ᠦᠨᠳᠦᠰᠦᠨ ᠱᠠᠲᠤᠨ ᠤ ᠵᠠᠰᠠᠯᠲᠠ ᠪᠠᠶᠠᠨ ᠵᠡᠭᠡᠯᠢ ᠭᠤᠳᠤᠮᠵᠢ ᠶᠢ ᠵᠠᠰᠠᠵᠤ DeepSeek ᠪᠦᠬᠦ ᠦᠵᠡᠮᠵᠢᠲᠦ ᠬᠡᠷᠡᠭᠯᠡᠭᠡᠨ ᠤ ᠪᠣᠯᠪᠠᠰᠤᠷᠠᠯ ᠤᠨ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2025/3/6
      ᠵᠡᠭᠡᠯᠢ ᠭᠤᠳᠤᠮᠵᠢ ᠶᠢᠨ ᠺᠠᠲᠷ ᠠᠵᠢᠯᠲᠠᠨ ᠠᠵᠢᠯᠴᠢᠨ ᠤ AI ᠲᠠᠨᠢᠨ ᠮᠡᠳᠡᠬᠦ ᠴᠢᠳᠠᠪᠤᠷᠢ ᠪᠠ DeepSeek ᠬᠡᠷᠡᠭᠯᠡᠭᠡᠨ ᠤ ᠤᠷ᠎ᠠ ᠮᠡᠷᠭᠡᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 4 ᠤ ᠡᠳᠦᠷ᠂ ᠰᠠᠶᠢᠬᠠᠨ ᠲᠣᠭᠤᠷᠢᠭ ᠤᠨ ᠪᠠᠶᠠᠨ ᠵᠡᠭᠡᠯᠢ ᠭᠤᠳᠤᠮᠵᠢ ᠪᠡᠭᠡᠵᠢᠩ ᠶᠡᠭᠡ ᠰᠤᠷᠭᠠᠭᠤᠯᠢ ᠶᠢᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢᠨ ᠳ᠋ᠣᠺᠲ᠋ᠣᠷ᠂ ᠰᠢᠨᠵᠢᠯᠡᠬᠦ ᠤᠬᠠᠭᠠᠨ ᠮᠡᠷᠭᠡᠵᠢᠯ ᠤᠨ ᠵᠣᠬᠢᠶᠠᠮᠠᠯ ᠣᠶᠤᠨ ᠴᠢᠳᠠᠪᠤᠷᠢ ᠶᠢᠨ ᠲᠣᠰᠬᠠᠢ ᠮᠡᠷᠭᠡᠵᠢᠯᠲᠡᠨ ᠦ᠋ ᠯᠧ ᠢ ᠶᠢ ᠣᠨᠴᠠ ᠤᠷᠢᠵᠤ᠂ DeepSeek ᠶᠢᠨ ᠪᠦᠬᠦ ᠦᠵᠡᠮᠵᠢ ᠶᠢᠨ ᠬᠡᠷᠡᠭᠯᠡᠭᠡᠨ ᠤ ᠪᠣᠯᠪᠠᠰᠤᠷᠠᠯ ᠤᠨ ᠲᠠᠶᠢᠯᠤᠮᠵᠢ ᠥᠷᠨᠢᠭᠦᠯᠪᠡ᠃ ᠵᠡᠭᠡᠯᠢ ᠭᠤᠳᠤᠮᠵᠢ ᠶᠢᠨ ᠪᠦᠬᠦ ᠺᠠᠳ᠋ᠷ᠂ ᠡᠯ᠎ᠡ ᠲᠣᠰᠬᠤᠨ ᠤ ᠪᠦᠬᠦ ᠺᠠᠳ᠋ᠷ ᠠᠵᠢᠯᠲᠠᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃
图片3.png
      ᠪᠣᠯᠪᠠᠰᠤᠷᠠᠭᠤᠯᠤᠯ ︽ᠦᠨᠳᠦᠰᠦᠨ AI ᠦᠭᠡᠰ ᠤᠨ ᠰᠠᠩ︾ ︽ᠲᠣᠮᠣ ᠬᠡᠯᠡᠨ ᠤ ᠵᠠᠭᠪᠤᠷ︾ ︽DeepSeek ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠭᠰᠡᠨ ᠲᠥᠷᠥᠭᠳᠡᠯ︾ ᠵᠡᠷᠭᠡ ᠲᠠᠯ᠎ᠠ ᠪᠠᠷ AI ᠮᠡᠷᠭᠡᠵᠢᠯ ᠤᠨ ᠦᠨᠳᠦᠰᠦᠯᠡᠯ᠂ ᠬᠥᠭᠵᠢᠯᠲᠡ ᠶᠢᠨ ᠣᠳᠣᠬᠢ ᠪᠠᠶᠢᠳᠠᠯ ᠵᠢᠴᠢ ᠠᠵᠢᠯ ᠲᠥᠷᠥᠯ ᠤᠨ ᠬᠡᠷᠡᠭᠯᠡᠭᠡᠨ ᠤ ᠠᠬᠤᠢ ᠪᠠᠶᠢᠳᠠᠯ ᠢ ᠲᠠᠶᠢᠯᠪᠤᠷᠢᠯᠠᠨ᠎ᠠ᠃ ᠠᠵᠢᠯ ᠤᠨ ᠪᠣᠳᠠᠲᠤ ᠬᠡᠷᠡᠭᠴᠡᠭᠡ ᠱᠠᠭᠠᠷᠳᠠᠯᠭ᠎ᠠ ᠲᠠᠢ ᠬᠡᠷᠬᠢᠨ ᠤᠶᠠᠯᠳᠤᠭᠤᠯᠤᠨ᠂ DeeepSeek ᠵᠣᠬᠢᠶᠠᠮᠠᠯ ᠣᠶᠤᠨ ᠴᠢᠳᠠᠪᠤᠷᠢ ᠶᠢ ᠠᠰᠢᠭᠯᠠᠨ ᠡᠳᠦᠷ ᠲᠤᠲᠤᠮ ᠤᠨ ᠠᠵᠢᠯ ᠪᠠ ᠠᠮᠢᠳᠤᠷᠠᠯ ᠴᠢᠳᠠᠯ ᠣᠯᠭᠤᠵᠤ᠂ DeepSeek ᠢ ᠬᠡᠷᠬᠢᠨ ᠬᠡᠷᠡᠭᠯᠡᠨ ᠣᠶᠤᠨᠴᠢ ᠠᠯᠪᠠᠯᠠᠬᠤ ᠪᠠ ᠦᠨᠳᠦᠰᠦᠨ ᠱᠠᠲᠤᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠤᠬᠠᠢ ᠭᠤᠣᠯᠳᠠᠯᠭ᠎ᠠ ᠲᠠᠢ ᠲᠠᠶᠢᠯᠪᠤᠷᠢᠯᠠᠪᠠ᠃            ᠪᠠᠶᠠᠨᠵᠡᠭᠡᠯᠢ ᠭᠤᠳᠤᠮᠵᠢ ᠶᠢᠨ ᠠᠵᠢᠯᠲᠠᠳ᠂ AI ᠮᠡᠷᠭᠡᠵᠢᠯ ᠪᠣᠯᠣᠨ ᠠᠵᠢᠯ ᠠᠮᠢᠳᠤᠷᠠᠯ ᠤᠨ ᠬᠠᠷᠢᠯᠴᠠᠭ᠎ᠠ ᠤᠯᠠᠮ ᠠᠴᠠ ᠤᠯᠠᠮ ᠨᠢᠭᠲᠠ ᠪᠣᠯᠵᠤ ᠪᠠᠶᠢᠨ᠎ᠠ᠃ DeepSeeek ᠨᠢᠭᠡ ᠵᠦᠢᠯ ᠤᠨ ᠴᠢᠳᠠᠪᠬᠢ ᠪᠠᠷ ᠬᠦᠴᠦᠷᠬᠡᠭ ᠶᠡᠭᠡ᠂ ᠠᠵᠢᠯᠯᠠᠬᠤ ᠳᠥᠭᠦᠮ ᠳᠥᠲᠡ  ᠰᠢᠨ᠎ᠡ ᠶᠢ ᠡᠭᠦᠳᠬᠦ ᠲᠣᠮᠣ ᠵᠠᠭᠪᠤᠷ ᠪᠣᠯᠤᠭᠰᠠᠨ ᠤ ᠬᠤᠪᠢ ᠳᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠵᠡᠭᠡᠯᠢ ᠭᠤᠳᠤᠮᠵᠢ ᠶᠢᠨ ᠺᠠᠲᠷᠴᠤᠳ ᠰᠤᠷᠴᠤ ᠬᠡᠷᠡᠭᠯᠡᠭᠰᠡᠨ ᠪᠣᠳᠠᠲᠤ ᠠᠵᠢᠯ ᠤᠨ ᠳᠤᠮᠳᠠ ᠪᠠᠨ ᠬᠡᠷᠡᠭᠯᠡᠨ᠎ᠡ᠃ ᠨᠢᠭᠡ ᠲᠠᠯ᠎ᠠ ᠪᠠᠷ᠂ DeepSeek ᠦᠨᠳᠦᠰᠦᠨ ᠱᠠᠲᠤᠨ ᠤ ᠠᠵᠢᠯ ᠤᠨ ᠳᠤᠮᠳᠠᠬᠢ ᠰᠢᠨ᠎ᠡ ᠶᠢ ᠡᠭᠦᠳᠦᠨ ᠬᠡᠷᠡᠭᠯᠡᠬᠦ ᠶᠢ ᠢᠳᠡᠪᠬᠢᠲᠡᠢ ᠰᠦᠪᠡᠭᠴᠢᠯᠡᠵᠦ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠦᠨ᠂ ᠮᠡᠳᠡᠭᠡ ᠵᠠᠩᠭᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠥᠭᠦᠭᠡ ᠲᠠᠯ᠎ᠠ ᠪᠠᠷ᠂ ᠵᠣᠬᠢᠶᠠᠮᠠᠯ ᠣᠶᠤᠨᠴᠢ ᠬᠠᠮᠢᠶ᠎ᠠ ᠪᠦᠬᠦᠢ ᠮᠡᠳᠡᠯᠭᠡ ᠶᠢ ᠦᠷᠭᠦᠯᠵᠢᠯᠡᠨ ᠰᠤᠷᠤᠯᠴᠠᠵᠤ᠂ ᠣᠶᠤᠨᠴᠢᠯᠠᠭᠰᠠᠨ ᠠᠷᠭ᠎ᠠ ᠪᠠᠷᠢᠯ ᠢᠶᠠᠷ ᠥᠨᠳᠥᠷ ᠪᠦᠲᠦᠮᠵᠢᠲᠡᠶ ᠪᠠᠷ ᠵᠠᠰᠠᠬᠤ᠂ ᠨᠠᠷᠢᠯᠢᠭ ᠣᠨᠣᠴᠠᠲᠠᠢ ᠪᠠᠷ ᠦᠢᠯᠡᠴᠢᠯᠡᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠳᠤ ᠨᠠᠩ ᠰᠠᠶᠢᠲᠤᠷ ᠦᠢᠯᠡᠴᠢᠯᠡᠨ᠎ᠡ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号