴᠢᠯᠡᠯ ᠤᠨ ᠡᠷᠬᠡᠲᠦ ᠬᠥᠮᠥᠨ ᠤ ᠨᠢᠭᠡ ᠨᠢ ᠪᠠᠶᠢᠬᠤ ᠬᠡᠷᠡᠭᠲᠡᠢ᠃           ᠵᠢᠱᠢᠶᠡᠯᠡᠵᠦ ᠬᠡᠯᠡᠪᠡᠯ᠂ ᠵᠠᠩ ᠣᠪᠣᠭᠲᠤ 2024 ᠣᠨ ᠤ 12 ᠳ᠋ᠤᠭᠠᠷ ᠰᠠᠷ᠎ᠠ ᠳᠤ ᠨᠢᠭᠡ ᠢᠵᠢ ᠣᠷᠣᠨ ᠰᠠᠭᠤᠴᠠ ᠪᠠᠨ ᠬᠤᠳᠠᠯᠳᠤᠭᠰᠠᠨ ᠪᠥᠭᠡᠳ 2025 ᠣᠨ ᠤ 5 ᠳ᠋ᠤᠭᠠᠷ ᠰᠠᠷ᠎ᠠ ᠳᠤ ᠲᠤᠰ ᠬᠤᠳᠠ ᠳᠤ ᠰᠢᠨ᠎ᠡ ᠪᠠᠷ ᠨᠢᠭᠡ ᠢᠵᠢ ᠣᠷᠣᠨ ᠰᠠᠭᠤᠴᠠ ᠬᠤᠳᠠᠯᠳᠤᠨ ᠠᠪᠴᠠᠢ᠂ ᠲᠡᠭᠦᠨ ᠤ ᠬᠤᠳᠠᠯᠳᠤᠭᠰᠠᠨ ᠪᠠ ᠰᠢᠨ᠎ᠡ ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠴᠠᠭ ᠨᠢ ᠴᠥᠮ ᠲᠦᠷᠦ ᠶᠢᠨ ᠪᠣᠳᠣᠯᠭ᠎ᠠ ᠳᠤ ᠲᠣᠭᠲᠠᠭᠠᠭᠰᠠᠨ ᠴᠠᠭ ᠤᠨ ᠬᠡᠪᠴᠢᠶᠡᠨ ᠳᠤ ᠣᠷᠣᠭᠰᠠᠨ ᠪᠣᠯᠬᠤᠷ ᠵᠠᠩ ᠣᠪᠣᠭᠲᠤ ᠭᠠᠶᠢᠯᠢ ᠪᠤᠴᠠᠭᠠᠬᠤ ᠲᠦᠷᠦ ᠶᠢᠨ ᠪᠣᠳᠣᠯᠭ᠎ᠠ ᠶᠢᠨ ᠴᠠᠭ ᠤᠨ ᠨᠥᠬᠦᠴᠡᠯ ᠳᠤ ᠨᠡᠶᠢᠴᠡᠵᠦ ᠪᠠᠶᠢᠨ᠎ᠠ᠃           ᠬᠡᠷᠪᠡ ᠵᠠᠩ ᠣᠪᠣᠭᠲᠤ ᠶᠢᠨ ᠣᠷᠣᠨ ᠰᠠᠭᠤᠴᠠ ᠪᠠᠨ ᠬᠤᠳᠠᠯᠳᠤᠭᠰᠠᠨ ᠦᠨ᠎ᠡ ᠨᠢ 300 ᠲᠦᠮᠡᠨ ᠲᠥᠭᠦᠷᠢᠭ ᠪᠠᠶᠢᠪᠠᠯ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ 3 ᠲᠦᠮᠡᠨ ᠲᠥᠭᠦᠷᠢᠭ ᠲᠤᠰᠢᠶᠠᠨ᠎ᠠ︔ ᠬᠤᠳᠠᠯᠳᠤᠨ ᠠᠪᠤᠭᠰᠠᠨ ᠰᠢᠨ᠎ᠡ ᠣᠷᠣᠨ ᠰᠠᠭᠤᠴᠠ ᠶᠢᠨ ᠦᠨ᠎ᠡ ᠨᠢ 400 ᠲᠦᠮᠡᠨ ᠲᠥᠭᠦᠷᠢᠭ ᠪᠠᠶᠢᠪᠠᠯ᠂ ᠨᠢᠭᠡᠨᠲᠡ ᠲᠤᠰᠢᠶᠠᠭᠰᠠᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ 3 ᠲᠦᠮᠡᠨ ᠲᠥᠭᠦᠷᠢᠭ ᠢ ᠪᠦᠬᠦᠨ ᠢ ᠪᠤᠴᠠᠭᠠᠨ᠎ᠠ᠃ ᠬᠡᠷᠪᠡ ᠵᠠᠩ ᠣᠪᠣᠭᠲᠤ ᠶᠢᠨ ᠬᠤᠳᠠᠯᠳᠤᠭᠰᠠᠨ ᠣᠷᠣᠨ ᠰᠠᠭᠤᠴᠠ ᠨᠢ 600 ᠲᠦᠮᠡᠨ ᠲᠥᠭᠦᠷᠢᠭ ᠪᠣᠯ 6 ᠲᠦᠮᠡᠨ ᠲᠥᠭᠦᠷᠢᠭ ᠤᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠲᠤᠰᠢᠶᠠᠨ᠎ᠠ︔ ᠰᠢᠨ᠎ᠡ ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠦᠨ᠎ᠡ ᠨᠢ 540 ᠲᠦᠮᠡᠨ ᠲᠥᠭᠦᠷᠢᠭ ᠪᠠᠶᠢᠪᠠᠯ᠂ 540 ᠲᠦᠮᠡᠨ ᠲᠥᠭᠦᠷᠢᠭ / 600 ᠲᠦᠮᠡᠨ ᠲᠥᠭᠦᠷᠢᠭ = 90 % ᠶᠢᠨ ᠬᠠᠷᠢᠴᠠᠯ ᠢᠶᠠᠷ ᠬᠤᠳᠠᠯᠳᠤᠭᠰᠠᠨ ᠣᠷᠣᠨ ᠰᠠᠭᠤᠴᠠ ᠶᠢᠨ ᠨᠢᠭᠡᠨᠲᠡ ᠲᠤᠰᠢᠶᠠᠭᠰᠠᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠪᠤᠴᠠᠭᠠᠨ᠎ᠠ ᠂ ᠲᠤᠬᠠᠶᠢᠯᠠᠪᠠᠯ ᠪᠤᠴᠠᠭᠠᠬᠤ ᠭᠠᠶᠢᠯᠢ ᠶᠢᠨ ᠵᠣᠭᠤᠰ 5.4 ᠲᠦᠮᠡᠨ ᠲᠥᠭᠦᠷᠢᠭ = ᠨᠢᠭᠡᠨᠲᠡ ᠬᠤᠳᠠᠯᠳᠤᠭᠰᠠᠨ ᠣᠷᠣᠨ ᠰᠠᠭᠤᠴᠠ ᠶᠢᠨ ᠲᠤᠰᠢᠶᠠᠭᠰᠠᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ 6 ᠲᠦᠮᠡᠨ ᠲᠥᠭᠦᠷᠢᠭ × 90 % ×ᠪᠣᠯᠣᠨ᠎ᠠ᠃           ᠬᠠᠮᠲᠤ ᠶᠢᠨ ᠥᠮᠴᠢᠯᠡᠯᠲᠦ ᠣᠷᠣᠨ ᠰᠠᠭᠤᠴᠠ ᠶᠢ ᠬᠤᠳᠠᠯᠳᠤᠭᠰᠠᠨ ᠪᠤᠶᠤ ᠰᠢᠨ᠎ᠡ ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠨᠢ ᠬᠠᠮᠲᠤ ᠶᠢᠨ ᠥᠮᠴᠢᠯᠡᠯᠲᠦ ᠳᠤ ᠬᠠᠷᠢᠶᠠᠯᠠᠭᠳᠠᠪᠠᠯ᠂ ᠭᠠᠶᠢᠯᠢ ᠲᠤᠰᠢᠶᠠᠭᠴᠢ ᠥᠮᠴᠢᠯᠡᠬᠦ ᠡᠷᠬᠡ ᠶᠢᠨ ᠬᠤᠪᠢ ᠶᠢᠨ ᠲᠤᠭ᠎ᠠ ᠪᠠᠷ ᠲᠣᠰ ᠭᠠᠶᠢᠯᠢ ᠲᠤᠰᠢᠶᠠᠭᠴᠢ ᠶᠢᠨ ᠣᠷᠣᠨ ᠰᠠᠭᠤᠴᠠ ᠪᠠᠨ ᠬᠤᠳᠠᠯᠳᠤᠭᠰᠠᠨ ᠵᠣᠭᠤᠰ ᠤᠨ ᠲᠤᠭ᠎ᠠ ᠪᠤᠶᠤ ᠰᠢᠨ᠎ᠡ ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠵᠣᠭᠤᠰ ᠤᠨ ᠲᠤᠭ᠎ᠠ ᠶᠢ ᠲᠣᠭᠲᠠᠭᠠᠬᠤ ᠬᠡᠷᠡᠭᠲᠡᠢ᠃           ᠵᠢᠱᠢᠶᠡᠯᠡᠪᠡᠯ᠂ ᠯᠢ ᠣᠪᠣᠭᠲᠤ ᠪᠣᠯᠣᠨ ᠮᠠ ᠣᠪᠣᠭᠲᠤ ᠬᠠᠮᠲᠤ ᠪᠠᠷ ᠨᠢᠭᠡ ᠢᠵᠢ ᠣᠷᠣᠨ ᠰᠠᠭᠤᠴᠠ ᠲᠠᠢ᠂ ᠲᠤᠰ ᠪᠦᠷᠢ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ 50% ᠶᠢ ᠡᠵᠡᠯᠡᠨ᠎ᠡ᠃ 2024 ᠣᠨ ᠤ 1 ᠳ᠋ᠦ᠋ᠭᠡᠷ ᠰᠠᠷ᠎ᠠ ᠳᠤ᠂ 200 ᠲᠦᠮᠡᠨ ᠲᠥᠭᠦᠷᠢᠭ ᠤᠨ ᠦᠨ᠎ᠡ ᠪᠠᠷ ᠲᠤᠰ ᠣᠷᠣᠨ ᠰᠠᠭᠤᠴᠠ ᠪᠠᠨ ᠬᠤᠳᠠᠯᠳᠤᠭᠠᠳ ᠲᠤᠰ ᠪᠦᠷᠢ 2 ᠲᠦᠮᠡᠨ ᠲᠥᠭᠦᠷᠢᠭ ᠤᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠲᠤᠰᠢᠶᠠᠪᠠ᠃ ᠲᠤᠰ ᠵᠢᠯ ᠤᠨ 5 ᠳ᠋ᠤᠭᠠᠷ ᠰᠠᠷ᠎ᠠ ᠳᠤ᠂ ᠯᠢ ᠣᠪᠣᠭᠲᠤ ᠲᠤᠰ ᠬᠤᠳᠠ ᠳᠤ 150 ᠲᠦᠮᠡᠨ ᠲᠥᠭᠦᠷᠢᠭ ᠤᠨ ᠦᠨ᠎ᠡ ᠪᠠᠷ ᠰᠢᠨ᠎ᠡ ᠪᠠᠷ ᠨᠢᠭᠡ ᠣᠷᠣᠨ ᠰᠠᠭᠤᠴᠠ ᠬᠤᠳᠠᠯᠳᠤᠨ ᠠᠪᠴᠠᠢ᠂ ᠯᠢ ᠣᠪᠣᠭᠲᠤ ᠭᠠᠶᠢᠯᠢ ᠪᠤᠴᠠᠭᠠᠬᠤ ᠪᠠᠷ ᠭᠤᠶᠤᠴᠢᠯᠠᠬᠤ ᠳᠤ᠂ ᠲᠡᠭᠦᠨ ᠤ ᠣᠷᠣᠨ ᠰᠠᠭᠤᠴᠠ ᠬᠤᠳᠠᠯᠳᠤᠭᠰᠠᠨ ᠵᠣᠭᠤᠰ ᠤᠨ ᠲᠤᠭ᠎ᠠ ᠨᠢ 100 ᠲᠦᠮᠡᠨ ᠲᠥᠭᠦᠷᠢᠭ ︵200 ᠲᠦᠮᠡᠨ ᠲᠥᠭᠦᠷᠢᠭ × 50 % = 100 ×ᠲᠦᠮᠡᠨ ᠲᠥᠭᠦᠷᠢᠭ︶᠂ ᠰᠢᠨ᠎ᠡ ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠵᠣᠭᠤᠰ ᠤᠨ ᠲᠤᠭ᠎ᠠ ᠨᠢ 150 ᠲᠦᠮᠡᠨ ᠲᠥᠭᠦᠷᠢᠭ᠂ ᠲᠡᠭᠦᠨ ᠳᠤ ᠪᠤᠴᠠᠭᠠᠬᠤ ᠭᠠᠶᠢᠯᠢ ᠶᠢᠨ ᠵᠣᠭᠤᠰ ᠤᠨ ᠲᠤᠭ᠎ᠠ ᠨᠢ ᠬᠠᠭᠤᠴᠢᠨ ᠣᠷᠣᠨ ᠰᠠᠭᠤᠴᠠ ᠪᠠᠨ ᠬᠤᠳᠠᠯᠳᠤᠬᠤ ᠦᠶ᠎ᠡ ᠳᠤ ᠲᠤᠰᠢᠶᠠᠭᠰᠠᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ = 2 ᠲᠦᠮᠡᠨ ᠲᠥᠭᠦᠷᠢᠭ ᠪᠣᠯᠣᠨ᠎ᠠ ᠃           ᠲᠤᠰ ᠵᠢᠯ ᠤᠨ 7 ᠳ᠋ᠤᠭᠠᠷ ᠰᠠᠷ᠎ᠠ ᠳᠤ᠂ ᠮᠠ ᠣᠪᠣᠭᠲᠤ ᠪᠤᠰᠤᠳ ᠬᠥᠮᠥᠨ ᠲᠠᠢ ᠬᠠᠮᠲᠤ ᠪᠠᠷ ᠲᠤᠰ ᠬᠤᠳᠠ ᠳᠤ 200 ᠲᠦᠮᠡᠨ ᠲᠥᠭᠦᠷᠢᠭ ᠤᠨ ᠦᠨ᠎ᠡ ᠪᠠᠷ ᠨᠢᠭᠡ ᠢᠵᠢ ᠣᠷᠣᠨ ᠰᠠᠭᠤᠴᠠ ᠬᠤᠳᠠᠯᠳᠤᠨ ᠠᠪᠴᠠᠢ᠂ ᠮᠠ ᠣᠪᠣᠭᠲᠤ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ 40 % ᠶᠢ ᠡᠵᠡᠯᠡᠪᠡ᠃ ᠮᠠ ᠣᠪᠣᠭᠲᠤ ᠭᠠᠶᠢᠯᠢ ᠪᠤᠴᠠᠭᠠᠬᠤ ᠪᠠᠷ ᠭᠤᠶᠤᠴᠢᠯᠠᠬᠤ ᠳᠤ᠂ ᠲᠡᠭᠦᠨ ᠤ ᠨᠢᠭᠡᠨᠲᠡ ᠬᠤᠳᠠᠯᠳᠤᠭᠰᠠᠨ ᠣᠷᠣᠨ ᠰᠠᠭᠤᠴᠠ ᠶᠢᠨ ᠵᠣᠭᠤᠰ ᠤᠨ ᠲᠤᠭ᠎ᠠ ᠨᠢ 100 ᠲᠦᠮᠡᠨ ᠲᠥᠭᠦᠷᠢᠭ ︵200 ᠲᠦᠮᠡᠨ ᠲᠥᠭᠦᠷᠢᠭ × 50% = 100 ×ᠲᠦᠮᠡᠨ ᠲᠥᠭᠦᠷᠢᠭ ︶᠂ ᠰᠢᠨ᠎ᠡ ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠵᠣᠭᠤᠰ ᠤᠨ ᠲᠤᠭ᠎ᠠ ᠨᠢ 80 ᠲᠦᠮᠡᠨ ᠲᠥᠭᠦᠷᠢᠭ ︵200 ᠲᠦᠮᠡᠨ ᠲᠥᠭᠦᠷᠢᠭ × 40% = 80 ×ᠲᠦᠮᠡᠨ ᠲᠥᠭᠦᠷᠢᠭ︶᠂ ᠪᠤᠴᠠᠭᠠᠬᠤ ᠭᠠᠶᠢᠯᠢ ᠶᠢᠨ ᠵᠣᠭᠤᠰ ᠤᠨ ᠲᠤᠭ᠎ᠠ ᠨᠢ ᠰᠢᠨ᠎ᠡ ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠶᠢᠨ ᠵᠣᠭᠤᠰ ᠤᠨ ᠲᠤᠭ᠎ᠠ / ᠬᠤᠳᠠᠯᠳᠤᠭᠰᠠᠨ ᠣᠷᠣᠨ ᠰᠠᠭᠤᠴᠠ ᠶᠢᠨ ᠵᠣᠭᠤᠰ ᠤᠨ ᠲᠤᠭ᠎ᠠ × ×ᠣᠷᠣᠨ ᠰᠠᠭᠤᠴᠠ ᠬᠤᠳᠠᠯᠳᠤᠬᠤ ᠦᠶ᠎ᠡ ᠳᠤ ᠲᠤᠰᠢᠶᠠᠭᠰᠠᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ = 80 ᠲᠦᠮᠡᠨ ᠲᠥᠭᠦᠷᠢᠭ / 100 ᠲᠦᠮᠡᠨ ᠲᠥᠭᠦᠷᠢᠭ × 2 ×ᠲᠦᠮᠡᠨ ᠲᠥᠭᠦᠷᠢᠭ = 1.6 ᠲᠦᠮᠡᠨ ᠲᠥᠭᠦᠷᠢᠭ ᠪᠣᠯᠣᠨ᠎ᠠ᠃           ᠭᠠᠶᠢᠯᠢ ᠶᠢ ᠪᠤᠴᠠᠭᠠᠬᠤ ᠭᠠᠷ ᠭᠦᠢᠴᠡᠳᠬᠡᠯ ᠬᠢᠬᠦ ᠦᠶ᠎ᠡ ᠳᠤ᠂ ᠭᠠᠶᠢᠯᠢ ᠲᠤᠰᠢᠶᠠᠭᠴᠢ ︽ᠰᠠᠭᠤᠭᠠᠯᠢ ᠠᠷᠠᠳ ᠤᠨ ᠣᠷᠣᠨ ᠰᠠᠭᠤᠴᠠ ᠰᠣᠯᠢᠵᠤ ᠬᠤᠳᠠᠯᠳᠤᠨ ᠠᠪᠬᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠭᠠᠶᠢᠯᠢ ᠪᠤᠴᠠᠭᠠᠬᠤ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠨ ᠮᠡᠳᠡᠭᠦᠯᠬᠦ ᠶᠢᠨ ᠬᠠᠮᠲᠤ ᠭᠠᠶᠢᠯᠢ ᠲᠤᠰᠢᠶᠠᠭᠴᠢ ᠶᠢᠨ ᠪᠡᠶ᠎ᠡ ᠶᠢᠨ ᠦᠨᠡᠮᠯᠡᠯ᠂ ᠨᠢᠭᠡᠨᠲᠡ ᠬᠤᠳᠠᠯᠳᠤᠭᠰᠠᠨ ᠣᠷᠣᠨ ᠰᠠᠭᠤᠴᠠ ᠶᠢᠨ ᠭᠡᠷ ᠪᠠᠶᠢᠰᠢᠩ ᠤᠨ ᠠᠷᠠᠯᠵᠢᠶᠠᠨ ᠤ ᠭᠡᠷ᠎ᠡ ᠵᠡᠷᠭᠡ ᠮᠠᠲ᠋ᠧᠷᠢᠶᠠᠯ ᠢ ᠬᠠᠩᠭᠠᠨ᠎ᠠ᠂ ᠰᠢᠨ᠎ᠡ ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠨᠢ ᠭᠠᠷ ᠳᠠᠮᠵᠢᠭᠰᠠᠨ ᠭᠡᠷ ᠪᠠᠶᠢᠰᠢᠩ ᠪᠠᠶᠢᠪᠠᠯ᠂ ᠭᠡᠷ ᠪᠠᠶᠢᠰᠢᠩ ᠤᠨ ᠠᠷᠠᠯᠵᠢᠶᠠᠨ ᠤ ᠭᠡᠷ᠎ᠡ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠵᠢᠴᠢ ᠲᠡᠭᠦᠨ ᠤ ᠬᠠᠭᠤᠯᠪᠤᠷᠢ ᠶᠢ ᠬᠠᠩᠭᠠᠨ᠎ᠠ᠂ ᠰᠢᠨ᠎ᠡ ᠪᠠᠷ ᠬᠤᠳᠠᠯᠳᠤᠨ ᠠᠪᠤᠭᠰᠠᠨ ᠣᠷᠣᠨ ᠰᠠᠭᠤᠴᠠ ᠨᠢ ᠰᠢᠨ᠎ᠡ ᠭᠡᠷ ᠪᠠᠶᠢᠰᠢᠩ ᠪᠠᠶᠢᠪᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ︵ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠭᠰᠠᠨ︶ ᠭᠡᠷ ᠪᠠᠶᠢᠰᠢᠩ ᠤᠨ ᠠᠷᠠᠯᠵᠢᠶᠠᠨ ᠤ ᠭᠡᠷ᠎ᠡ ᠵᠢᠴᠢ ᠬᠠᠭᠤᠯᠪᠤᠷᠢ ᠶᠢ ᠬᠠᠩᠭᠠᠨ᠎ᠠ᠃      ᠰᠢᠢᠳᠪᠦᠷᠢᠯᠡᠬᠦ ᠭᠠᠵᠠᠷ ᠤᠨ ᠲᠤᠬᠠᠢ᠂ ᠭᠠᠶᠢᠯᠢ ᠲᠤᠰᠢᠶᠠᠭᠴᠢ ᠡᠷᠬᠡᠪᠰᠢ ᠣᠷᠣᠨ ᠰᠠᠭᠤᠴᠠ ᠪᠠᠨ ᠬᠤᠳᠠᠯᠳᠤᠬᠤ ᠦᠶ᠎ᠡ ᠶᠢᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠲᠤᠰᠢᠶᠠᠭᠰᠠᠨ ᠲᠤᠬᠠᠢ ᠶᠢᠨ ᠭᠠᠵᠠᠷ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠣᠴᠢᠵᠤ ᠤᠷᠢᠳᠴᠢᠯᠠᠨ ᠪᠣᠯᠵᠣᠵᠤ ᠰᠢᠢᠳᠪᠦᠷᠢᠯᠡᠬᠦ ᠬᠡᠷᠡᠭᠲᠡᠢ᠃ ᠲᠤᠬᠠᠶᠢᠯᠠᠪᠠᠯ ᠭᠠᠶᠢᠯᠢ ᠲᠤᠰᠢᠶᠠᠭᠴᠢ ᠣᠷᠣᠨ ᠰᠠᠭᠤᠴᠠ ᠪᠠᠨ ᠬᠤᠳᠠᠯᠳᠤᠬᠤ ᠦᠶ᠎ᠡ ᠳᠤ ᠬᠠᠮᠢᠭ᠎ᠠ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠪᠠᠨ ᠲᠤᠰᠢᠶᠠᠭᠰᠠᠨ ᠪᠣᠯ ᠲᠤᠰ ᠭᠠᠵᠠᠷ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠭᠠᠶᠢᠯᠢ ᠪᠤᠴᠠᠭᠠᠯᠭᠠᠬᠤ ᠪᠠᠷ ᠭᠤᠶᠤᠴᠢᠯᠠᠬᠤ ᠬᠡᠷᠡᠭᠲᠡᠢ᠃           ᠲᠥᠷᠥ ᠶᠢᠨ ᠪᠣᠳᠣᠯᠭ᠎ᠠ ᠶᠢ ᠡᠳ᠋ᠯᠡᠪᠡᠰᠦ ᠵᠣᠬᠢᠬᠤ ᠶᠢ ᠪᠦᠬᠦᠨ ᠳᠤ ᠡᠳ᠋ᠯᠠᠭᠦᠯᠬᠦ ᠶᠢ ᠦᠨᠡᠨ ᠬᠦ ᠪᠠᠲᠤᠯᠠᠵᠤ᠂ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠣᠯᠬᠤ ᠶᠢᠨ ᠲᠥᠯᠥᠭᠡ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠭᠠᠶᠢᠯᠢ ᠲᠠᠲᠠᠪᠤᠷᠢ ᠶᠢᠨ ᠲᠣᠮᠣ ᠳ᠋ᠠᠶᠢᠲ᠋ᠠ ᠳᠤ ᠲᠦᠰᠢᠭᠯᠡᠨ᠂ ᠡᠳ᠋ᠯᠡᠪᠡᠰᠦ ᠵᠣᠬᠢᠬᠤ ᠭᠠᠶᠢᠯᠢ ᠲᠤᠰᠢᠶᠠᠭᠴᠢ ᠶᠢᠨ ᠲᠣᠳᠣᠷᠬᠠᠢ ᠲᠠᠩᠰᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠭᠰᠢᠨ ᠪᠠᠶᠢᠴᠠᠭᠠᠵᠤ᠂ ᠭᠠᠷ ᠤᠲᠠᠰᠤᠨ ᠤ ᠣᠬᠤᠷ ᠮᠡᠳᠡᠭᠡ ᠶᠠᠪᠤᠭᠤᠯᠵᠤ᠂ ᠣᠷᠣᠨ ᠰᠠᠭᠤᠴᠠ ᠰᠣᠯᠢᠵᠤ ᠬᠤᠳᠠᠯᠳᠤᠨ ᠠᠪᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠬᠦᠷᠭᠡᠬᠦ ᠬᠡᠷᠡᠭᠲᠡᠢ᠃ ᠡᠭᠦᠨ ᠤ ᠵᠡᠷᠭᠡ ᠳᠤ ᠭᠠᠶᠢᠯᠢ ᠲᠠᠲᠠᠪᠤᠷᠢ ᠶᠢ ᠬᠠᠮᠲᠤ ᠪᠠᠷ ᠵᠠᠰᠠᠬᠤ ᠶᠢ ᠴᠢᠩᠭᠠᠳᠬᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ᠂ ᠭᠡᠷ ᠪᠠᠶᠢᠰᠢᠩ ᠤᠨ ᠠᠷᠠᠯᠵᠢᠶᠠᠨ ᠤ ᠭᠡᠷ᠎ᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠡᠳ᠋ ᠤᠨ ᠵᠠᠰᠠᠭ᠂ ᠤᠯᠤᠰ ᠤᠨ ᠬᠥᠮᠥᠷᠭᠡ ᠵᠡᠷᠭᠡ ᠰᠠᠯᠠᠭ᠎ᠠ ᠮᠥᠴᠢᠷ ᠲᠠᠢ ᠵᠣᠬᠢᠴᠠᠭᠤᠯᠤᠨ᠂ ᠭᠠᠶᠢᠯᠢ ᠪᠤᠴᠠᠭᠠᠬᠤ ᠪᠡᠯᠡ ᠮᠥᠩᠭᠦ ᠶᠢᠨ ᠭᠦᠢᠴᠡᠳ ᠪᠠᠶᠢᠬᠤ ᠶᠢ ᠪᠠᠲᠤᠯᠠᠵᠤ᠂ ᠭᠠᠶᠢᠯᠢ ᠲᠤᠰᠢᠶᠠᠭᠴᠢ ᠳᠤ ᠨᠠᠩ ᠳᠥᠭᠦᠮ ᠳᠥᠲᠡ ᠭᠠᠶᠢᠯᠢ ᠪᠤᠴᠠᠭᠠᠬᠤ ᠦᠢᠯᠡᠴᠢᠯᠡᠭᠡ ᠬᠠᠩᠭᠠᠬᠤ ᠬᠡᠷᠡᠭᠲᠡᠢ᠃       ᠢᠷᠡᠯᠲᠡ᠄ ᠠᠷᠠᠳ ᠤᠨ ᠡᠳᠦᠷ ᠤᠨ ᠰᠣᠨᠢᠨ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号