| | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠠᠮ ᠤᠨ ᠬᠤᠷᠢᠳᠤᠭᠠᠷ ᠬᠤᠭᠤᠴᠠᠭᠠᠨ ᠤ ᠶᠡᠭᠡ | ᠬᠤᠷᠠᠯ ᠤᠨ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠲᠣᠭᠠᠴᠢᠯᠠᠭᠰᠠᠨ ᠳᠤᠮᠳᠠᠳᠤ ᠤᠯᠤᠰ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠤᠬᠠᠢ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ | ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ | ᠬᠤᠷᠠᠯᠳᠤᠭᠠᠨ ᠤ ᠪᠥᠬᠦ ᠠᠵᠢᠯ ᠲᠥᠷᠥᠯ ᠤᠨ ᠬᠦᠴᠦᠨ ᠢᠶᠠᠷ ︽ᠲᠣᠭᠠᠴᠢᠯᠠᠭᠰᠠᠨ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ︾ ᠶᠢᠨ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠲᠣᠭᠠᠴᠢᠯᠠᠭᠰᠠᠨ ᠪᠦᠲᠦᠭᠡᠨ | ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠢ ᠵᠢᠯᠣᠭᠤᠳᠤᠨ ᠣᠷᠣᠨ ᠨᠤᠲᠤᠭ ᠤᠨ ᠪᠣᠳᠠᠲᠤ | ᠪᠠᠶᠢᠳᠠᠯ ᠬᠢᠭᠡᠳ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠵᠠᠰᠠᠯᠲᠠ ᠶᠢᠨ ᠣᠨᠴᠠᠯᠢᠭ ᠲᠤ ᠰᠠᠭᠤᠷᠢᠯᠠᠨ᠂ ︽ | ᠥᠪᠡᠷᠲᠡᠭᠡᠨ ᠵᠠᠰᠠᠬᠤ ᠣᠷᠣᠨ - ᠠᠶᠢᠮᠠᠭ ᠬᠤᠲᠠ - ᠬᠤᠰᠢᠭᠤ ᠰᠢᠶᠠᠨ︾ ᠭᠤᠷᠪᠠᠨ ᠱᠠᠲᠤᠨ ᠤ ᠲᠣᠭᠠᠴᠢᠯᠠᠭᠰᠠᠨ | ᠬᠢᠨᠠᠨ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠯᠳᠦᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ︽3+N︾ | ᠤᠨ ᠶᠡᠷᠦᠩᠬᠡᠢ ᠪᠣᠷᠣ ᠲᠥᠯᠥᠪ ᠤᠨ ᠲᠣᠭᠤᠷᠢᠨ ᠳᠤ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠰᠢᠰᠲ᠋ᠧᠮ ᠤᠨ ᠡᠮᠬᠢᠯᠡᠨ ᠨᠡᠶᠢᠯᠡᠭᠦᠯᠬᠦ ᠲᠠᠪᠴᠠᠩ ᠢ ᠪᠠᠶᠢᠭᠤᠯᠤᠨ᠎ᠠ᠃ | | | ᠠᠵᠢᠯ ᠲᠥᠷᠥᠯ ᠤᠨ ᠲᠣᠭᠠᠴᠢᠯᠠᠭᠰᠠᠨ ᠬᠥᠭᠵᠢᠯᠲᠡ ᠶᠢ ᠠᠬᠢᠭᠤᠯᠬᠤ ᠶᠠᠪᠤᠴᠠ ᠳᠤ᠂ ᠥᠪᠥᠷ ᠮᠣᠩᠭᠤᠯ | ᠲᠣᠭᠠᠴᠢᠯᠠᠭᠰᠠᠨ ᠵᠠᠰᠠᠭ ᠤᠨ ᠶᠠᠪᠤᠳᠠᠯ᠂ ᠲᠣᠭᠠᠴᠢᠯᠠᠭᠰᠠᠨ ᠭᠡᠷ ᠪᠠᠶᠢᠰᠢᠩ ᠭᠠᠵᠠᠷ ᠬᠥᠷᠥᠩᠭᠡ᠂ ᠲᠣᠭᠠᠴᠢᠯᠠᠭᠰᠠᠨ | ᠬᠤᠲᠠ᠂ ᠲᠣᠭᠠᠴᠢᠯᠠᠭᠰᠠᠨ ᠢᠨᠵᠧᠨᠧᠷᠢᠩ ᠵᠡᠷᠭᠡ ᠲᠠᠯ᠎ᠠ ᠪᠠᠷ ᠬᠦᠴᠦᠯᠡᠵᠦ᠂ ︽ᠢᠨᠲ᠋ᠧᠷ ᠰᠦᠯᠵᠢᠶ᠎ᠡ + ᠵᠠᠰᠠᠭ ᠤᠨ | ᠶᠠᠪᠤᠳᠠᠯ ᠤᠨ ᠦᠢᠯᠡᠴᠢᠯᠡᠭᠡ︾ ᠶᠢ ᠲᠦᠯᠬᠢᠨ ᠠᠬᠢᠭᠤᠯᠵᠤ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠢᠨᠠᠨ | ᠵᠥᠪᠰᠢᠶᠡᠷᠡᠯ ᠤᠨ ᠴᠢᠳᠠᠮᠵᠢ ᠶᠢ ᠡᠮᠬᠢᠯᠡᠨ ᠨᠡᠶᠢᠯᠡᠭᠦᠯᠵᠦ ᠣᠶᠤᠨᠲᠤ ᠬᠢᠨᠠᠨ ᠵᠥᠪᠰᠢᠶᠡᠷᠡᠯ ᠤᠨ ᠲᠠᠪᠴᠠᠩ ᠪᠣᠯᠭᠠᠨ | ᠪᠠᠶᠢᠭᠤᠯᠵᠤ᠂ ᠪᠦᠷᠢᠨ ᠴᠢᠳᠠᠮᠵᠢ ᠲᠠᠢ ᠲᠣᠭᠠᠴᠢᠯᠠᠭᠰᠠᠨ ᠵᠠᠰᠠᠭ ᠤᠨ ᠶᠠᠪᠤᠳᠠᠯ ᠢ ᠬᠠᠮᠤᠷᠪᠠ᠃ ᠭᠡᠷ ᠪᠠᠶᠢᠰᠢᠩ ᠤᠨ ᠪᠥᠬᠦ | ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ | ᠲᠣᠬᠢᠷᠠᠭᠤᠯᠤᠯᠲᠠ ᠬᠠᠮᠢᠶᠠᠷᠤᠯᠲᠠ ᠶᠢᠨ ᠵᠠᠭᠪᠤᠷ ᠢ ᠬᠡᠷᠡᠭᠯᠡᠨ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶ᠎ᠠ ᠶᠢᠨ | ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠠᠵᠢᠯ ᠤᠨ ᠦᠷ᠎ᠡ ᠪᠦᠲᠦᠮᠵᠢ ᠂ | ᠬᠠᠮᠢᠶᠠᠷᠤᠯᠲᠠ ᠶᠢᠨ ᠬᠢᠷᠢ ᠲᠦᠪᠰᠢᠨ ᠪᠠ ᠣᠯᠠᠨ ᠨᠡᠶᠢᠲᠡ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ | ᠲᠣᠭᠠᠴᠢᠯᠠᠭᠰᠠᠨ ᠭᠡᠷ ᠪᠠᠶᠢᠰᠢᠩ ᠭᠠᠵᠠᠷ ᠬᠥᠷᠥᠩᠭᠡ ᠶᠢ ᠪᠠᠶᠢᠭᠤᠯᠤᠨ᠎ᠠ᠃ ᠬᠤᠲᠠ ᠶᠢᠨ ᠠᠵᠢᠯᠯᠠᠭᠠᠨ ᠤ | ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠪᠦᠬᠦᠯᠢ ᠴᠣᠭᠴᠠ ᠶᠢᠨ ᠪᠣᠷᠣ ᠲᠥᠯᠥᠪ ᠤᠨ ᠰᠠᠭᠤᠷᠢᠨ | ᠳᠡᠭᠡᠷ᠎ᠡ᠂ ᠭᠤᠷᠪᠠᠨ ᠱᠠᠲᠤᠨ ᠤ ︽ᠲᠤᠯᠠᠭᠠᠯᠭ᠎ᠠ ᠶᠢᠨ ᠢᠨᠵᠧᠨᠧᠷᠢᠩ︾ ᠤᠨ ᠰᠠᠭᠤᠭᠠᠯᠢ ᠠᠷᠠᠳ ᠤᠨ ᠭᠡᠷ ᠤᠨ | ᠳᠤᠯᠠᠭᠠᠨ ᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠵᠤ᠂ ᠭᠡᠷ ᠤᠨ ᠳᠤᠯᠠᠭᠠᠨ ᠤ ᠬᠢᠨᠠᠨ ᠬᠡᠮᠵᠢᠯᠲᠡ ᠶᠢ ᠨᠡᠶᠢᠳᠡᠮ | ᠪᠦᠷᠬᠦᠭᠦᠯᠦᠭᠰᠡᠨ ᠲᠣᠭᠠᠴᠢᠯᠠᠭᠰᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠬᠥᠬᠡᠬᠤᠲᠠ ᠶᠢᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠣᠶᠤᠨᠴᠢ ᠰᠡᠷᠡᠯ ᠤᠨ | ᠲᠥᠬᠦᠭᠡᠷᠦᠮᠵᠢ ᠳᠤ ᠲᠦᠰᠢᠭᠯᠡᠨ᠂ ᠡᠭᠦᠯᠡ ᠪᠣᠳᠠᠰ ᠬᠠᠷᠢᠯᠴᠠᠨ ᠬᠤᠯᠪᠣᠯᠳᠤᠭᠰᠠᠨ ᠲᠣᠭᠠᠴᠢᠯᠠᠭᠰᠠᠨ ᠪᠠᠷᠢᠯᠭ᠎ᠠ ᠶᠢᠨ | ᠭᠠᠵᠠᠷ ᠢ ᠪᠠᠶᠢᠭᠤᠯᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠥᠬᠦ ᠴᠠᠷᠠᠭ᠎ᠠ ᠪᠠᠷ | ᠬᠠᠮᠢᠶᠠᠷᠤᠨ ᠡᠵᠡᠮᠳᠡᠬᠦ ᠲᠣᠭᠠᠴᠢᠯᠠᠭᠰᠠᠨ ᠢᠨᠵᠧᠨᠧᠷᠢᠩ ᠵᠡᠷᠭᠡ ᠶᠢᠨ ᠠᠬᠢᠴᠠ ᠪᠠ ᠦᠷ᠎ᠡ ᠪᠦᠲᠦᠮᠵᠢ ᠶᠢ | ᠪᠡᠶᠡᠯᠡᠭᠦᠯᠦᠨ᠎ᠡ᠃ ᠳᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠪᠦᠬᠦ ᠤᠯᠤᠰ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ 2024 ᠣᠨ ᠤ ᠠᠵᠢᠯ ᠢ ᠰᠢᠰᠲ᠋ᠧᠮ ᠲᠠᠢ ᠳ᠋ᠦᠩᠨᠡᠵᠦ᠂ ᠣᠷᠣᠨ ᠪᠦᠰᠡ ᠶᠢᠨ | ᠪᠣᠳᠠᠲᠠᠢ ᠲᠠᠢ ᠤᠶᠠᠯᠳᠤᠭᠤᠯᠤᠨ᠂ ᠲᠣᠭᠠᠴᠢᠯᠠᠭᠰᠠᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠠᠵᠢᠯ ᠤᠨ ᠡᠭᠦᠷᠭᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠲᠦᠷᠭᠡᠳᠬᠡᠨ ᠠᠬᠢᠭᠤᠯᠬᠤ ᠲᠤᠬᠠᠢ | ᠪᠠᠶᠢᠷᠢᠯᠠᠭᠤᠯᠵᠤ᠂ ︽ ᠲᠣᠭᠠᠴᠢᠯᠠᠭᠰᠠᠨ ᠣᠷᠣᠨ ᠰᠠᠭᠤᠴᠠ︾ ᠶᠢᠨ ᠪᠦᠲᠦᠭᠡᠨ ᠪᠠᠶᠢᠭᠤᠯᠤᠯᠲᠠ ᠶᠢᠨ ᠪᠦᠬᠦᠯᠢ | ᠴᠣᠭᠴᠠᠲᠤ ᠴᠢᠨᠠᠷ᠂ ᠰᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠲᠣᠭᠠᠴᠢᠯᠠᠭᠰᠠᠨ | ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠢᠯ ᠤᠨ ᠴᠢᠨᠠᠷ ᠴᠢᠨᠰᠠᠭ᠎ᠠ | ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠣᠭᠠᠴᠢᠯᠠᠭᠰᠠᠨ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠢᠶᠠᠷ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠨ᠎ᠠ᠃ | | | | | | | ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ |