ᠮᠠᠨ ᠤ ᠣᠷᠣᠨ ᠤ 12 ᠬᠥᠮᠥᠨ 26 ᠨᠢᠭᠡᠴᠢ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠬᠥᠬᠢᠭᠦᠯᠦᠯ ᠢ ᠭᠦᠷᠳᠡᠪᠡ
ᠨᠡᠶᠢᠲᠡᠯᠡᠭᠰᠡᠨ ᠴᠠᠭ᠄
2025/3/5
      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠠᠴᠠ ᠣᠶᠢᠯᠠᠭᠠᠭᠰᠠᠨ ᠢᠶᠠᠷ᠂ 2 ᠰᠠᠷ᠎ᠠ ᠶᠢᠨ 28 ᠤ ᠡᠳᠦᠷ᠂ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠪᠡᠭᠡᠵᠢᠩ ᠳᠤ ︽3·8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠳᠤᠷᠠᠰᠬᠠᠬᠤ ᠵᠢᠴᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠵᠡᠢ᠃ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠠᠴᠠ 10 ᠬᠥᠮᠥᠨ ᠳᠤ ᠪᠦᠭᠦ ᠤᠯᠤᠰ ᠤᠨ︽3·8︾  ᠤ ᠤᠯᠠᠭᠠᠨ ᠲᠤᠭᠴᠢ ᠶᠢᠨ ᠪᠢᠶᠤᠤᠪᠢᠩ ᠤᠨ ᠴᠣᠯᠠ᠂ 596 ᠬᠥᠮᠥᠨ ᠳᠤ ᠪᠦᠭᠦ ᠤᠯᠤᠰ ᠤᠨ ︽3·8︾ ᠶᠢᠨ ᠤᠯᠠᠭᠠᠨ ᠲᠤᠭᠴᠢ ᠶᠢᠨ ᠴᠣᠯᠠ᠂ 395 ᠨᠢᠭᠡᠴᠢ ᠳᠤ ᠪᠦᠭᠦ ᠤᠯᠤᠰ ᠤᠨ ︽3·8︾ ᠶᠢᠨ ᠤᠯᠠᠭᠠᠨ ᠲᠤᠭᠴᠢ ᠶᠢᠨ ᠬᠠᠮᠲᠤ ᠶᠢᠨ ᠴᠣᠯᠠ᠂ 599 ᠨᠢᠭᠡᠴᠢ ᠳᠤ ᠪᠦᠭᠦ ᠤᠯᠤᠰ ᠤᠨ ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ ᠶᠢᠨ ᠴᠣᠯᠠ ᠣᠯᠭᠤᠬᠤ ᠪᠠᠷ ᠲᠣᠭᠲᠠᠪᠠ᠃ ᠡᠭᠦᠨ ᠳᠤ᠂ ᠮᠠᠨ ᠤ ᠣᠷᠣᠨ ᠤ 12 ᠬᠤᠪᠢ ᠬᠥᠮᠥᠨ ᠪᠦᠭᠦ ᠤᠯᠤᠰ ᠤᠨ︽3·8︾ ᠤ ᠤᠯᠠᠭᠠᠨ ᠲᠤᠭᠴᠢ ᠶᠢᠨ ᠢᠷᠠᠭᠤ ᠠᠯᠳᠠᠷ ᠤᠨ ᠴᠣᠯᠠ ᠬᠦᠷᠲᠡᠵᠦ᠂ 10 ᠨᠢᠭᠡᠴᠢ ᠪᠦᠭᠦ ᠤᠯᠤᠰ ᠤᠨ ︽3·8︾ ᠤ ᠤᠯᠠᠭᠠᠨ ᠲᠤᠭᠴᠢ ᠶᠢᠨ ᠬᠠᠮᠲᠤ ᠶᠢᠨ ᠢᠷᠠᠭᠤ ᠠᠯᠳᠠᠷ ᠤᠨ ᠴᠣᠯᠠ ᠬᠦᠷᠲᠡᠵᠦ᠂ 16 ᠨᠢᠭᠡᠴᠢ ᠪᠦᠭᠦ ᠤᠯᠤᠰ ᠤᠨ ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ ᠶᠢᠨ ᠢᠷᠠᠭᠤ ᠠᠯᠳᠠᠷ ᠤᠨ ᠴᠣᠯᠠ ᠭᠦᠷᠳᠡᠪᠡ᠃      ᠲᠣᠰ ᠤᠳᠠᠭᠠᠨ ᠤ ᠬᠥᠬᠢᠭᠦᠯᠦᠯ ᠨᠢ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠥᠯᠢᠭᠡᠷ ᠳᠠᠭᠤᠷᠢᠶᠠᠯ ᠢ ᠪᠤᠶ ᠪᠣᠯᠭᠠᠨ᠂ ᠥᠷᠭᠡᠨ ᠣᠯᠠᠨ ᠡᠮᠡᠭᠲᠡᠶᠢᠴᠦᠳ ᠤᠨ ᠥᠪᠡᠷ ᠢ ᠪᠠᠨ ᠭᠦᠨᠳᠦᠳᠭᠡᠵᠦ ᠥᠪᠡᠷ ᠢ ᠪᠠᠨ ᠢᠲᠡᠭᠡᠬᠦ᠂ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠶᠢ ᠵᠣᠷᠢᠭᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠶᠢ ᠵᠣᠷᠢᠭᠰᠠᠨ ᠪᠠᠶᠢᠨ᠎ᠠ᠃      ᠮᠠᠨ ᠤ ᠣᠷᠣᠨ ᠤ ᠪᠦᠭᠦ ᠤᠯᠤᠰ ᠤᠨ ︽3·8︾ ᠤ ᠤᠯᠠᠭᠠᠨ ᠲᠤᠭᠴᠢ ᠶᠢᠨ ᠢᠷᠠᠭᠤ ᠠᠯᠳᠠᠷ ᠢ ᠭᠥᠷᠳᠡᠭᠰᠡᠨ ᠬᠤᠪᠢ ᠬᠥᠮᠥᠨ ᠪᠣᠯ᠄ ᠭᠦᠭᠡᠬᠤᠲᠠ ᠶᠢᠨ ᠢᠦᠶᠢᠴᠢᠤᠸᠠᠨ ᠲᠣᠭᠤᠷᠢᠭ ᠤᠨ ᠡᠮᠦᠨ᠎ᠡ ᠴᠠᠢ ᠾᠥᠸᠧ ᠱᠢ ᠵᠡᠭᠡᠯᠢ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠠᠨ ᠳ᠋ᠦᠩ ᠮᠧᠶ᠂ ᠭᠦᠭᠡᠬᠤᠲᠠ ᠶᠢᠨ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠤᠨ ᠳᠠᠷᠤᠭ᠎ᠠ ᠸᠠᠩ ᠵᠢᠶᠠ ᠮᠢᠨ᠂ ᠥᠪᠥᠷ ᠮᠣᠩᠭᠤᠯ ᠤᠨ ᠮᠣᠩᠭᠤᠯ ᠡᠮ ᠤᠨ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠶᠡᠷᠦᠩᠬᠡᠢ ᠢᠨᠵᠧᠨᠧᠷ ᠰᠢᠩ ᠵᠢᠶᠧ ᠬᠤᠩ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠳ᠋ᠠ ᠮᠢᠶᠣᠣ ᠪᠠᠯᠭᠠᠰᠤᠨ ᠤ ᠰᠢᠶᠣᠣ ᠮᠢᠶᠣᠣ ᠽᠢ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠱᠦᠵᠢ ᠵᠤᠤ ᠬᠤᠢ ᠵᠢᠶᠧ᠂ ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠦᠢ ᠯᠢ ᠹᠧᠨ᠂ ᠣᠷᠳᠣᠰ ᠬᠤᠲᠠ ᠶᠢᠨ ᠭᠢᠶ᠎ᠠ ᠪᠠᠭᠰᠢ ᠲᠣᠭᠤᠷᠢᠭ ᠤᠨ ᠠᠷᠪᠠᠨ ᠬᠤᠶᠠᠳᠤᠭᠠᠷ ᠬᠡᠦᠬᠡᠳ ᠤᠨ ᠴᠡᠴᠡᠷᠯᠢᠭ ᠤᠨ ᠵᠠᠬᠢᠷᠤᠯ ᠯᠢᠦ ᠵᠢᠶᠧ᠂  ᠥᠪᠡᠷᠲᠡᠭᠡᠨ ᠵᠠᠰᠠᠬᠤ ᠣᠷᠣᠨ ᠤ ᠬᠦᠨᠳᠦ ᠥᠷᠢᠰᠦᠯᠳᠦᠭᠡᠨ ᠤ  ᠪᠡᠶ᠎ᠡ ᠶᠢᠨ ᠲᠠᠮᠢᠷ ᠤᠨ ᠲᠥᠪ ᠤᠨ ᠲᠠᠮᠢᠷᠴᠢᠨ ᠶᠠᠩ ᠯᠢᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠬᠢᠭᠡᠳ ᠲᠠᠷᠢᠶᠠᠯᠠᠩ ᠤᠨ ᠴᠠᠭ ᠠᠭᠤᠷ ᠤᠨ ᠲᠥᠪ ᠤᠨ ᠳᠡᠭᠡᠳᠦ ᠵᠡᠷᠭᠡ ᠶᠢᠨ ᠢᠨᠵᠧᠨᠧᠷ ᠨᠠᠷᠠᠰᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠤᠶᠠᠳᠤᠭᠠᠷ ᠳᠡᠰ ᠤᠨ ᠫᠷᠤᠹᠧᠰᠰᠤᠷ ᠴᠧᠨ ᠰᠠᠷᠠᠨ᠎ᠠ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷᠠᠨᠲ ᠤᠨ ᠵᠢᠯᠣᠭᠤᠳᠤᠭᠴᠢ ᠪᠠᠭᠰᠢ ᠷᠧᠨ ᠬᠠᠢ ᠶᠠᠨ᠂ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠶᠢᠨ ᠳᠠᠭᠤᠤ ᠬᠥᠭᠵᠢᠮ ᠤᠨ ᠳᠡᠭᠡᠳᠦ ᠰᠤᠷᠭᠠᠭᠤᠯᠢ ᠶᠢᠨ ᠬᠤᠶᠠᠳᠤᠭᠠᠷ ᠳᠡᠰ ᠤᠨ ᠫᠷᠤᠹᠧᠰᠰᠤᠷ ᠵᠦ ᠰᠢᠶᠣᠣ ᠵᠢᠤᠸᠠᠨ᠂ ᠥᠪᠥᠷ ᠮᠣᠩᠭᠤᠯ ᠤᠨ ᠢ ᠹᠧᠩ ᠶᠤᠸᠠᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠴᠢᠨ ᠭᠦᠶ ᠶᠠᠨ ᠨᠠᠷ ᠪᠣᠯᠣᠨ᠎ᠠ᠃       ᠮᠠᠨ ᠤ ᠣᠷᠣᠨ ᠤ ᠪᠦᠭᠦ ᠤᠯᠤᠰ ᠤᠨ ︽3·8︾ ᠤ ᠤᠯᠠᠭᠠᠨ ᠲᠤᠭᠴᠢ ᠶᠢᠨ ᠬᠠᠮᠲᠤ ᠶᠢᠨ ᠢᠷᠠᠭᠤ ᠠᠯᠳᠠᠷ ᠢ ᠭᠥᠷᠳᠡᠭᠰᠡᠨ ᠨᠢᠭᠡᠴᠢ ᠪᠣᠯ᠄ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠭᠦᠭᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠲᠠᠲᠠᠪᠤᠷᠢᠯᠠᠬᠤ ᠬᠠᠮᠢᠶᠠᠷᠤᠯᠲᠠ ᠶᠢᠨ ᠲᠠᠰᠤᠭ᠂ ᠪᠤᠭᠤᠲᠤ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ᠂ ᠰᠢᠯᠢ ᠶᠢᠨ ᠭᠤᠣᠯ ᠠᠶᠢᠮᠠᠭ ᠤᠨ ᠡᠮᠡᠭᠲᠡᠶᠢᠴᠦᠳ ᠤᠨ ᠬᠤᠯᠪᠤᠭ᠎ᠠ᠂ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠢᠭᠡᠳᠦᠭᠡᠷ ᠪᠠᠶᠢᠴᠠᠭᠠᠬᠤ ᠬᠡᠯᠲᠡᠰ᠂ ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠤᠨ ᠵᠢᠨᠴᠤᠸᠠᠨ ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠢᠭᠡᠳᠦᠭᠡᠷ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ᠂ ᠠᠯᠠᠱᠠ ᠶᠢᠨ ᠬᠤᠶᠠᠷ ᠬᠤᠳᠳᠤᠭ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠭᠦ ᠲᠣᠭᠤᠷᠢᠭ ᠤᠨ ᠵᠢᠷᠭᠠᠯᠰᠠᠶᠢᠬᠠᠨ ᠪᠠᠯᠭᠠᠰᠤ ᠶᠢᠨ ᠬᠤᠶᠠᠷᠬᠤᠳᠳᠤᠭ ᠨᠡᠶᠢᠭᠡᠮ ᠲᠣᠭᠤᠷᠢᠭ᠂ ᠮᠠᠨᠵᠤᠤᠷ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠡᠮᠡᠭᠲᠡᠶᠢᠴᠦᠳ ᠤᠨ ᠵᠥᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠣᠰᠣ ᠨᠣᠯᠤᠭᠤᠤᠷ ᠤᠨ ᠠᠵᠤ ᠦᠢᠯᠡᠰ ᠤᠨ ᠮᠡᠷᠭᠡᠵᠢᠯ ᠤᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠪᠦᠯᠭᠦᠮ᠂ ᠥᠪᠥᠷ ᠮᠣᠩᠭᠤᠯ ᠤᠨ ᠡᠨᠧᠷᠭᠢ ᠪᠠᠷ ᠴᠠᠭᠢᠯᠭᠠᠨ ᠭᠠᠷᠭᠠᠬᠤ ᠬᠢᠩᠭᠠᠨ ᠢᠯᠴᠢ ᠶᠢᠨ ᠴᠠᠭᠢᠯᠭᠠᠨ ᠤ ᠬᠢᠵᠠᠭᠠᠷᠲᠤ ᠺᠤᠮᠫᠠᠨᠢ ᠶᠢᠨ ᠠᠵᠢᠯᠯᠠᠭᠠᠨ ᠤ ᠬᠡᠯᠲᠡᠰ ᠤᠨ ᠬᠢᠮᠢ ᠶᠢᠨ ᠠᠩᠭᠢ ᠳᠤᠭᠤᠶᠢᠯᠠᠩ ᠪᠣᠯᠣᠨ᠎ᠠ᠃       ᠭᠦᠭᠡᠬᠤᠳᠠ ᠶᠢᠨ ᠰᠠᠶᠢᠬᠠᠨ ᠲᠣᠭᠤᠷᠢᠭ ᠤᠨ ᠵᠤᠤ ᠤᠳᠠ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠲᠠᠷᠳᠠᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠵᠡᠷᠭᠡ 16 ᠨᠢᠭᠡᠴᠢ ᠪᠦᠭᠦ ᠤᠯᠤᠰ ᠤᠨ ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ ᠶᠢᠨ ᠴᠣᠯᠠ ᠭᠦᠷᠳᠡᠪᠡ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号