| | 2 ᠰᠠᠷ᠎ᠠ ᠶᠢᠨ 28 ᠤ ᠡᠳᠦᠷ᠂ ᠰᠠᠶᠢᠬᠠᠨ ᠲᠣᠭᠤᠷᠢᠭ ᠰᠢᠨ᠎ᠡ ᠶᠠᠰᠤ ᠴᠢᠨᠠᠷ ᠢ ᠳᠡᠭᠡᠭᠰᠢᠯᠡᠭᠦᠯᠵᠦ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠪᠣᠯᠪᠠᠰᠤᠷᠠᠯ ᠥᠷᠨᠢᠭᠦᠯᠵᠦ᠂ DeepSeek ᠵᠡᠷᠭᠡ ᠵᠣᠬᠢᠶᠠᠮᠠᠯ ᠣᠶᠤᠨ | ᠴᠢᠳᠠᠪᠤᠷᠢ ᠶᠢᠨ ᠲᠣᠮᠣ ᠬᠡᠯᠡᠨ ᠤ ᠵᠠᠭᠪᠤᠷ ᠢ ᠰᠤᠷᠤᠯᠴᠠᠬᠤ ᠬᠥᠭᠵᠢᠯᠲᠡ ᠶᠢᠨ ᠬᠠᠨᠳᠤᠰᠢ ᠪᠠ ᠬᠡᠷᠡᠭᠯᠡᠯᠲᠡ ᠶᠢᠨ ᠲᠣᠬᠠᠢ | ᠲᠤᠰᠬᠠᠢ ᠰᠡᠳᠦᠪᠲᠦ ᠪᠣᠯᠪᠠᠰᠤᠷᠠᠯ ᠬᠢᠪᠡ᠃ | | | | | | ᠲᠣᠰ ᠤᠳᠠᠭᠠᠨ ᠤ ᠪᠣᠯᠪᠠᠰᠤᠷᠠᠭᠤᠯᠤᠯ ᠳᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ | ᠺᠣᠮᠫᠢᠦ᠋ᠲ᠋ᠧᠷ ᠤᠨ ᠳᠡᠭᠡᠳᠦ ᠰᠤᠷᠭᠠᠭᠤᠯᠢ᠂ ᠵᠣᠬᠢᠶᠠᠮᠠᠯ ᠣᠶᠤᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ᠂ | ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ ᠹᠧᠢ ᠯᠦᠩ ᠵᠣᠬᠢᠶᠠᠮᠠᠯ ᠣᠶᠤᠨᠴᠢ ᠬᠥᠭᠵᠢᠯᠲᠡ ᠶᠢᠨ ᠶᠠᠪᠤᠴᠠ᠂ ᠲᠣᠮᠣ | ᠵᠠᠭᠪᠤᠷ ᠤᠨ ᠬᠥᠭᠵᠢᠯᠲᠡ ᠶᠢᠨ ᠥᠩᠭᠡᠷᠡᠯᠲᠡ ᠬᠢᠭᠡᠳ ᠣᠳᠣᠬᠢ ᠪᠠᠶᠢᠳᠠᠯ᠂ ᠴᠠᠭ ᠤᠨ ᠪᠠᠶᠢᠳᠠᠯ ᠤᠨ ᠥᠷᠢᠰᠦᠯᠳᠦᠭᠡᠨ᠂ | ᠲᠣᠮᠣ ᠵᠠᠭᠪᠤᠷ ᠤᠨ ᠬᠡᠷᠡᠭᠯᠡᠯᠲᠡ ᠵᠡᠷᠭᠡ ᠳᠥᠷᠪᠡᠨ ᠲᠠᠯ᠎ᠠ ᠵᠢᠴᠢ ᠪᠠᠶᠢᠭᠤᠯᠭ᠎ᠠ ᠶᠢᠨ ᠺᠠᠳ᠋ᠷᠴᠤᠳ ᠢᠨᠲ᠋ᠧᠷ | ᠰᠦᠯᠵᠢᠶᠡᠨ ᠤ ᠰᠡᠳᠬᠢᠬᠦᠢ ᠶᠢᠨ ᠴᠢᠳᠠᠪᠤᠷᠢ᠂ ᠮᠡᠳᠡᠭᠡ ᠵᠠᠩᠭᠢᠵᠢᠯᠲᠠ ᠶᠢᠨ ᠠᠵᠢᠯᠯᠠᠭᠠᠨ ᠤ ᠴᠢᠳᠠᠪᠤᠷᠢ᠂ | ᠲᠣᠭᠠᠴᠢᠯᠠᠭᠰᠠᠨ ᠬᠥᠭᠵᠢᠯᠲᠡ ᠶᠢᠨ ᠴᠢᠳᠠᠪᠤᠷᠢ ᠶᠢᠨ ᠲᠣᠭᠤᠷᠢᠨ ᠳᠤ ᠭᠦᠨᠵᠡᠭᠡᠢ ᠪᠥᠭᠡᠳ ᠣᠶᠢᠯᠠᠭᠠᠮᠵᠢᠲᠠᠢ | ᠲᠠᠶᠢᠯᠪᠤᠷᠢᠯᠠᠯᠲᠠ ᠬᠢᠪᠡ᠃ ᠪᠣᠯᠪᠠᠰᠤᠷᠠᠯ ᠤᠨ ᠰᠡᠳᠬᠢᠴᠡ ᠲᠣᠳᠣᠷᠬᠠᠢ᠂ ᠳᠡᠰ ᠳᠠᠪᠬᠤᠷᠭ᠎ᠠ ᠲᠣᠳᠣᠷᠬᠠᠢ᠂ ᠭᠤᠣᠯᠳᠠᠯᠭ᠎ᠠ | ᠲᠣᠪᠣᠶᠢᠮ᠎ᠠ᠂ ᠨᠠᠷᠢᠨ ᠪᠣᠳᠠᠲᠠᠢ ᠬᠡᠷᠡᠭ ᠤᠨ ᠵᠢᠱᠢᠶ᠎ᠡ ᠪᠣᠯᠣᠨ ᠠᠮᠢᠳᠤᠯᠢᠭ ᠦᠭᠡ ᠬᠡᠯᠡ ᠪᠠᠷ ᠰᠠᠶᠢᠬᠠᠨ ᠲᠣᠭᠤᠷᠢᠭ ᠤᠨ | ᠵᠣᠬᠢᠶᠠᠮᠠᠯ ᠣᠶᠤᠨᠴᠢ ᠬᠥᠭᠵᠢᠯᠲᠡ ᠶᠢᠨ ᠵᠢᠮ᠎ᠡ ᠶᠣᠰᠣ ᠪᠣᠯᠣᠨ ᠣᠨᠴᠠᠯᠢᠭ ᠢ ᠡᠵᠡᠮᠳᠡᠵᠦ᠂ ᠰᠢᠨ᠎ᠡ ᠬᠥᠭᠵᠢᠯᠲᠡ ᠰᠢᠨ᠎ᠡ | ᠬᠦᠷᠢᠶ᠎ᠡ ᠪᠣᠯᠣᠨ ᠰᠢᠨ᠎ᠡ ᠤᠷᠤᠯᠳᠤᠭᠠᠨ ᠤ ᠵᠠᠮ ᠢ ᠦᠷᠭᠦᠯᠵᠢᠯᠡᠨ ᠨᠡᠭᠡᠭᠡᠬᠦ ᠳᠤ ᠬᠥᠲᠥᠯᠥᠨ ᠵᠢᠯᠤᠭᠤᠳᠬᠤ ᠪᠠ | ᠵᠢᠯᠤᠭᠤᠳᠬᠤ ᠦᠢᠯᠡᠳᠦᠯ ᠦᠵᠡᠭᠦᠯᠪᠡ᠃ | | ᠵᠣᠬᠢᠶᠠᠮᠠᠯ ᠣᠶᠤᠨᠴᠢ ᠮᠡᠷᠭᠡᠵᠢᠯ ᠪᠣᠯᠣᠨ ᠠᠮᠢᠳᠤᠷᠠᠯ ᠨᠢᠭᠲᠠ ᠬᠤᠯᠪᠣᠭ᠎ᠠ ᠲᠠᠢ᠂ ᠨᠠᠩ ᠴᠤ ᠮᠠᠨ ᠤ | ᠲᠣᠭᠤᠷᠢᠭ ᠤᠨ ᠡᠯ᠎ᠡ ᠠᠵᠢᠯ ᠲᠥᠷᠥᠯ ᠤᠨ ᠬᠦᠷᠢᠶᠡᠨ ᠤ ᠬᠥᠭᠵᠢᠯᠲᠡ᠂ ᠡᠯ᠎ᠡ ᠵᠦᠢᠯ ᠤᠨ ᠬᠡᠷᠡᠭᠯᠡᠭᠡᠨ ᠤ | ᠲᠠᠯᠠᠪᠤᠷ ᠲᠠᠢ ᠣᠷᠭᠠᠨᠢᠭ ᠢᠶᠠᠷ ᠤᠶᠠᠯᠳᠤᠭᠤᠯᠬᠤ ᠪᠣᠯᠣᠨ᠎ᠠ᠃ ᠪᠣᠯᠪᠠᠰᠤᠷᠠᠯ ᠳᠠᠭᠤᠰᠤᠭᠰᠠᠨ ᠤ ᠳᠠᠷᠠᠭ᠎ᠠ᠂ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ︽ | ᠤᠯᠠᠮᠵᠢᠯᠠᠯᠲᠤ ᠰᠡᠳᠬᠢᠬᠦᠢ︾ ᠭᠠᠷᠭᠠᠵᠤ᠂ ︽ᠲᠣᠭᠠᠴᠢᠯᠠᠭᠰᠠᠨ ᠰᠡᠳᠬᠢᠬᠦᠢ︾ ᠶᠢ ᠪᠣᠶ ᠪᠣᠯᠭᠠᠵᠤ᠂ AI ᠮᠡᠷᠭᠡᠵᠢᠯ ᠢ | ᠬᠡᠷᠬᠢᠨ ᠠᠵᠤ ᠦᠢᠯᠡᠰ ᠤᠨ ᠥᠷᠢᠰᠦᠯᠳᠦᠬᠦ ᠬᠦᠴᠦᠨ᠂ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠬᠦᠴᠦᠨ᠂ | ᠵᠠᠰᠠᠯᠲᠠ ᠶᠢᠨ ᠰᠢᠨ᠎ᠡ ᠶᠢ ᠡᠭᠦᠳᠬᠦ ᠬᠦᠴᠦᠨ ᠪᠣᠯᠭᠠᠨ ᠬᠤᠪᠢᠷᠠᠭᠤᠯᠬᠤ ᠶᠢ ᠰᠠᠨᠠᠭᠠᠴᠢᠯᠠᠭ᠎ᠠ ᠠᠴᠠ ᠪᠠᠨ | ᠪᠣᠳᠣᠯᠬᠢᠯᠠᠵᠤ᠂ ᠰᠠᠶᠢᠬᠠᠨ ᠲᠣᠭᠤᠷᠢᠭ ᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠳᠡᠭᠡᠭᠰᠢᠯᠡᠭᠦᠯᠬᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠠᠰᠤᠷᠠᠯᠲᠠ | ᠦᠭᠡᠢ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠨ᠎ᠡ᠃ | | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |