| | | | ︽ᠣᠨᠴᠠ ᠠᠷᠢᠬᠢ ᠬᠠᠩᠭᠠᠬᠤ︾ ᠦᠢᠯᠡᠳᠬᠦ ᠪᠠ ᠪᠣᠷᠣᠯᠠᠭᠤᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ | ᠦᠶᠯᠡ ᠠᠵᠢᠯᠯᠠᠭ᠎ᠠ ᠶᠢ ᠴᠢᠩᠭ᠎ᠠ ᠰᠢᠢᠳᠬᠡᠵᠦ᠂ ᠬᠡᠷᠡᠭᠯᠡᠭᠴᠢᠳ ᠤᠨ ᠡᠷᠬᠡ ᠠᠰᠢᠭ ᠢ ᠭᠦᠢᠴᠡᠳ ᠬᠠᠮᠠᠭᠠᠯᠠᠬᠤ ᠶᠢ | ᠦᠨᠡᠨ ᠬᠦ ᠪᠠᠲᠤᠯᠠᠨ᠂ ᠵᠠᠬ᠎ᠠ ᠳᠡᠯᠭᠡᠭᠦᠷ ᠤᠨ ᠡᠷᠬᠡ ᠲᠡᠭᠰᠢ ᠥᠷᠢᠰᠦᠯᠳᠦᠭᠡᠨ ᠤ ᠡᠮᠬᠢ ᠵᠢᠷᠤᠮ ᠢ ᠬᠠᠮᠠᠭᠠᠯᠠᠬᠤ ᠶᠢᠨ | ᠲᠥᠯᠥᠭᠡ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠡᠭᠡᠳᠦ | ᠱᠠᠲᠤᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠤᠨ᠂ ︽ᠣᠨᠴᠠ ᠠᠷᠢᠬᠢ | ᠬᠠᠩᠭᠠᠬᠤ︾ ᠵᠠᠬ᠎ᠠ ᠳᠡᠯᠭᠡᠭᠦᠷ ᠲᠤ ᠴᠢᠭᠯᠡᠭᠦᠯᠦᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ | | | | | | ᠲᠣᠰ ᠤᠳᠠᠭᠠᠨ ᠤ ᠲᠤᠰᠬᠠᠢ ᠠᠵᠢᠯᠯᠠᠭ᠎ᠠ ᠳᠤᠮᠳᠠ ᠵᠢᠵᠢᠭ ᠠᠷᠢᠬᠢᠨ ᠤ ᠵᠦᠢᠯ ᠦᠢᠯᠡᠳᠪᠦᠷᠢᠯᠡᠬᠦ ᠠᠵᠤ | ᠠᠬᠤᠶᠢᠯᠠᠯ᠂ ᠳᠡᠭᠡᠳᠦ ᠲᠠᠰ ᠤᠨ ᠠᠷᠢᠬᠢᠨ ᠠᠰᠠᠷ᠂ ᠣᠨᠴᠠᠯᠢᠭᠲᠤ ᠬᠤᠭᠤᠯᠠᠨ ᠭᠡᠷ ᠵᠢᠴᠢ ᠬᠤᠳᠠᠯᠳᠤᠭᠠᠨ ᠤ | ᠶᠠᠪᠤᠳᠠᠯ ᠤᠨ ᠳᠠᠶᠢᠯᠠᠯᠭ᠎ᠠ ᠶᠢᠨ ᠦᠢᠯᠡᠴᠢᠯᠡᠭᠡᠨ ᠤ ᠢᠳᠡᠭᠡᠨ ᠤᠮᠳᠠᠭᠠᠨ ᠤ ᠲᠠᠯᠠᠪᠤᠷ ᠲᠤ ᠠᠩᠬᠠᠷᠤᠯ ᠢᠶᠠᠨ | ᠲᠥᠪᠯᠡᠷᠡᠭᠦᠯᠵᠦ᠂ ᠡᠳᠡᠭᠡᠷ ᠲᠠᠯᠠᠪᠤᠷ ᠭᠠᠵᠠᠷ ᠤᠨ ᠦᠢᠯᠡᠳᠪᠦᠷᠢᠯᠡᠯ ᠤᠨ ᠬᠥᠮᠥᠷᠭᠡ᠂ ᠪᠣᠷᠣᠯᠠᠭᠤᠯᠬᠤ ᠣᠷᠣᠨ ᠪᠦᠰᠡ | ᠵᠢᠴᠢ ᠬᠥᠮᠥᠷᠭᠡ ᠶᠢ ᠭᠤᠣᠯᠳᠠᠯᠭ᠎ᠠ ᠲᠠᠢ ᠪᠠᠶᠢᠴᠠᠭᠠᠬᠤ ᠡᠲᠡᠭᠡᠳ ᠪᠣᠯᠭᠠᠬᠤ ᠶᠢᠨ ᠬᠠᠮᠲᠤ᠂ ᠠᠷᠢᠬᠢ ᠤᠰᠤᠨ ᠤ | ᠬᠠᠭᠤᠳᠠᠰᠤ᠂ ᠳ᠋ᠦᠩᠨᠡᠨ ᠪᠣᠳᠣᠭᠰᠠᠨ ᠪᠠᠷᠢᠮᠲᠠ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠡᠬᠢ ᠰᠤᠷᠪᠤᠯᠵᠢ ᠶᠢ | ᠨᠠᠷᠢᠨ ᠬᠢᠨᠠᠨ ᠪᠠᠶᠢᠴᠠᠭᠠᠵᠤ᠂ ᠳᠠᠯᠳᠠ ᠠᠰᠠᠭᠤᠳᠠᠯ ᠤᠨ ᠰᠦᠪᠡᠭᠴᠢ ᠶᠢ ᠣᠯᠵᠤ ᠮᠡᠳᠡᠬᠦ ᠶᠢ ᠬᠦᠰᠡᠵᠦ ᠪᠠᠶᠢᠨ᠎ᠠ᠃ | | | | | | ᠬᠠᠤᠯᠢ ᠬᠡᠷᠡᠭᠵᠢᠭᠦᠯᠬᠦ ᠠᠵᠢᠯᠲᠠᠨ ᠪᠠᠶᠢᠴᠠᠭᠠᠬᠤ ᠶᠠᠪᠤᠴᠠ ᠳᠤ᠂ ᠠᠷᠢᠬᠢᠨ ᠤ ᠵᠦᠢᠯ ᠤᠨ ᠡᠵᠡᠩᠨᠡᠯᠲᠡ ᠶᠢᠨ | ᠨᠢᠭᠡᠴᠢ ᠨᠦᠭᠦᠳ ᠬᠠᠤᠯᠢ ᠶᠣᠰᠣᠨ ᠤ ᠡᠵᠡᠩᠨᠡᠯᠲᠡ ᠶᠢᠨ ᠭᠡᠷᠡᠴᠢ ᠦᠨᠡᠮᠯᠡᠯ ᠲᠠᠢ ᠪᠠᠶᠢᠬᠤ ᠡᠰᠡᠬᠦ᠂ ᠪᠠᠷᠠᠭ᠎ᠠ | ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠵᠢᠴᠢ ᠭᠡᠷᠡᠴᠢ ᠪᠠᠷᠢᠮᠲᠠ ᠠᠪᠬᠤ ᠳᠡᠰ ᠳᠠᠷᠠᠭᠠᠯᠠᠯ ᠢ ᠴᠢᠩᠭ᠎ᠠ | ᠬᠡᠷᠡᠭᠵᠢᠭᠦᠯᠵᠦ ᠪᠠᠶᠢᠬᠤ ᠡᠰᠡᠬᠦ ᠶᠢ ᠬᠢᠨᠠᠨ ᠪᠠᠶᠢᠴᠠᠭᠠᠬᠤ ᠶᠢᠨ ᠬᠠᠮᠲᠤ᠂ ᠦᠢᠯᠡᠳᠬᠦᠨ ᠤ ᠲᠡᠮᠳᠡᠭ ᠤᠨ ᠪᠦᠷᠢᠨ ᠪᠦᠲᠦᠨ | ᠴᠢᠨᠠᠷ ᠢ ᠬᠢᠨᠠᠨ ᠪᠠᠶᠢᠴᠠᠭᠠᠵᠤ᠂ ᠬᠤᠳᠠᠯᠳᠤᠨ ᠠᠪᠬᠤ᠂ ᠪᠣᠷᠣᠯᠠᠭᠤᠯᠬᠤ ᠪᠤᠶᠤ ᠬᠡᠷᠡᠭᠯᠡᠬᠦ ᠶᠢᠨ ᠢᠷᠡᠯᠲᠡ ᠨᠢ ᠲᠣᠳᠣᠷᠬᠠᠢ | ᠦᠭᠡᠢ᠂ ᠬᠢᠷᠢ ᠲᠡᠩᠴᠡᠭᠰᠡᠨ ᠭᠡᠷᠡᠴᠢ ᠪᠢᠴᠢᠭ ᠮᠠᠲ᠋ᠧᠷᠢᠶᠠᠯ ᠳᠤᠲᠠᠭᠳᠠᠭᠰᠠᠨ ᠦᠢᠯᠡᠳᠬᠦᠨ ᠪᠠᠶᠢᠬᠤ ᠡᠰᠡᠬᠦ ᠶᠢ | ᠭᠦᠨᠵᠡᠭᠡᠢ ᠵᠢᠭᠰᠠᠭᠠᠨ ᠪᠠᠶᠢᠴᠠᠭᠠᠬᠤ ᠶᠢᠨ ᠬᠠᠮᠲᠤ᠂ ᠪᠣᠭᠤᠳᠠᠯ ᠤᠨ ᠮᠠᠲ᠋ᠧᠷᠢᠶᠠᠯ ᠪᠣᠯᠣᠨ ᠰᠠᠪᠠ ᠶᠢᠨ ᠬᠡᠷᠡᠭᠯᠡᠯᠲᠡ ᠨᠢ | ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠪᠣᠯᠣᠨ ᠲᠣᠭᠲᠠᠭᠠᠯ ᠳᠤ ᠨᠡᠶᠢᠴᠡᠬᠦ ᠡᠰᠡᠬᠦ ᠶᠢ ᠪᠠᠶᠢᠴᠠᠭᠠᠨ᠎ᠠ᠃ | | ᠣᠳᠣᠬᠠᠨ ᠪᠣᠯᠲᠠᠯ᠎ᠠ᠂ ᠲᠤᠰᠬᠠᠢ ᠠᠵᠢᠯᠯᠠᠭ᠎ᠠ ᠨᠢᠭᠡᠨᠲᠡ ᠢᠳᠡᠭᠡᠨ ᠤ ᠡᠵᠡᠩᠨᠡᠭᠴᠢ 358᠂ ᠪᠤᠰᠤᠳ ᠬᠠᠮᠢᠶ᠎ᠠ | ᠪᠦᠬᠦᠢ ᠭᠤᠣᠯ ᠴᠣᠭᠴᠠ ᠶᠢ 37 ᠬᠠᠮᠤᠷᠴᠤ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 796 ᠬᠥᠮᠥᠨ | ᠤᠳᠠᠭ᠎ᠠ ᠬᠥᠳᠡᠯᠭᠡᠵᠦ᠂ ︽ᠣᠨᠴᠠ ᠠᠷᠢᠬᠢ ᠬᠠᠩᠭᠠᠬᠤ︾ ᠳᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠪᠤᠶᠤ ᠬᠠᠮᠢᠶ᠎ᠠ ᠪᠦᠬᠦᠢ ᠰᠦᠪᠡᠭᠴᠢ ᠶᠢ ᠬᠠᠷᠠᠬᠠᠨ ᠣᠯᠵᠤ ᠮᠡᠳᠡᠭᠰᠡᠨ ᠦᠭᠡᠢ᠃ ᠳᠠᠷᠠᠭ᠎ᠠ | ᠠᠯᠬᠤᠮ ᠳᠤ᠂ ᠰᠠᠶᠢᠬᠠᠨ ᠲᠣᠭᠤᠷᠢᠭ ︽ᠣᠨᠴᠠ ᠠᠷᠢᠬᠢ ᠬᠠᠩᠭᠠᠬᠤ︾ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠠᠷᠢᠬᠢᠨ ᠤ ᠵᠦᠢᠯ ᠤᠨ ᠵᠠᠬ᠎ᠠ ᠳᠡᠯᠭᠡᠭᠦᠷ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠲᠥᠪ ᠭᠤᠣᠯᠴᠢ᠂ ᠡᠮᠬᠢ ᠵᠢᠷᠤᠮ ᠲᠠᠢ᠂ ᠢᠯᠡ ᠲᠣᠳᠣ ᠪᠥᠭᠡᠳ ᠡᠷᠡᠭᠦᠯ | ᠵᠠᠬ᠎ᠠ ᠳᠡᠯᠭᠡᠭᠦᠷ ᠤᠨ ᠬᠡᠷᠡᠭᠯᠡᠭᠡᠨ ᠤ ᠣᠷᠴᠢᠨ ᠲᠣᠭᠤᠷᠢᠨ ᠢ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ | ᠦᠵᠡᠭᠦᠯᠦᠨ᠎ᠡ᠃ | | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |