ᠰᠠᠶᠢᠬᠠᠨ ᠲᠣᠭᠤᠷᠢᠭ ᠠᠭᠠᠷ ᠤᠨ ᠠᠵᠤ ᠠᠬᠤᠢ ᠶᠢᠨ ᠬᠡᠷᠡᠭᠯᠡᠭᠡᠨ ᠤ ᠲᠠᠯᠠᠪᠤᠷ ᠢ ᠨᠡᠭᠡᠭᠡᠨ ᠠᠰᠢᠭᠯᠠᠬᠤ ᠵᠠᠰᠠᠭ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/7
      ᠳᠣᠣᠷ᠎ᠠ ᠠᠭᠠᠷ ᠤᠨ ᠠᠵᠤ ᠠᠬᠤᠢ ᠶᠢᠨ ᠠᠵᠤ ᠦᠢᠯᠡᠰ  ᠤᠨ ᠬᠡᠯᠬᠢᠶ᠎ᠡ ᠶᠢᠨ ᠳᠡᠭᠡᠳᠦ ᠳᠣᠣᠷᠠᠳᠤ ᠣᠷᠣᠰᠬᠠᠯ ᠤᠨ ᠬᠠᠮᠵᠢᠯᠴᠠᠭ᠎ᠠ ᠶᠢ ᠠᠬᠢᠭᠤᠯᠵᠤ᠂ ᠠᠵᠤ ᠦᠢᠯᠡᠰ ᠤᠨ ᠠᠮᠢ ᠠᠬᠤᠢ ᠶᠢ ᠰᠢᠯᠢᠳᠡᠭᠵᠢᠭᠦᠯᠦᠨ᠂ ᠬᠡᠷᠡᠭᠯᠡᠭᠡᠨ ᠤ ᠪᠠᠶᠢᠳᠠᠯ ᠢ ᠥᠷᠭᠡᠳᠬᠡᠬᠦ ᠶᠢᠨ ᠲᠥᠯᠥᠭᠡ᠂ 3 ᠰᠠᠷ᠎ᠠ ᠶᠢᠨ 6 ᠤ ᠡᠳᠦᠷ᠂ ᠰᠠᠶᠢᠬᠠᠨ ᠲᠣᠭᠤᠷᠢᠭ ᠥᠪᠥᠷ ᠮᠣᠩᠭᠤᠯ ᠤᠨ ᠳᠣᠬᠢᠭᠤᠷ ᠳᠣᠯᠣᠭᠠᠨ ᠣᠳᠣ ᠶᠢᠨ ᠬᠡᠷᠡᠭᠯᠡᠭᠡᠨ ᠤ ᠠᠵᠤ ᠦᠢᠯᠡᠰ  ᠤᠨ ᠬᠦᠷᠢᠶᠡᠯᠡᠩ ᠳᠤ ᠳᠣᠣᠷ᠎ᠠ ᠠᠭᠠᠷ ᠤᠨ ᠠᠵᠤ ᠠᠬᠤᠢ ᠶᠢᠨ ᠬᠡᠷᠡᠭᠯᠡᠭᠡᠨ ᠤ ᠪᠠᠶᠢᠳᠠᠯ ᠢ ᠨᠡᠭᠡᠭᠡᠨ ᠬᠥᠭᠵᠢᠭᠦᠯᠬᠦ ᠵᠠᠰᠠᠭ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠥᠷᠨᠢᠭᠦᠯᠵᠦ᠂ ᠠᠭᠠᠷ ᠤᠨ ᠠᠵᠤ ᠠᠬᠤᠢ ᠶᠢᠨ 6 ᠠᠵᠤ ᠠᠬᠤᠶᠢᠯᠠᠯ ᠪᠣᠯᠣᠨ ᠵᠠᠰᠠᠭ ᠤᠨ ᠣᠷᠳᠣᠨ ᠤ 11 ᠰᠠᠯᠠᠭ᠎ᠠ ᠮᠥᠴᠢᠷ ᠨᠢᠭᠡᠴᠡ ᠲᠠᠢ ᠭᠦᠨᠵᠡᠭᠡᠢ ᠰᠣᠯᠢᠯᠴᠠᠭ᠎ᠠ ᠬᠢᠵᠦ᠂ ᠳᠣᠣᠷ᠎ᠠ ᠠᠭᠠᠷ ᠤᠨ ᠠᠵᠤ ᠠᠬᠤᠢ ᠶᠢᠨ  ᠰᠢᠨ᠎ᠡ ᠬᠡᠷᠡᠭᠯᠡᠭᠡ ᠶᠢ ᠬᠠᠮᠲᠤ ᠪᠠᠷ ᠰᠤᠳᠤᠯᠤᠨ ᠶᠠᠷᠢᠯᠴᠠᠪᠠ᠃
图片1.png
      ᠵᠣᠯᠭᠠᠭᠤᠯᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠭᠤᠷ ᠠᠮᠢᠰᠬᠤᠯ ᠬᠦᠷ ᠬᠥᠭᠵᠢᠶᠡᠨ ᠲᠠᠢ᠃ ᠪᠤᠤ ᠱᠧᠩ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ᠂ ᠵᠥᠩ ᠢ ᠵᠠᠮᠴᠢᠯᠠᠵᠤ᠂ ᠵᠢᠢ ᠬᠠᠩ ᠰᠢᠨᠵᠢᠯᠡᠬᠦ ᠤᠬᠠᠭᠠᠨ ᠮᠡᠷᠭᠡᠵᠢᠯ᠂ ᠵᠥᠭᠡᠢ ᠶᠢᠨ ᠡᠭᠦᠷ ᠠᠭᠠᠷ ᠤᠨ ᠠᠶᠠᠯᠠᠯ ᠣᠷᠴᠢᠯᠠᠩ᠂ ᠾᠧᠩ ᠢᠦᠢ ᠠᠭᠠᠷ ᠤᠨ ᠠᠶᠠᠯᠠᠯ ᠤᠨ ᠲᠣᠨᠣᠭᠯᠠᠯ ᠵᠡᠷᠭᠡ ᠠᠵᠤ ᠠᠬᠤᠶᠢᠯᠠᠯ ᠤᠨ ᠲᠥᠯᠥᠭᠡᠯᠡᠭᠴᠢᠳ ᠬᠠᠮᠤᠭ ᠰᠢᠨ᠎ᠡ ᠮᠡᠷᠭᠡᠵᠢᠯ ᠢᠶᠠᠨ ᠳᠡᠯᠭᠡᠨ ᠦᠵᠡᠭᠦᠯᠵᠦ᠂ ᠰᠠᠶᠢᠬᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠮ ᠬᠠᠷᠢᠯᠴᠠᠭ᠎ᠠ ᠤᠰᠤᠨ ᠤ ᠶᠠᠪᠤᠳᠠᠯ ᠤᠨ ᠲᠣᠪᠴᠢᠶ᠎ᠠ᠂ ᠤᠯᠤᠰ ᠲᠥᠷᠥ ᠶᠢᠨ ᠲᠤᠭ᠎ᠠ ᠪᠠᠷᠢᠮᠲᠠ ᠶᠢᠨ ᠲᠣᠪᠴᠢᠶ᠎ᠠ᠂ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠵᠠᠰᠠᠭ ᠤᠨ ᠣᠷᠳᠣᠨ ᠤ ᠰᠠᠯᠠᠭ᠎ᠠ ᠮᠥᠴᠢᠷ ᠢᠳᠡᠪᠬᠢᠲᠡᠢ ᠠᠰᠠᠭᠤᠯᠲᠠ ᠠᠰᠠᠭᠤᠵᠤ᠂ ︽ᠦᠵᠡᠯ ᠰᠠᠨᠠᠭᠠᠨ ᠤ ᠮᠥᠷᠭᠦᠯᠳᠦᠭᠡᠨ︾ ᠬᠢᠭᠡᠳ ︽ᠬᠡᠷᠡᠭᠴᠡᠭᠡ ᠱᠠᠭᠠᠷᠳᠠᠯᠭ᠎ᠠ ᠲᠠᠢ ᠭᠠᠷ ᠠᠳᠬᠤᠬᠤ︾ ᠰᠣᠯᠢᠯᠴᠠᠭᠠᠨ ᠤ ᠦᠪᠡᠳᠡᠭᠰᠢ ᠶᠡᠭᠡ ᠳᠠᠶᠢᠯᠠᠯᠭ᠎ᠠ ᠶᠢ ᠥᠷᠨᠢᠭᠦᠯᠪᠡ᠃ ᠬᠤᠶᠠᠷ ᠲᠠᠯ᠎ᠠ ᠪᠠᠷ ᠢᠶᠠᠨ ᠮᠡᠷᠭᠡᠵᠢᠯ ᠤᠨ ᠨᠠᠷᠢᠨ ᠵᠦᠢᠯᠡᠰ᠂ ᠬᠠᠮᠲᠤᠷᠠᠯᠴᠠᠭᠠᠨ ᠤ ᠵᠠᠭᠪᠤᠷ ᠵᠢᠴᠢ ᠢᠷᠡᠭᠡᠳᠦᠢ ᠶᠢᠨ ᠲᠥᠯᠦᠪᠵᠢᠭᠦᠯᠭᠡ ᠶᠢᠨ ᠲᠤᠬᠠᠢ ᠬᠠᠮᠲᠤᠷᠠᠯᠴᠠᠭᠠᠨ ᠤ ᠨᠡᠶᠢᠯᠡᠯᠲᠡ ᠶᠢᠨ ᠴᠡᠭ ᠢ ᠬᠠᠶᠢᠨ ᠰᠦᠪᠡᠭᠴᠢᠯᠡᠵᠦ᠂ ᠳᠠᠯᠳᠠ ᠠᠷᠠᠯᠵᠢᠶᠠᠨ ᠤ ᠲᠣᠬᠢᠶᠠᠯ ᠢ ᠠᠭᠤᠳᠠᠯᠯᠠᠨ᠂ ᠰᠠᠶᠢᠬᠠᠨ ᠲᠣᠭᠤᠷᠢᠭ ᠤᠨ ︽ᠠᠭᠠᠷ ᠤᠨ ᠵᠢᠷᠤᠭ ᠲᠥᠯᠥᠪᠯᠡᠭᠡ︾ ᠶᠢ ᠬᠠᠮᠲᠤᠪᠠᠷ ᠵᠢᠷᠤᠭᠯᠠᠪᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠬᠤᠶᠠᠷ ᠲᠠᠯ᠎ᠠ ᠪᠠᠷ ᠢᠶᠠᠨ ᠳᠣᠬᠢᠭᠤᠷ ᠲᠤᠯᠤᠭᠠᠨ ᠤᠳᠤ ᠬᠡᠷᠡᠭᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠳᠣᠲᠣᠷᠠᠬᠢ ᠵᠢᠯᠣᠭᠤᠴᠢ ᠦᠭᠡᠢ ᠨᠢᠰᠬᠡᠯ ᠤᠨ ᠦᠵᠡᠭᠦᠯᠭᠡ ᠶᠢᠨ ᠲᠣᠭᠤᠷᠢᠭ ᠢ ᠲᠣᠭᠤᠷᠢᠨ ᠦᠵᠡᠪᠡ᠃
图片2.png
图片3.png   
      ᠨᠠᠮ ᠨᠢᠰᠦᠯᠲᠡ ᠶᠢᠨ ᠠᠵᠤ ᠠᠬᠤᠢ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠪᠣᠯᠤᠭᠰᠠᠨ ᠤ ᠬᠤᠪᠢ ᠳᠤ᠂ ᠥᠷᠨᠢᠩᠭᠦᠢ ᠬᠥᠭᠵᠢᠯᠲᠡ ᠶᠢᠨ ᠬᠠᠨᠳᠤᠰᠢ ᠶᠢ ᠢᠯᠡᠷᠡᠭᠦᠯᠵᠦ᠂ ᠣᠷᠣᠨ ᠪᠦᠰᠡ ᠶᠢᠨ ᠠᠵᠤ ᠠᠬᠤᠢ ᠶᠢᠨ ᠨᠡᠮᠡᠭᠳᠡᠯ᠂ ᠠᠵᠤ ᠦᠢᠯᠡᠰ ᠤᠨ ᠲᠡᠰ ᠳᠡᠪᠰᠢᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠪᠠᠶᠢᠨ᠎ᠠ᠃ ᠰᠠᠶᠢᠬᠠᠨ ᠲᠣᠭᠤᠷᠢᠭ ᠢᠮᠠᠭᠲᠠ ᠴᠠᠭ ᠦᠶ᠎ᠡ ᠶᠢᠨ ᠠᠯᠬᠤᠭ᠎ᠠ ᠶᠢ ᠲᠠᠭᠠᠵᠤ᠂ ᠬᠤᠶᠠᠷ ᠶᠡᠭᠡ ᠠᠵᠤ ᠠᠬᠤᠢ ᠶᠢᠨ ᠬᠦᠷᠢᠶᠡᠯᠡᠩ ᠲᠣᠭᠤᠷᠢᠭ ᠲᠤ ᠲᠦᠰᠢᠭᠯᠡᠨ᠂ ᠪᠦᠬᠦ ᠲᠣᠭᠤᠷᠢᠭ ᠤᠨ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢᠨ ᠠᠵᠢᠯ ᠤᠨ ᠪᠠᠶᠢᠷᠢᠯᠠᠭᠤᠯᠤᠯᠲᠠ ᠶᠢ ᠢᠳᠡᠪᠬᠢᠲᠡᠢ ᠲᠤᠤᠱᠯᠠᠭᠤᠯᠵᠤ᠂ ᠰᠠᠨᠰᠠᠷ ᠤᠨ ᠠᠶᠠᠯᠠᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠳᠣᠣᠷ᠎ᠠ ᠠᠭᠠᠷ ᠤᠨ ᠠᠵᠤ ᠠᠬᠤᠢ ᠶᠢᠨ ᠠᠵᠤ ᠠᠬᠤᠶᠢᠯᠠᠯ ᠪᠣᠯᠣᠨ ᠲᠤᠰ ᠭᠠᠵᠠᠷ ᠤᠨ ᠬᠡᠷᠡᠭᠯᠡᠭᠡᠨ ᠤ ᠲᠠᠯᠠᠪᠤᠷ ᠤᠨ ᠬᠡᠷᠡᠭᠴᠡᠭᠡ ᠳᠤ ᠤᠨᠢᠨ ᠳᠡᠭᠡᠷ᠎ᠡ ᠨᠢ ᠵᠣᠯᠭᠠᠭᠤᠯᠬᠤ ᠲᠠᠪᠴᠠᠩ ᠪᠠᠶᠢᠭᠤᠯᠬᠤ ᠪᠠᠷ ᠴᠢᠷᠮᠠᠶᠢᠵᠤ᠂ ᠠᠵᠤ ᠠᠬᠤᠶᠢᠯᠠᠯ ᠤᠨ ᠬᠥᠭᠵᠢᠨ ᠮᠠᠨᠳᠤᠬᠤ ᠳᠤ ᠬᠦᠴᠦᠨ ᠨᠡᠮᠡᠷᠢᠯᠡᠵᠦ᠂ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠥᠨᠳᠥᠷ ᠲᠦᠪᠰᠢᠨ ᠳᠤ ᠬᠦᠷᠬᠦ ᠶᠢ ᠠᠬᠢᠭᠤᠯᠪᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠠᠭᠠᠷ ᠤᠨ ᠠᠵᠤ ᠠᠬᠤᠢ ᠶᠢᠨ ᠬᠦᠷᠢᠶᠡᠨ ᠳᠠᠬᠢ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠵᠢᠯᠣᠭᠤᠴᠢ ᠦᠭᠡᠢ ᠨᠢᠰᠬᠡᠯ ᠤᠨ ᠮᠡᠷᠭᠡᠵᠢᠯ ᠤᠨ ᠪᠠᠷᠠᠭᠠᠨ ᠤ ᠭᠦᠢᠯᠭᠡᠭᠡ᠂ ᠵᠢᠭᠤᠯᠴᠢᠯᠠᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠬᠦᠷᠢᠶᠡᠨ ᠳᠠᠬᠢ ᠬᠡᠷᠡᠭᠯᠡᠯᠲᠡ ᠶᠢ ᠠᠬᠢᠭᠤᠯᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠵᠠᠭᠪᠤᠷ ᠤᠨ ᠰᠢᠨ᠎ᠡ ᠶᠢ ᠡᠭᠦᠳᠬᠦ ᠪᠠᠷ ᠳᠠᠮᠵᠢᠭᠤᠯᠵᠤ᠂ ᠳᠣᠣᠷ᠎ᠠ ᠠᠭᠠᠷ ᠤᠨ ᠠᠵᠤ ᠠᠬᠤᠢ ᠶᠢᠨ ᠤᠨᠢᠨ ᠳᠡᠭᠡᠷ᠎ᠡ ᠨᠢ ᠵᠣᠯᠭᠠᠭᠤᠯᠬᠤ ᠪᠠ ᠥᠨᠳᠥᠷ ᠪᠦᠲᠦᠮᠵᠢᠲᠡᠢ ᠦᠢᠯᠡᠴᠢᠯᠡᠬᠦ ᠶᠢ ᠪᠡᠶᠡᠯᠡᠭᠦᠯᠵᠦ᠂ ᠳᠣᠣᠷ᠎ᠠ ᠠᠭᠠᠷ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠪᠤᠢ ᠪᠣᠯᠭᠠᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号